ᠥᠪᠥᠷ ᠮᠣᠩᠭᠤᠯ ᠤᠨ ᠰᠢᠶᠠᠨ ᠬᠤᠩ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢᠴᠠᠭᠠᠳᠤ ᠬᠢᠵᠠᠭᠠᠷᠲᠤ ᠺᠤᠮᠫᠠᠨᠢ | ᠪᠣᠯᠤᠨ ᠠ ᠯᠢ ᠡᠭᠦᠯᠡᠨ ᠪᠤᠳᠤᠯᠭ᠎ᠠ ᠶᠢᠨ ᠬᠢᠵᠠᠭᠠᠷᠲᠤ ᠺᠣᠮᠫᠠᠨᠢ ᠪᠦᠳᠦᠭᠦᠪᠴᠢ ᠬᠠᠮᠲᠤᠷᠠᠯᠴᠠᠭᠠᠨ ᠤ ᠵᠥᠪᠯᠡᠯᠴᠡᠭᠡᠷ | ᠲᠣᠭᠲᠠᠪᠠ | ᠸᠠᠩ ᠯᠢ ᠰᠢᠶᠠ ᠪᠦᠯᠬᠦᠮ ᠳᠠᠭᠠᠭᠤᠯᠤᠨ ᠯᠦᠸᠧ ᠴᠢᠩ ᠣᠷᠣᠯᠴᠠᠪᠠ | | ᠬᠦᠬᠡᠬᠤᠲᠠ ᠶᠢᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠹᠧᠩ ᠶᠠᠨ ᠫᠢᠩ︶ 7 ᠳ᠋ᠤᠭᠠᠷ | ᠰᠠᠷ᠎ᠠ ᠶᠢᠨ 6 ᠠᠴᠠ 7 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠯᠢ ᠰᠢᠶᠠ ᠬᠥᠬᠡᠬᠤᠲᠠ ᠶᠢᠨ ᠨᠠᠮ | ᠵᠠᠰᠠᠭ ᠤᠨ ᠰᠢᠨᠵᠢᠯᠡᠨ ᠪᠠᠶᠢᠴᠠᠭᠠᠬᠤ ᠪᠦᠯᠬᠦᠮ ᠢ ᠳᠠᠭᠠᠭᠤᠯᠤᠨ ᠬᠠᠩᠵᠧᠦ ᠬᠤᠲᠠ ᠳᠤ ᠬᠦᠷᠴᠦ᠂ ᠬᠤᠲᠠ ᠶᠢᠨ | ᠤᠶᠤᠨᠳᠤ ᠪᠦᠲᠦᠭᠡᠨ ᠪᠠᠶᠢᠭᠤᠯᠤᠯᠲᠠ ᠶᠢᠨ ᠬᠤᠯᠪᠤᠭᠳᠠᠯ ᠪᠦᠬᠦᠢ ᠠᠵᠤ ᠠᠬᠤᠶᠢᠯᠠᠯ ᠢ ᠰᠢᠨᠵᠢᠯᠡᠨ ᠪᠠᠶᠢᠴᠠᠭᠠᠵᠤ᠂ | ᠥᠪᠥᠷ ᠮᠣᠩᠭᠤᠯ ᠤᠨ ᠰᠢᠶᠠᠨ ᠬᠤᠩ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢᠴᠠᠭᠠᠳᠤ ᠬᠢᠵᠠᠭᠠᠷᠲᠤ ᠺᠤᠮᠫᠠᠨᠢ | ᠪᠣᠯᠤᠨ ᠠ ᠯᠢ ᠡᠭᠦᠯᠡᠨ ᠪᠣᠳᠤᠯᠭ᠎ᠠ ᠶᠢᠨ ᠬᠢᠵᠠᠭᠠᠷᠲᠤ ᠺᠣᠮᠫᠠᠨᠢ ᠶᠢᠨ ᠪᠦᠳᠦᠭᠦᠪᠴᠢ ᠬᠠᠮᠲᠤᠷᠠᠯᠴᠠᠭᠠᠨ ᠤ | ᠵᠥᠪᠯᠡᠯᠴᠡᠭᠡᠷ ᠲᠤ ᠭᠠᠷ ᠤᠨ ᠦᠰᠦᠭ ᠵᠢᠷᠤᠬᠤ ᠶᠣᠰᠣᠯᠠᠯ ᠳᠤ ᠣᠷᠣᠯᠴᠠᠪᠠ᠃ | ᠠ ᠯᠢ ᠪᠠ ᠪᠠ ᠶᠢᠨ ᠰᠢ ᠰᠢ ᠶᠢᠨ ᠬᠦᠷᠢᠶᠡᠯᠡᠩ ᠲᠣᠭᠤᠷᠢᠭ ᠲᠤ᠂ ᠰᠢᠨᠵᠢᠯᠡᠨ ᠪᠠᠶᠢᠴᠠᠭᠠᠬᠤ | ᠪᠦᠯᠬᠦᠮ ᠤᠨ ᠬᠢᠨ ᠠ ᠯᠢ ᠪᠠ ᠪᠠ ᠪᠦᠯᠦᠭᠯᠡᠯ ᠤᠨ ︽ᠲᠠᠶᠠᠭᠠᠷᠴᠢᠯᠠᠬᠤ᠂ ᠬᠥᠳᠡᠭᠡ ᠲᠤᠰᠬᠤᠨᠴᠢᠯᠠᠬᠤ᠂ ᠲᠤᠭ᠎ᠠ | ᠪᠠᠷᠢᠮᠲᠠᠵᠢᠭᠤᠯᠬᠤ︾ ᠭᠤᠷᠪᠠᠨ ᠶᠡᠭᠡ ᠪᠠᠶᠢᠯᠳᠤᠬᠤ ᠪᠣᠳᠤᠯᠭ᠎ᠠ ᠶᠢ ᠬᠡᠷᠡᠭᠵᠢᠬᠦᠯᠵᠦ ᠪᠠᠶᠢᠭ᠎ᠠ ᠴᠢᠷᠮᠠᠶᠢᠯᠭ᠎ᠠ ᠶᠢ | ᠰᠤᠷᠤᠯᠴᠠᠨ ᠰᠢᠨᠵᠢᠯᠡᠨ ᠪᠠᠶᠢᠴᠠᠭᠠᠪᠠ᠃ ᠬᠠᠢ ᠺᠠᠩ ᠸᠧᠢ ᠱᠢ ᠳᠤ ᠠᠵᠤ ᠠᠬᠤᠶᠢᠯᠠᠯ ᠤᠨ ᠸᠢᠳᠢᠤ᠋ ᠪᠠᠷ ᠭᠤᠤᠯ | ᠪᠣᠯᠭᠠᠭᠰᠠᠨ ᠪᠣᠳᠠᠰ ᠤᠨ ᠰᠦᠯᠵᠢᠶ᠎ᠡ ᠶᠢᠨ ᠰᠢᠢᠳᠪᠦᠷᠢᠯᠡᠬᠦ ᠲᠥᠰᠦᠯ ᠪᠠ ᠲᠤᠭ᠎ᠠ ᠪᠠᠷᠢᠮᠲᠠ ᠶᠢᠨ ᠡᠵᠡᠩᠨᠡᠯᠲᠡ ᠶᠢᠨ | ᠦᠢᠯᠡᠴᠢᠯᠡᠭᠡ ᠬᠠᠩᠭᠠᠭᠴᠢ ᠶᠢᠨ ᠬᠤᠪᠢ ᠪᠠᠷ᠂ ᠪᠥᠬᠦ ᠪᠥᠮᠪᠥᠷᠴᠡᠭ ᠲᠤ ᠬᠠᠨᠳᠤᠨ ᠶᠡᠷᠦᠩᠬᠡᠶᠢᠯᠡᠭᠰᠡᠨ ᠠᠮᠤᠷ | ᠲᠦᠪᠰᠢᠨ ᠤ ᠰᠡᠷᠭᠡᠶᠢᠯᠡᠯᠲᠡ᠂ ᠤᠶᠤᠨᠳᠤ ᠦᠢᠯᠡᠴᠢᠯᠡᠭᠡ ᠪᠠ ᠲᠣᠮᠣ ᠳ᠋ᠠᠶᠢᠲ᠋ᠠ ᠶᠢᠨ ᠦᠢᠯᠡᠴᠢᠯᠡᠭᠡ ᠬᠠᠩᠭᠠᠵᠤ ᠪᠠᠶᠢᠭ᠎ᠠ | ᠪᠠᠶᠢᠳᠠᠯ ᠢ ᠬᠢᠨᠠᠮᠠᠭᠠᠢ ᠰᠤᠨᠤᠰᠪᠠ᠃ ᠰᠢᠨᠬᠤᠸᠠ ᠭᠤᠷᠪᠠᠳᠤᠭᠠᠷ ᠪᠦᠯᠦᠭᠯᠡᠯ ᠤᠨ ᠬᠠᠩᠵᠧᠦ ᠳᠠᠬᠢ ᠶᠡᠷᠦᠩᠬᠡᠶ | ᠭᠠᠵᠠᠷ ᠤᠨ ᠰᠢᠨ᠎ᠡ ᠶᠢ ᠡᠭᠦᠳᠬᠦ ᠪᠡᠶᠡᠴᠢᠯᠡᠨ ᠣᠶᠢᠯᠠᠭᠠᠬᠤ ᠲᠥᠪ ᠲᠤ᠂ ᠰᠢᠨᠬᠤᠸᠠ ᠭᠤᠷᠪᠠᠳᠤᠭᠠᠷ ᠪᠦᠯᠦᠭᠯᠡᠯ ᠨᠢ | ᠽᠢ ᠭᠤᠸᠠᠩ ᠪᠦᠯᠦᠭᠯᠡᠯ ᠤᠨ ︽ᠡᠭᠦᠯᠡᠨ ᠰᠦᠯᠵᠢᠶ᠎ᠡ︾ ᠶᠢᠨ ᠭᠤᠤᠯ ᠠᠵᠤ ᠠᠬᠤᠶᠢᠯᠠᠯ ᠪᠣᠯᠤᠭᠰᠠᠨ ᠤ ᠬᠤᠪᠢ ᠳᠤ | ᠂ ᠲᠣᠭᠠᠴᠢᠯᠠᠭᠰᠠᠨ ᠬᠤᠯᠪᠣᠯᠲᠠ᠂ ᠮᠡᠳᠡᠭᠡ ᠵᠠᠩᠭᠢ ᠶᠢᠨ ᠠᠮᠤᠷ ᠲᠦᠪᠰᠢᠨ ᠵᠡᠷᠭᠡ ᠬᠦᠷᠢᠶᠡᠨ ᠳᠤ ᠨᠢᠭᠡ ᠥᠷᠲᠡᠭᠡ | ᠮᠠᠶ᠋ᠢᠭ ᠤᠨ᠂ ᠪᠥᠬᠦ ᠲᠠᠯ᠎ᠠ ᠶᠢᠨ ᠲᠣᠭᠠᠴᠢᠯᠠᠭᠰᠠᠨ ᠲᠠᠪᠴᠠᠩ ᠤᠨ ᠰᠢᠢᠳᠪᠦᠷᠢᠯᠡᠬᠦ ᠲᠥᠰᠦᠯ ᠲᠠᠢ ᠪᠠᠶᠢᠬᠤ ᠶᠢ ᠨᠠᠷᠢᠨ | ᠣᠶᠢᠯᠠᠭᠠᠪᠠ᠃ ᠪᠠᠰᠠ ᠵᠧᠩ ᠲᠠᠢ ᠶᠢᠨ ᠲᠣᠭᠠᠴᠢᠯᠠᠭᠰᠠᠨ ᠦᠢᠯᠡᠳᠪᠦᠷᠢᠯᠡᠯ᠂ ᠣᠶᠤᠨᠴᠢ ᠦᠢᠯᠡᠳᠬᠦ ᠬᠦᠷᠢᠶᠡᠨ ᠳᠠᠬᠢ | ᠬᠥᠭᠵᠢᠯᠲᠡ ᠶᠢᠨ ᠪᠠᠶᠢᠳᠠᠯ ᠢ ᠨᠠᠷᠢᠨ ᠣᠶᠢᠯᠠᠭᠠᠪᠠ᠃ | ᠸᠠᠩ ᠯᠢ ᠰᠢᠶᠠ ᠤᠷᠢᠳ ᠬᠤᠵᠢᠳ ᠠ ᠯᠢ ᠪᠠ ᠪᠠ ᠶᠢᠨ ᠳᠡᠳ᠋ ᠶᠡᠷᠦᠩᠬᠡᠶ ᠵᠠᠬᠢᠷᠤᠯ ᠲᠤᠤ ᠰᠢᠤᠸᠠᠢ ᠹᠧᠶ᠂ | ᠬᠠᠶ ᠺᠠᠩ ᠸᠧᠶ ᠱᠢ ᠶᠢᠨ ᠬᠡᠷᠡᠭ ᠮᠡᠳᠡᠭᠴᠢᠳ ᠤᠨ ᠳᠠᠷᠤᠭ᠎ᠠ ᠴᠧᠨ ᠽᠦᠩ ᠨᠢᠶᠠᠨ᠂ ᠽᠢ ᠭᠤᠸᠠᠩ ᠪᠦᠯᠦᠭᠯᠡᠯ ᠤᠨ | ᠬᠠᠮᠲᠤᠷᠠᠭᠰᠠᠨ ᠶᠡᠷᠦᠩᠬᠡᠶ ᠵᠠᠬᠢᠷᠤᠭᠴᠢ ᠢᠦᠶ ᠶᠢᠩ ᠲᠤᠤ᠂ ᠵᠧᠩ ᠲᠠᠢ ᠪᠦᠯᠦᠭᠯᠡᠯ ᠤᠨ ᠬᠡᠷᠡᠭ ᠮᠡᠳᠡᠭᠴᠢᠳ ᠤᠨ | ᠳᠠᠷᠤᠭ᠎ᠠ ᠨᠠᠨ ᠼᠦᠨ ᠾᠦᠢ ᠲᠠᠢ ᠶᠠᠷᠢᠯᠴᠠᠵᠤ᠂ ᠬᠦᠬᠡᠬᠤᠲᠠ ᠶᠢᠨ ᠤᠶᠤᠨᠳᠤ ᠪᠠᠶᠢᠭᠤᠯᠤᠯᠲᠠ ᠶᠢ ᠤᠯᠠᠮ ᠨᠢᠭᠡ | ᠠᠯᠬᠤᠮ ᠠᠬᠢᠭᠤᠯᠬᠤ ᠲᠤᠬᠠᠶ ᠬᠦᠨᠵᠡᠭᠡᠢ ᠶᠠᠷᠢᠯᠴᠠᠪᠠ᠃ | ᠸᠠᠩ ᠯᠢ ᠰᠢᠶᠠ ᠬᠡᠯᠡᠭᠰᠡᠨ ᠨᠢ᠂ ᠬᠤᠶᠠᠷ ᠡᠳᠦᠷ ᠤᠨ ᠭᠦᠨᠵᠡᠭᠡᠶ ᠣᠶᠢᠯᠠᠭᠠᠯᠲᠠ ᠪᠠᠷ ᠳᠠᠮᠵᠢᠨ᠂ | ᠲᠣᠭᠠᠴᠢᠯᠠᠭᠰᠠᠨ ᠠᠵᠤ ᠠᠬᠤᠶ ᠶᠢᠨ ᠥᠷᠨᠢᠭᠦᠨ ᠬᠥᠭᠵᠢᠯᠲᠡ ᠨᠢ ᠬᠠᠩᠵᠧᠦ ᠳᠤ ᠬᠦᠴᠦᠲᠡᠢ ᠲᠠᠭᠠᠭᠠᠮᠠᠭᠠᠢ ᠠᠵᠤ | ᠠᠬᠤᠢ ᠶᠢᠨ ᠲᠤᠯᠭᠠᠭᠤᠷᠢ ᠶᠢ ᠠᠪᠴᠢᠷᠠᠭᠰᠠᠨ ᠢ ᠭᠦᠨ ᠮᠡᠳᠡᠷᠡᠯ᠎ᠡ᠃ ᠬᠥᠬᠡᠬᠤᠲᠠ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠲᠥᠪ ᠪᠣᠯᠤᠭᠰᠠᠨ ᠤ ᠬᠤᠪᠢ ᠳᠤ᠂ ᠣᠷᠣᠨ ᠪᠠᠶᠢᠷᠢ ᠶᠢᠨ ᠳᠠᠪᠠᠭᠤᠯᠢᠭ ᠨᠢ ᠢᠯᠡᠷᠬᠡᠶ | ᠂ ᠬᠥᠭᠵᠢᠯᠲᠡ ᠶᠢᠨ ᠬᠠᠨᠳᠤᠰᠢ ᠨᠢ ᠬᠦᠴᠦᠲᠡᠶ ᠪᠠᠶᠢᠵᠤ᠂ ᠢᠯᠠᠩᠭᠤᠶ᠎ᠠ ᠲᠦᠷᠭᠡᠨ ᠤ ᠲᠡᠮᠦᠷ ᠵᠠᠮ ᠨᠡᠪᠲᠡᠷᠡᠭᠰᠡᠨ ᠨᠢ | ᠣᠷᠣᠨ ᠤ ᠲᠥᠪ ᠪᠣᠯᠤᠨ ᠨᠡᠶᠢᠰᠯᠡᠯ ᠤᠨ ᠬᠤᠭᠤᠷᠣᠨᠳᠣᠬᠢ ᠵᠠᠶ ᠶᠢ ᠤᠯᠠᠮ ᠨᠢᠭᠡ ᠠᠯᠬᠤᠮ ᠣᠶᠢᠷᠠᠲᠤᠭᠤᠯᠵᠠᠶ᠃ | ᠣᠳᠣᠬᠠᠨ ᠳᠤ᠂ ᠣᠷᠣᠨ ᠤ ᠲᠥᠪ ᠶᠠᠭ ᠶᠡᠷᠦᠩᠬᠡᠢ ᠱᠦᠵᠢ ᠰᠢ ᠶᠢᠨ ᠫᠢᠩ ᠤᠨ ᠠᠷᠪᠠᠨ ᠭᠤᠷᠪᠠᠳᠤᠭᠠᠷ | ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ | ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ | ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠬᠤᠳᠠ ᠶᠢᠨ | ᠵᠠᠰᠠᠯᠲᠠ ᠶᠢᠨ ᠴᠢᠳᠠᠪᠤᠷᠢ ᠵᠠᠰᠠᠯᠲᠠ ᠶᠢᠨ ᠰᠢᠰᠲ᠋ᠧᠮᠵᠢ ᠶᠢᠨ ᠤᠳᠤᠬᠢᠴᠢᠯᠠᠭᠰᠠᠨ ᠪᠦᠲᠦᠭᠡᠨ ᠪᠠᠶᠢᠭᠤᠯᠤᠯᠲᠠ ᠳᠤ ︽ | ᠡᠮᠦᠨ᠎ᠡ ᠨᠢ ᠭᠠᠪᠰᠢᠭᠠᠶᠢᠯᠠᠨ ᠬᠡᠪ ᠲᠠᠭᠤᠷᠢᠶᠠᠯ ᠪᠣᠯᠬᠤ︾ ᠶᠢ ᠴᠢᠷᠮᠠᠶᠢᠨ ᠰᠦᠪᠡᠭᠴᠢᠯᠡᠵᠦ ᠪᠠᠶᠢᠨ᠎ᠠ᠃ ᠠᠵᠤ | ᠠᠬᠤᠶᠢᠯᠠᠯᠲᠠᠳ ᠲᠣᠭᠠᠴᠢᠯᠠᠭᠰᠠᠨ ᠦᠢᠯᠡᠳᠪᠦᠷᠢᠯᠡᠯ ᠪᠣᠯᠤᠨ ᠣᠶᠤᠨᠴᠢ ᠦᠢᠯᠡᠳᠭᠡᠯ ᠤᠨ ᠲᠠᠯ᠎ᠠ ᠶᠢᠨ ᠲᠤᠷᠰᠢᠯᠭ᠎ᠠ | ᠪᠠᠨ ᠠᠪᠴᠤ ᠬᠦᠬᠡᠬᠤᠲᠠ ᠶᠢᠨ ᠤᠶᠤᠨᠳᠤ ᠬᠤᠲᠠ ᠶᠢᠨ ᠪᠦᠲᠦᠭᠡᠨ ᠪᠠᠶᠢᠭᠤᠯᠤᠯᠲᠠ ᠳᠤ ᠣᠷᠣᠯᠴᠠᠵᠤ᠂ ᠲᠠᠯ᠎ᠠ | ᠨᠤᠲᠤᠭ ᠤᠨ ᠬᠤᠲᠠ ᠶᠢᠨ ᠠᠵᠤ ᠦᠢᠯᠡᠰ ᠤᠨ ᠲᠣᠭᠠᠴᠢᠯᠠᠯᠲᠠ᠂ ᠲᠣᠭᠠᠨ ᠤ ᠠᠵᠤ ᠦᠢᠯᠡᠰᠵᠢᠯᠲᠡ ᠶᠢᠨ ᠪᠦᠲᠦᠭᠡᠨ | ᠪᠠᠶᠢᠭᠤᠯᠤᠯᠲᠠ ᠳᠤ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ ᠭᠡᠪᠡ᠃ | ᠠᠵᠤ ᠠᠬᠤᠶᠢᠯᠠᠯᠲᠠᠳ ᠬᠥᠬᠡᠬᠤᠲᠠ ᠶᠢᠨ ᠬᠤᠳᠠ ᠶᠢᠨ ᠤᠶᠤᠨᠳᠤ ᠪᠦᠳᠦᠭᠡᠨ ᠪᠠᠶᠢᠭᠤᠯᠤᠯᠲᠠ ᠳᠤ ᠳᠤᠷᠠᠲᠠᠶ᠎ᠠ | ᠣᠷᠣᠯᠴᠠᠵᠤ᠂ ᠬᠤᠶᠠᠷ ᠲᠠᠯ᠎ᠠ ᠪᠠᠷ ᠢᠶᠠᠨ ᠬᠠᠮᠲᠤᠪᠠᠷ ᠴᠢᠷᠮᠠᠶᠢᠵᠤ᠂ ᠬᠤᠳᠠ ᠶᠢᠨ ᠠᠵᠤ ᠠᠬᠤᠢ ᠶᠢᠨ ᠴᠢᠨᠠᠷ ᠰᠠᠶᠢᠲᠠᠢ | ᠬᠥᠭᠵᠢᠯᠲᠡ ᠶᠢ ᠨᠡᠩ ᠰᠠᠶᠢᠲᠤᠷ ᠠᠬᠢᠭᠤᠯᠤᠨ᠎ᠠ ᠭᠡᠵᠦ ᠢᠯᠡᠷᠭᠡᠶᠢᠯᠡᠵᠡᠭᠡᠪᠡ᠃ | ᠡᠨᠡ ᠬᠤᠭᠤᠴᠠᠭᠠᠨ ᠳᠤ᠂ ᠥᠪᠥᠷ ᠮᠣᠩᠭᠤᠯ ᠤᠨ ᠰᠢᠶᠠᠨ ᠬᠤᠩ ᠰᠢᠨᠵᠢᠯᠡᠬᠦ ᠤᠬᠠᠭᠠᠨ ᠮᠡᠷᠭᠡᠵᠢᠯ ᠤᠨ | ᠬᠤᠪᠢᠴᠠᠭᠠᠳᠤ ᠬᠢᠵᠠᠭᠠᠷᠲᠤ ᠺᠣᠮᠫᠠᠨᠢ ᠪᠣᠯᠤᠨ ᠠ ᠯᠢ ᠡᠭᠦᠯᠡᠨ ᠪᠣᠳᠤᠯᠭ᠎ᠠ ᠶᠢᠨ ᠬᠢᠵᠠᠭᠠᠷᠲᠤ ᠺᠣᠮᠫᠠᠨᠢ ᠪᠦᠳᠦᠭᠦᠪᠴᠢ | ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠪᠠ᠃ | ᠬᠤᠲᠠ ᠶᠢᠨ ᠤᠳᠤᠷᠢᠳᠤᠯᠭ᠎ᠠ ᠯᠦᠸᠧ ᠴᠢᠩ᠂ ᠡᠤ ᠸᠧᠨ ᠮᠢᠩ᠂ ᠬᠤᠯᠪᠤᠭᠳᠠᠯ ᠪᠦᠬᠦᠢ ᠬᠤᠰᠢᠭᠤ ᠰᠢᠶᠠᠨ | ᠪᠣᠯᠤᠨ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠨᠥᠬᠦᠳ ᠣᠷᠣᠯᠴᠠᠵᠠᠶ᠃ |