ᠬᠦᠬᠡᠬᠤᠲᠠ ᠦᠢᠯᠡᠰ ᠪᠤᠰᠬᠠᠬᠤ ᠪᠠᠲᠤᠯᠠᠭᠠᠲᠤ ᠵᠢᠬᠡᠯᠡᠯᠬᠡ ᠶᠢᠨ ᠰᠢᠨ᠎ᠡ ᠲᠦᠷᠦ ᠶᠢᠨ ᠪᠣᠳᠣᠯᠭ᠎ᠠ ᠲᠤᠭᠲᠠᠭᠠᠵᠤ 5 ᠲᠦᠷᠤᠯ ᠤᠨ ᠬᠦᠮᠤᠰ ᠢ ᠲᠠᠮᠵᠢᠯᠬᠡ ᠦᠵᠡᠬᠦᠯᠬᠦ ᠬᠦᠷᠢᠶ᠎ᠡ ᠬᠡᠪᠴᠢᠶᠠᠨ ᠳᠤ ᠣᠷᠣᠭᠤᠯᠪᠠ
ᠨᠡᠶᠢᠲᠡᠯᠡᠭᠰᠡᠨ ᠴᠠᠭ᠄
2020-07-07
      ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠪᠤᠤ ᠢᠤᠢ ᠶᠢᠩ︶ ᠠᠵᠢᠯ ᠣᠯᠭᠤᠵᠤ ᠦᠢᠯᠡᠰ ᠪᠤᠰᠬᠠᠬᠤ ᠶᠢ ᠲᠠᠮᠵᠢᠨ᠂ ᠪᠠᠭ᠎ᠠ ᠵᠢᠵᠢᠭ ᠠᠵᠤ ᠠᠬᠤᠶᠢᠯᠠᠯ ᠪᠠ ᠭᠤᠣᠯᠳᠠᠯᠭ᠎ᠠ ᠲᠠᠢ ᠬᠦᠮᠤᠰ ᠤᠨ ᠬᠦᠴᠢᠷ ᠢ ᠲᠤᠭᠤᠯᠬᠤ ᠳᠤ ᠲᠠᠮᠵᠢᠯᠬᠡ ᠦᠵᠡᠬᠦᠯᠬᠦ ᠶᠢᠨ ᠲᠦᠯᠤᠬᠡ᠂ ᠲᠦᠷᠦᠬᠦᠬᠡᠨ ᠲᠤᠭᠲᠠᠭᠠᠭᠰᠠᠨ ︽ᠬᠦᠬᠡᠬᠤᠲᠠ ᠶᠢᠨ ᠦᠢᠯᠡᠰ ᠪᠤᠰᠬᠠᠬᠤ ᠪᠠᠲᠤᠯᠠᠭᠠᠲᠤ ᠵᠢᠬᠡᠯᠡᠯᠬᠡ ᠶᠢᠨ ᠠᠵᠢᠯ ᠬᠦᠢᠴᠡᠳᠬᠡᠬᠦ ᠵᠦᠭᠯᠡᠬᠦᠷ︾ ᠲᠤ ᠲᠠᠮᠵᠢᠯᠬᠡ ᠦᠵᠡᠬᠦᠯᠬᠦ ᠬᠦᠷᠢᠶ᠎ᠡ ᠬᠡᠪᠴᠢᠶ᠎ᠡ ᠪᠠᠨ  ᠦᠷᠬᠡᠳᠬᠡᠵᠤ᠂ ᠬᠢᠵᠢᠭ ᠤᠨ ᠨᠦᠯᠤᠬᠡ ᠬᠠᠷᠢᠴᠠᠩᠭᠤᠢ ᠶᠡᠭᠡ᠂ ᠲᠦᠷ ᠴᠠᠭ ᠣᠷᠣᠯᠭ᠎ᠠ ᠶᠢᠨ ᠢᠷᠠᠯᠲᠠ ᠪᠠᠨ ᠠᠯᠲᠠᠭᠰᠠᠨ ᠬᠤᠪᠢ ᠶᠢᠨ ᠦᠢᠯᠡᠳᠪᠤᠷᠢ ᠬᠤᠲᠠᠯᠲᠤᠭᠠᠨ ᠤ ᠡᠷᠤᠬᠡ ᠵᠡᠷᠬᠡ 5 ᠲᠥᠷᠥᠯ ᠤᠨ ᠬᠥᠮᠥᠰ ᠰᠢᠨ᠎ᠡ ᠲᠥᠷᠥ ᠶᠢᠨ ᠪᠣᠳᠣᠯᠭ᠎ᠠ ᠠᠴᠠ ᠠᠰᠢᠭ ᠬᠦᠷᠲᠡᠬᠦ ᠪᠣᠯᠣᠨ᠎ᠠ᠃      ᠦᠢᠯᠡᠰ ᠪᠤᠰᠬᠠᠬᠤ ᠪᠠᠲᠤᠯᠠᠭᠠᠲᠤ ᠵᠢᠬᠡᠯᠡᠯᠬᠡ ᠭᠤᠶᠤᠴᠢᠯᠠᠬᠤ ᠬᠦᠮᠤᠰ ᠤᠨ ᠬᠦᠷᠢᠶ᠎ᠡ ᠬᠡᠪᠴᠢᠶ᠎ᠡ ᠳᠤ᠂ ᠬᠤᠲᠠ ᠪᠠᠯᠭᠠᠰᠤᠨ ᠤ ᠲᠠᠩᠰᠠᠯᠠᠭᠤᠯᠤᠭᠰᠠᠨ ᠠᠵᠢᠯ ᠠᠯᠲᠠᠭᠰᠠᠨ ᠬᠦᠮᠤᠰ᠂ ᠠᠵᠢᠯ ᠤᠯᠬᠤ ᠳᠤ ᠬᠦᠴᠢᠷ ᠲᠠᠢ ᠬᠦᠮᠤᠰ ︵ᠵᠠᠮᠳᠡᠭ ᠬᠦᠮᠤᠰ ᠢ ᠪᠠᠭᠲᠠᠭᠠᠨ᠎ᠠ︶᠂ ᠴᠡᠷᠢᠭ ᠠᠴᠠ ᠬᠠᠯᠠᠭᠲᠠᠠᠰᠡᠳ᠂ ᠡᠷᠠᠬᠦᠤ ᠶᠢᠨ ᠬᠤᠭᠤᠴᠠᠭ᠎ᠠ ᠨᠢ ᠲᠠᠭᠤᠰᠴᠤ ᠰᠤᠯᠠᠯᠠᠭᠲᠠᠭᠰᠠᠳ᠂ ᠶᠡᠭᠡ ᠲᠠᠬᠡᠲᠤ ᠰᠤᠷᠭᠠᠭᠤᠯᠢ ᠲᠠᠬᠦᠰᠦᠭᠰᠠᠳ ︵ᠤᠶᠤᠲᠠᠠ ᠲᠤᠰᠬᠤᠨ ᠤ ᠳᠠᠷᠤᠭ᠎ᠠ ᠪᠠ ᠭᠠᠲᠠᠭᠠᠲᠤ ᠳᠤ ᠰᠤᠷᠤᠯᠴᠠᠵᠤ ᠤᠯᠤᠰ ᠲᠠᠭᠠᠨ ᠪᠤᠴᠠᠭᠰᠠᠳ︶᠂ ᠠᠵᠢᠯ ᠠᠯᠲᠠᠭᠰᠠᠳ᠂ ᠨᠤᠲᠤᠭ ᠲᠠᠭᠠᠨ ᠪᠤᠴᠠᠵᠤ ᠦᠢᠯᠠᠰ ᠪᠤᠰᠬᠠᠬᠰᠠᠨ ᠬᠦᠯᠤᠰᠤᠨ ᠮᠠᠯᠴᠢᠨ ᠲᠠᠷᠢᠶᠠᠴᠢᠨ᠂ ᠬᠦᠲᠡᠭᠡ ᠲᠤᠰᠬᠤᠨ ᠤ ᠦᠪᠠᠷ ᠢᠶᠠᠨ ᠡᠵᠡᠨ ᠮᠠᠲᠠᠵᠤ ᠦᠢᠯᠡᠰ ᠪᠤᠰᠬᠠᠭᠰᠠᠨ ᠮᠠᠯᠴᠢᠨ ᠲᠠᠷᠢᠶᠠᠴᠢᠨ᠂ ᠲᠠᠩᠰᠠᠯᠠᠵᠤ ᠺᠠᠷᠲᠯᠠᠭᠰᠠᠨ ᠬᠦᠴᠢᠷᠳᠡᠯᠲᠡᠢ ᠬᠥᠮᠥᠰ ᠵᠡᠷᠭᠡ ᠶᠢᠨ ᠬᠥᠬᠡᠬᠤᠲᠠ ᠳᠤ ᠬᠤᠪᠢ ᠡᠷᠦᠬᠡ᠂ ᠬᠤᠷᠰᠢᠨ ᠡᠵᠡᠩᠨᠡᠭᠰᠠᠨ ᠪᠤᠶᠤ ᠵᠤᠬᠢᠶᠠᠨ ᠪᠠᠶᠢᠭᠤᠯᠤᠨ ᠦᠢᠯᠡᠰ ᠪᠤᠰᠬᠠᠭᠰᠠᠳ ᠤᠨ ᠪᠠᠯᠠ ᠮᠦᠡᠭᠬᠦ ᠬᠦᠷᠤᠯᠴᠠᠬᠦ ᠦᠬᠡᠢ ᠪᠠᠶᠢᠲᠠᠯ ᠳᠤ ᠦᠢᠯᠡᠰ ᠪᠤᠰᠬᠠᠬᠤ ᠪᠠᠲᠤᠯᠠᠭᠠᠲᠤ ᠵᠢᠬᠡᠯᠡᠯᠬᠡ ᠶᠢᠨ ᠲᠠᠮᠵᠢᠯᠬᠡ ᠦᠵᠡᠭᠦᠯᠦᠨ᠎ᠡ᠃ ᠦᠢᠯᠡᠰ ᠪᠤᠰᠬᠠᠵᠤ ᠠᠮᠵᠢᠯᠲᠠ ᠤᠯᠤᠭᠰᠠᠨ ᠲᠠᠬᠢᠨᠲᠠ ᠬᠦᠤ ᠮᠦᠡᠭᠬᠦ ᠤᠷᠤᠯᠠᠨ ᠦᠭᠬᠦ ᠪᠠᠲᠤᠯᠠᠭᠠᠲᠤ ᠵᠢᠬᠡᠯᠡᠯᠬᠡ ᠭᠤᠶᠤᠴᠢᠯᠠᠬᠤ ᠦᠢᠯᠡᠰ ᠪᠤᠰᠬᠠᠭᠰᠠᠳ᠂ ᠲᠦᠷᠤᠬᠦᠤ ᠤᠲᠠᠭᠠᠨ ᠤ ᠵᠢᠬᠡᠯᠡᠯᠬᠡ ᠪᠠᠨ ᠴᠠᠭ ᠲᠤᠬᠠᠢ ᠳᠤᠨᠢ ᠪᠤᠴᠠᠭᠠᠭᠰᠠᠨ ᠪᠦᠬᠡᠳ ᠦᠢᠯᠡᠰ ᠪᠤᠰᠬᠠᠭᠰᠠᠨ ᠲᠦᠷᠦᠯ ᠵᠦᠢᠯ ᠨᠢ ᠰᠠᠶᠢᠨ᠂ ᠦᠢᠯᠡᠰ ᠪᠤᠰᠬᠠᠵᠤ ᠠᠵᠢᠯ ᠤᠯᠬᠤ ᠶᠢ ᠲᠠᠶᠢᠴᠢᠯᠠᠭᠰᠠᠨ ᠬᠦᠮᠤᠨ ᠤ ᠲᠤᠭ᠎ᠠ ᠶᠢᠨ ᠬᠠᠷᠢᠴᠠᠯ ᠨᠢ 1᠄ 2 ︵2 ᠬᠥᠮᠥᠨ ᠢ ᠪᠠᠭᠲᠠᠭᠠᠨ᠎ᠠ︶ ᠠᠴᠠ ᠲᠠᠬᠡᠭᠰᠢ ᠪᠤᠯ ᠬᠤᠶᠠᠲᠠᠬᠢ ᠤᠲᠠᠭᠠᠨ ᠤ ᠬᠦᠤ ᠮᠦᠡᠭᠬᠦ ᠶᠢ ᠤᠷᠤᠯᠠᠨ ᠦᠭᠬᠦ ᠵᠢᠬᠡᠯᠡᠯᠬᠡ ᠣᠯᠭᠤᠨ᠎ᠠ᠃ ᠭᠤᠷᠪᠠᠲᠠᠬᠢ ᠤᠳᠠᠭ᠎ᠠ ᠬᠦᠤ ᠮᠦᠡᠭᠬᠦ ᠶᠢ ᠨᠢ ᠤᠷᠤᠯᠠᠨ ᠦᠭᠬᠦ ᠵᠢᠬᠡᠯᠡᠯᠬᠡ ᠤᠯᠤᠭᠰᠠᠨ ᠦᠢᠯᠡᠰ ᠪᠤᠰᠬᠠᠭᠰᠠᠳ ᠲᠤ᠂ ᠲᠠᠬᠡᠷᠠᠬᠢ ᠤᠲᠠᠭᠠᠨ ᠤ ᠬᠦᠤ ᠮᠦᠡᠭᠬᠦ ᠪᠠᠨ ᠴᠠᠭ ᠲᠤᠬᠠᠢ ᠳᠤᠨᠢ ᠪᠤᠴᠠᠭᠠᠭᠰᠠᠨ ᠪᠦᠬᠡᠳ ᠡᠵᠡᠩᠨᠡᠯᠲᠠ ᠶᠢᠨ ᠬᠡᠪᠴᠢᠶᠠᠵᠢᠯ ᠢᠶᠠᠨ ᠦᠷᠬᠦᠯᠵᠢᠯᠠᠨ ᠦᠷᠬᠡᠳᠬᠡᠵᠤ᠂ ᠦᠢᠯᠡᠰ ᠪᠤᠰᠬᠠᠬᠤ ᠪᠠᠷ ᠠᠵᠢᠯ ᠣᠯᠭᠤᠯᠲᠠ ᠶᠢ ᠲᠠᠶᠢᠴᠢᠯᠠᠭᠰᠠᠨ ᠬᠦᠮᠤᠨ ᠤ ᠲᠤᠭ᠎ᠠ ᠶᠢᠨ ᠬᠠᠷᠢᠴᠠᠯ ᠨᠢ 1᠄ 3 ︵3 ᠬᠥᠮᠥᠨ ᠢ ᠪᠠᠭᠲᠠᠭᠠᠨ᠎ᠠ︶ ᠠᠴᠠ ᠲᠠᠬᠡᠭᠰᠢ ᠪᠤᠯ ᠭᠤᠷᠪᠠᠲᠠᠬᠢ ᠤᠲᠠᠭᠠᠨ ᠤ ᠬᠦᠤ ᠮᠦᠡᠭᠬᠦ ᠶᠢ ᠤᠷᠤᠯᠠᠨ ᠦᠭᠬᠦ ᠵᠢᠬᠡᠯᠡᠯᠬᠡ ᠶᠢᠨ ᠲᠠᠮᠵᠢᠯᠬᠡ ᠦᠵᠡᠭᠦᠯᠦᠨ᠎ᠡ ᠬᠡᠵᠤ ᠲᠤᠭᠲᠠᠵᠠᠢ᠃     ᠡᠬᠦᠨ ᠳᠤ ᠪᠠᠰᠠ᠂ ᠪᠠᠭ᠎ᠠ ᠵᠢᠵᠢᠭ ᠠᠵᠤ ᠠᠬᠤᠶᠢᠯᠠᠯ ᠤᠨ ᠲᠤᠬᠠᠢ ᠶᠢᠨ ᠵᠢᠯ ᠳᠤ ᠰᠢᠨ᠎ᠡ ᠪᠠᠷ ᠤᠷᠢᠵᠤ ᠬᠡᠷᠡᠭᠯᠡᠭᠰᠡᠨ ᠵᠢᠬᠡᠯᠡᠯᠬᠡ ᠶᠢᠨ ᠨᠦᠬᠦᠴᠠᠯ ᠳᠤ ᠵᠤᠬᠢᠴᠠᠬᠤ ᠬᠦᠮᠤᠰ ᠤᠨ ᠲᠤᠭ᠎ᠠ ᠠᠵᠤ ᠠᠬᠤᠢᠢᠯᠠᠯ ᠤᠨ ᠤᠲᠤᠬᠠᠨ ᠤ ᠪᠠᠶᠢᠬᠤ ᠠᠵᠢᠯᠲᠠᠨ ᠠᠵᠢᠯᠴᠢᠨ ᠤ ᠬᠦᠮᠤᠨ ᠤ ᠲᠤᠭ᠎ᠠ ᠶᠢᠨ 15% ︵100 ᠬᠥᠮᠥᠨ ᠢ ᠲᠠᠪᠠᠭᠰᠠᠨ ᠠᠵᠤ ᠠᠬᠤᠢᠢᠯᠠᠯ 8% ᠳᠤ ᠬᠦᠷᠴᠠᠢ︶ ᠬᠦᠷᠦᠭᠰᠠᠨ ᠪᠠᠶᠢᠬᠤ ᠪᠥᠭᠡᠳ ᠨᠢᠭᠡ ᠵᠢᠯ ᠠᠴᠠ ᠳᠡᠭᠡᠭᠰᠢ ᠬᠥᠳᠡᠯᠮᠦᠷᠢ ᠶᠢᠨ ᠭᠡᠷ᠎ᠡ ᠲᠤᠭᠲᠠᠬᠤ ᠶᠢᠨ ᠬᠠᠮᠲᠤ ᠪᠠᠭ᠎ᠠ ᠵᠢᠵᠢᠭ ᠠᠵᠤ ᠠᠬᠤᠢᠢᠯᠠᠯ ᠨᠢ ᠠᠵᠢᠯᠲᠠᠨ ᠠᠵᠢᠯᠴᠢᠨ ᠤ ᠴᠠᠯᠢᠩ ᠮᠦᠡᠭᠬᠦ ᠶᠢ ᠡᠰᠠ ᠦᠷᠢᠲᠦᠭᠰᠠᠨ᠂ ᠨᠠᠶᠢᠬᠡᠮ ᠤᠨ ᠳᠠᠭᠠᠳᠬᠠᠯ ᠤᠨ ᠰᠦᠢᠳᠬᠡᠯ ᠢ ᠡᠰᠠ ᠦᠷᠢᠲᠦᠭᠰᠠᠨ ᠵᠡᠷᠬᠡ ᠬᠦᠨᠲᠤ ᠨᠤᠴᠢᠲᠠᠢ ᠬᠠᠤᠯᠢ ᠠᠴᠠ ᠵᠦᠷᠢᠴᠡᠭᠰᠠᠨ ᠢᠲᠡᠭᠡᠮᠵᠢ ᠶᠢᠨ ᠲᠠᠮᠳᠡᠭᠯᠡᠯ ᠳᠤ ᠲᠠᠮᠳᠡᠭᠯᠡᠭᠳᠡᠭᠰᠡᠨ ᠦᠬᠡᠢ ᠪᠤᠯ ᠦᠢᠯᠠᠰ ᠪᠤᠰᠬᠠᠬᠤ ᠪᠠᠲᠤᠯᠠᠭᠠᠲᠤ ᠵᠢᠬᠡᠯᠡᠯᠬᠡ ᠶᠢᠨ ᠲᠠᠮᠵᠢᠯᠬᠡ ᠣᠯᠭᠤᠨ᠎ᠠ᠃ ᠵᠢᠬᠡᠯᠡᠯᠬᠡ ᠪᠠᠨ ᠢᠲᠠᠪᠬᠢᠲᠠᠢ ᠪᠤᠴᠠᠭᠠᠵᠤ᠂ ᠠᠵᠢᠯ ᠣᠯᠭᠤᠯᠲᠠ ᠶᠢ ᠲᠠᠶᠢᠴᠢᠯᠠᠬᠤ ᠴᠢᠲᠠᠪᠤᠷᠢ ᠪᠠᠷ ᠴᠢᠩᠭ᠎ᠠ᠂ ᠦᠢᠯᠡᠰ ᠪᠤᠰᠬᠠᠬᠤ ᠲᠦᠷᠦᠯ ᠵᠦᠢᠯ ᠨᠢ ᠰᠠᠶᠢᠨ ᠪᠠᠭ᠎ᠠ ᠵᠢᠵᠢᠭ ᠠᠵᠤ ᠠᠬᠤᠢᠢᠯᠠᠯ ᠳᠤ ᠦᠷᠭᠦᠯᠵᠢᠯᠡᠨ ᠦᠢᠯᠡᠰ ᠪᠤᠰᠬᠠᠬᠤ ᠪᠠᠲᠤᠯᠠᠭᠠᠲᠤ ᠵᠢᠬᠡᠯᠡᠯᠬᠡ ᠶᠢᠨ ᠬᠦᠤ ᠮᠦᠡᠭᠬᠦ ᠶᠢ ᠤᠷᠤᠯᠠᠨ ᠦᠭᠬᠦ ᠲᠠᠮᠵᠢᠯᠬᠡ ᠤᠯᠭᠤᠵᠤ᠂ ᠪᠦᠬᠦ ᠲᠤᠭ᠎ᠠ ᠨᠢ 3 ᠤᠳᠠᠭ᠎ᠠ ᠠᠴᠠ ᠬᠡᠲᠦᠷᠡᠭᠦᠯᠬᠦ ᠦᠭᠡᠢ ᠭᠡᠵᠦ ᠲᠤᠭᠲᠠᠭᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号