ᠮᠠᠨ ᠤ ᠬᠤᠲᠠ 2020 ᠣᠨ ᠤ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠦᠢᠳᠭᠡᠯ ᠲᠤᠰᠢᠶᠠᠬᠤ ᠰᠠᠭᠤᠷᠢ ᠲᠤᠭ᠎ᠠ ᠳᠤ ᠲᠣᠬᠢᠷᠠᠭᠤᠯᠤᠯᠲᠠ ᠬᠢᠪᠠ
ᠨᠡᠶᠢᠲᠡᠯᠡᠭᠰᠡᠨ ᠴᠠᠭ᠄
2020-07-08
       ᠬᠦᠬᠡᠬᠤᠲᠠ ᠶᠢᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠯᠢᠶᠠᠩ ᠵᠢᠩ ᠱᠦ︶ ᠰᠤᠷᠪᠤᠯᠵᠢᠯᠠᠭᠴᠢ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠣᠶᠢᠷ᠎ᠠ ᠳᠤ᠂ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ︽2020 ᠣᠨ ᠤ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠦᠢᠳᠭᠡᠯ ᠲᠤᠰᠢᠶᠠᠬᠤ ᠰᠠᠭᠤᠷᠢ ᠲᠤᠭ᠎ᠠ ᠶᠢ ᠬᠢᠨᠠᠨ ᠲᠣᠭᠲᠠᠭᠠᠬᠤ ᠵᠢᠴᠢ ᠵᠥᠷᠢᠶ᠎ᠡ ᠶᠢ ᠲᠣᠬᠢᠷᠠᠭᠤᠯᠬᠤ ᠵᠡᠷᠭᠡ ᠬᠤᠯᠪᠤᠭᠳᠠᠯ ᠪᠦᠬᠦᠢ ᠠᠵᠢᠯ ᠤᠨ ᠲᠤᠬᠠᠢ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶ ᠢ ᠪᠠᠭᠤᠯᠭᠠᠵᠤ᠂ ᠮᠠᠨ ᠤ ᠬᠤᠲᠠ ᠶᠢᠨ 2020 ᠣᠨ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠦᠢᠳᠭᠡᠯ ᠲᠤᠰᠢᠶᠠᠬᠤ ᠰᠠᠭᠤᠷᠢ ᠲᠤᠭ᠎ᠠ ᠳᠤ ᠲᠣᠬᠢᠷᠠᠭᠤᠯᠤᠯᠲᠠ ᠬᠢᠪᠡ᠃      ︽ᠮᠡᠳᠡᠭᠳᠡᠯ︾ ᠳᠤ ᠲᠣᠳᠣᠷᠬᠠᠶ ᠲᠣᠭᠲᠠᠭᠠᠭᠰᠠᠨ ᠨᠢ᠂ ᠠᠵᠢᠯᠲᠠᠨ ᠠᠵᠢᠯᠴᠢᠨ ᠤ ᠬᠤᠪᠢ ᠬᠥᠮᠦᠨ ᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠦᠢᠳᠬᠡᠯ ᠲᠤᠰᠢᠶᠠᠬᠤ ᠰᠠᠭᠤᠷᠢ ᠲᠤᠭ᠎ᠠ ᠶᠢ ᠲᠤᠰ ᠬᠥᠮᠦᠨ ᠤ ᠤᠯᠤᠭᠰᠠᠨ ᠴᠠᠯᠢᠩ ᠤᠨ ᠶᠡᠷᠦᠩᠬᠡᠢ ᠲᠤᠭ᠎ᠠ ᠪᠤᠶᠤ ᠬᠦᠯᠦᠰᠦ ᠤᠯᠭᠤᠮᠵᠢ ᠶᠢᠨ ᠶᠡᠷᠦᠩᠬᠡᠢ ᠲᠤᠭ᠎ᠠ ᠪᠠᠷ ᠪᠣᠳᠣᠵᠤ᠂ ᠲᠤᠰ ᠬᠥᠮᠦᠨ ᠤ ᠳᠡᠭᠡᠷ᠎ᠡ ᠵᠢᠯ ᠤᠨ ᠤᠯᠤᠭᠰᠠᠨ ᠴᠠᠯᠢᠩ ᠪᠤᠶᠤ ᠬᠦᠯᠦᠰᠦ ᠤᠯᠭᠤᠮᠵᠢ ᠶᠢᠨ ᠶᠡᠷᠦᠩᠬᠡᠢ ᠲᠤᠭ᠎ᠠ ︵ᠡᠯ᠎ᠡ ᠵᠦᠢᠯ ᠤᠨ ᠨᠥᠬᠦᠪᠥᠷᠢ᠂ ᠱᠠᠩᠨᠠᠯ ᠤᠨ ᠮᠥᠩᠭᠦ ᠵᠡᠷᠭᠡ ᠶᠢ ᠪᠠᠭᠲᠠᠭᠠᠨ᠎ᠠ︶ ᠶᠢᠨ ᠰᠠᠷ᠎ᠠ ᠶᠢᠨ ᠳᠤᠮᠳᠠᠴᠢ ᠴᠠᠯᠢᠩ ︵ᠣᠨ ᠤ ᠣᠯᠤᠭᠰᠠᠨ ᠴᠠᠯᠢᠩ ᠤᠨ ᠶᠡᠷᠦᠩᠬᠡᠢ ᠲᠤᠭ᠎ᠠ ÷12︶ ᠢᠶᠠᠷ ᠯᠠᠪᠯᠠᠯᠲᠠ ᠪᠣᠯᠭᠠᠨ ᠲᠣᠭᠲᠠᠭᠠᠵᠤ ᠪᠣᠯᠤᠨ᠎ᠠ ᠃ ᠨᠢᠭᠡᠴᠡ ᠶᠢᠨ ᠰᠦᠢᠳᠭᠡᠯ ᠲᠤᠰᠢᠶᠠᠬᠤ ᠰᠠᠭᠤᠷᠢ ᠲᠤᠭ᠎ᠠ ᠶᠢ ᠲᠣᠰ ᠨᠢᠭᠡᠴᠡ ᠶᠢᠨ ᠳᠠᠭᠠᠳᠬᠠᠯ ᠳᠤ ᠣᠷᠣᠯᠴᠠᠭᠰᠠᠳ ᠤᠨ ᠰᠦᠢᠳᠭᠡᠯ ᠲᠤᠰᠢᠶᠠᠬᠤ ᠰᠠᠭᠤᠷᠢ ᠲᠤᠭ᠎ᠠ ᠶᠢᠨ ᠨᠡᠶᠢᠯᠡᠪᠦᠷᠢ ᠪᠠᠷ ᠬᠢᠨᠠᠨ ᠲᠣᠭᠲᠠᠭᠠᠨ᠎ᠠ᠃      ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠠᠷ᠎ᠠ ᠶᠢᠨ ᠰᠦᠢᠳᠭᠡᠯ ᠲᠤᠰᠢᠶᠠᠬᠤ ᠴᠠᠯᠢᠩ ᠨᠢ 4550.54 ᠲᠥᠭᠦᠷᠢᠭ ︵5688.17 ᠲᠥᠭᠦᠷᠢᠭ × 80%︶ ᠠᠴᠠ ᠳᠣᠣᠷ᠎ᠠ ᠪᠠᠶᠢᠪᠠᠯ᠂ 4550.54 ᠲᠥᠭᠦᠷᠢᠭ ᠢᠶᠠᠷ ᠰᠦᠢᠳᠭᠡᠯ ᠲᠤᠰᠢᠶᠠᠬᠤ ᠰᠠᠭᠤᠷᠢ ᠲᠤᠭ᠎ᠠ ᠶᠢ ᠬᠢᠨᠠᠨ ᠲᠣᠭᠲᠠᠭᠠᠨ᠎ᠠ︔ ᠰᠠᠷ᠎ᠠ ᠶᠢᠨ ᠰᠦᠢᠳᠭᠡᠯ ᠲᠤᠰᠢᠶᠠᠬᠤ ᠴᠠᠯᠢᠩ ᠨᠢ 4550.54 ᠲᠥᠭᠦᠷᠢᠭ ᠠᠴᠠ ᠥᠨᠳᠥᠷ᠂ ᠭᠡᠪᠡᠴᠦ 17064.51 ᠲᠥᠭᠦᠷᠢᠭ ︵5688.17 ᠲᠥᠭᠦᠷᠢᠭ × 300%︶ ᠠᠴᠠ ᠳᠣᠤᠷ᠎ᠠ ᠪᠠᠶᠢᠪᠠᠯ᠂ ᠰᠦᠢᠳᠭᠡᠯ ᠲᠤᠰᠢᠶᠠᠬᠤ ᠰᠠᠭᠤᠷᠢ ᠲᠤᠭ᠎ᠠ ᠶᠢ ᠪᠣᠳᠠᠲᠤ ᠪᠠᠶᠢᠳᠠᠯ ᠢ ᠦᠨᠳᠦᠰᠦᠯᠡᠨ ᠬᠢᠨᠠᠨ ᠲᠣᠭᠲᠠᠭᠠᠨ᠎ᠠ︔ ᠰᠠᠷ᠎ᠠ ᠶᠢᠨ ᠰᠦᠢᠳᠭᠡᠯ ᠲᠤᠰᠢᠶᠠᠬᠤ ᠴᠠᠯᠢᠩ ᠨᠢ 17064.51 ᠲᠥᠭᠦᠷᠢᠭ ᠠᠴᠠ ᠥᠨᠳᠥᠷ ᠪᠠᠶᠢᠪᠠᠯ᠂ 17064.51 ᠲᠦᠭᠦᠷᠢᠭ ᠢᠶᠠᠷ ᠰᠦᠢᠳᠭᠡᠯ ᠲᠤᠰᠢᠶᠠᠬᠤ ᠰᠠᠭᠤᠷᠢ ᠲᠤᠭ᠎ᠠ ᠶᠢ ᠬᠢᠨᠠᠨ ᠲᠣᠭᠲᠠᠭᠠᠨ᠎ᠠ᠃ ᠮᠠᠨ ᠤ ᠬᠤᠲᠠ ᠶᠢᠨ ᠬᠥᠯᠥᠰᠥᠨ ᠠᠵᠢᠯᠴᠢᠨ ᠦᠭᠡᠢ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ᠂ ᠠᠮᠢᠳᠤᠯᠢᠭ ᠢᠶᠠᠷ ᠠᠵᠢᠯ ᠣᠯᠤᠭᠰᠠᠳ ᠵᠡᠷᠭᠡ ᠬᠤᠪᠢ ᠬᠥᠮᠦᠨ ᠤ ᠬᠤᠪᠢ ᠪᠠᠷ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠭᠰᠠᠨ ᠬᠥᠮᠦᠰ ᠤᠨ ᠰᠦᠢᠳᠭᠡᠯ ᠲᠤᠰᠢᠶᠠᠬᠤ ᠰᠠᠭᠤᠷᠢ ᠲᠤᠭ᠎ᠠ ᠶᠢ 5688.17 ᠲᠥᠭᠦᠷᠢᠭ ᠢᠶᠠᠷ ᠬᠢᠨᠠᠨ ᠲᠣᠭᠲᠠᠭᠠᠨ᠎ᠠ᠃      ︽ᠮᠡᠳᠡᠭᠳᠡᠯ︾ ᠳᠤ ᠱᠠᠭᠠᠷᠳᠠᠭᠰᠠᠨ ᠨᠢ᠂ 2020 ᠣᠨ 1 ᠳ᠋ᠤᠭᠡᠷ ᠰᠠᠷ᠎ᠠ ᠠᠴᠠ 6  ᠳ᠋ᠤᠭᠠᠷ ᠰᠠᠷ᠎ᠠ ᠪᠣᠯᠲᠠᠯ᠎ᠠ ᠰᠦᠢᠳᠭᠡᠯ ᠲᠤᠰᠢᠶᠠᠬᠤ ᠰᠠᠭᠤᠷᠢ ᠲᠤᠭ᠎ᠠ ᠶᠢ ᠤᠷᠢᠳᠴᠢᠯᠠᠨ ᠬᠢᠨᠠᠨ ᠲᠣᠭᠲᠠᠭᠠᠬᠤ ᠠᠵᠢᠯ ᠢ ᠪᠡᠶᠡᠯᠡᠭᠦᠯᠦᠭᠰᠡᠨ ᠳᠠᠭᠠᠳᠬᠠᠯ ᠳᠤ ᠣᠷᠣᠯᠴᠠᠭᠰᠠᠨ ᠨᠢᠭᠡᠴᠡ ᠳᠤ᠂ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠴᠠ ᠲᠥᠪᠯᠡᠷᠡᠭᠦᠯᠦᠨ ᠨᠢᠭᠡᠳᠦᠯᠲᠡᠶ ᠪᠠᠷ ᠪᠦᠯᠦᠭ ᠬᠡᠮᠵᠢᠶ᠎ᠡ ᠪᠠᠷ ᠵᠥᠷᠢᠶ᠎ᠡ ᠳᠤ ᠲᠣᠬᠢᠷᠠᠭᠤᠯᠤᠯᠲᠠ ᠬᠢᠨ᠎ᠡ᠂ ᠳᠠᠭᠠᠳᠬᠠᠯ ᠳᠤ ᠣᠷᠣᠯᠴᠠᠭᠰᠠᠨ ᠨᠢᠭᠡᠴᠡ ᠰᠦᠯᠵᠢᠶᠡᠨ ᠳᠡᠭᠡᠷᠡᠬᠢ ᠲᠤᠬᠠᠶᠢᠯᠠᠭᠰᠠᠨ ᠠᠵᠢᠯ ᠤᠨ ᠮᠡᠳᠡᠭᠦᠯᠦᠯᠲᠡ ᠶᠢᠨ ᠰᠢᠰᠲ᠋ᠧᠮ ᠢ ᠠᠩᠬᠠᠷᠴᠤ᠂ ᠵᠥᠷᠢᠶ᠎ᠡ ᠶᠢᠨ ᠲᠣᠬᠢᠷᠠᠭᠤᠯᠤᠯᠲᠠ ᠶᠢᠨ ᠰᠦᠢᠳᠭᠡᠯ ᠲᠤᠰᠢᠶᠠᠬᠤ ᠮᠡᠳᠡᠭᠳᠡᠯ ᠤᠨ ᠬᠠᠭᠤᠳᠠᠰᠤ ᠶᠢ ᠴᠠᠭ ᠲᠤᠬᠠᠢ ᠳᠤᠨᠢ ᠳᠠᠷᠤᠮᠠᠯᠯᠠᠵᠤ ᠠᠪᠬᠤ ᠬᠡᠷᠡᠭᠳᠡᠢ᠂ ᠵᠥᠷᠢᠶ᠎ᠡ ᠶᠢᠨ ᠲᠣᠬᠢᠷᠠᠭᠤᠯᠤᠯᠲᠠ ᠨᠢ ᠳᠠᠭᠠᠳᠬᠠᠯ ᠳᠤ ᠣᠷᠣᠯᠴᠠᠭᠰᠠᠨ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠤᠨ ᠬᠠᠷᠢᠴᠠᠭ᠎ᠠ ᠶᠢ ᠰᠢᠯᠵᠢᠭᠦᠯᠬᠦ ᠵᠢᠴᠢ ᠬᠠᠷᠠᠭᠠᠯᠵᠠᠯ ᠡᠳ᠋ᠯᠡᠬᠦ ᠶᠢ ᠨᠦᠯᠦᠭᠡᠯᠡᠬᠦ ᠣᠴᠢᠷ ᠠᠴᠠ ᠳᠠᠭᠠᠳᠬᠠᠯ ᠳᠤ ᠣᠷᠣᠯᠴᠠᠭᠰᠠᠨ ᠡᠯ᠎ᠡ ᠨᠢᠭᠡᠴᠡ ᠵᠥᠷᠢᠶ᠎ᠡ ᠶᠢᠨ ᠲᠣᠬᠢᠷᠠᠭᠤᠯᠤᠯᠲᠠ ᠬᠢᠭᠰᠡᠨ ᠬᠥᠮᠦᠨ ᠤ ᠲᠤᠭ᠎ᠠ᠂ ᠵᠣᠭᠤᠰ ᠤᠨ ᠲᠤᠭ᠎ᠠ ᠶᠢ ᠨᠠᠷᠢᠨ ᠬᠢᠨᠠᠮᠠᠭᠠᠶ ᠬᠠᠷᠭᠤᠭᠤᠯᠵᠤ᠂ ᠪᠤᠷᠤᠭᠤ ᠦᠭᠡᠢ ᠭᠡᠵᠦ ᠨᠤᠲᠠᠯᠠᠭᠰᠠᠨ ᠤ ᠳᠠᠷᠠᠭ᠎ᠠ ᠴᠠᠭ ᠲᠤᠬᠠᠶ ᠳᠤᠨᠢ ᠰᠦᠢᠳᠭᠡᠯ ᠲᠤᠰᠢᠶᠠᠵᠤ᠂ ᠳᠠᠭᠠᠳᠬᠠᠯ ᠳᠤ ᠤᠷᠤᠯᠴᠠᠭᠰᠠᠨ ᠠᠵᠢᠯᠲᠠᠨ ᠠᠵᠢᠯᠴᠢᠨ ᠤ ᠡᠯ᠎ᠡ ᠵᠦᠢᠯ ᠤᠨ ᠬᠠᠷᠠᠭᠠᠯᠵᠠᠯ ᠡᠳ᠋ᠯᠡᠬᠦ ᠶᠢ ᠪᠠᠲᠤᠯᠠᠬᠤ ᠬᠡᠷᠡᠭᠲᠡᠶ ᠭᠡᠵᠡᠢ᠃      ᠡᠭᠦᠨ ᠠᠴᠠ ᠭᠠᠳᠠᠨ᠎ᠠ᠂ ᠮᠠᠨ ᠤ ᠬᠤᠲᠠ ᠶᠢᠨ ᠠᠮᠢᠳᠤᠯᠢᠭ ᠢᠶᠠᠷ ᠠᠵᠢᠯ ᠣᠯᠤᠭᠰᠠᠨ ᠬᠥᠮᠦᠰ ᠤᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠲᠤᠰ ᠵᠢᠯ ᠤᠨ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠵᠠᠷᠤᠳᠠᠯ ᠢ ᠬᠢᠨᠠᠨ ᠲᠤᠭᠲᠠᠭᠠᠵᠤ ᠳᠠᠭᠤᠰᠬᠤ ᠴᠠᠭ ᠨᠢ 2020 ᠣᠨ ᠤ 11 ᠰᠠᠷ᠎ᠠ ᠶᠢᠨ 20 ᠤ ᠡᠳᠦᠷ ᠪᠣᠯᠤᠨ᠎ᠠ᠃ ᠠᠮᠢᠳᠤᠯᠢᠭ ᠢᠶᠠᠷ ᠠᠵᠢᠯ ᠣᠯᠤᠭᠰᠠᠳ ᠬᠤᠲᠠ ᠶᠢᠨ ᠳᠥᠷᠪᠡᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠣᠯᠤᠨ ᠨᠡᠶᠢᠭᠡᠮ ᠲᠣᠭᠤᠷᠢᠭ ᠤᠨ ᠣᠶᠢᠷ᠎ᠠ ᠬᠠᠪᠢ ᠳᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠦᠢᠳᠭᠡᠯ ᠤᠨ ᠰᠠᠭᠤᠷᠢ ᠲᠤᠭ᠎ᠠ ᠶᠢ ᠬᠢᠨᠠᠨ ᠲᠤᠭᠲᠠᠭᠠᠯᠭᠠᠵᠤ ᠪᠣᠯᠤᠨ᠎ᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号