ᠬᠤᠶᠠᠷ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ ᠬᠠᠤᠯᠢ ᠪᠠᠷ ᠵᠠᠰᠠᠬᠤ ᠡᠳ᠋ ᠤᠨ ᠵᠠᠰᠠᠭ ᠤᠨ ᠪᠠᠶᠢᠭᠤᠯᠤᠯᠲᠠ ᠶᠢ ᠴᠢᠩᠭᠠᠳᠬᠠᠶ᠎ᠠ
ᠨᠡᠶᠢᠲᠡᠯᠡᠭᠰᠡᠨ ᠴᠠᠭ᠄
2020/7/9
     ᠵᠣᠴᠢᠨ᠄ ᠬᠦᠬᠡᠬᠤᠲᠠ ᠶᠢᠨ ᠡᠳ᠋ ᠤᠨ ᠵᠠᠰᠠᠭ ᠤᠨ ᠲᠤᠪᠴᠢᠶ᠎ᠠ ᠶᠢᠨ ᠲᠡᠳ᠋ ᠭᠠᠵᠠᠷ ᠤᠨ ᠲᠡᠰ ᠤᠨ ᠤᠳᠤᠷᠢᠳᠤᠯᠭ᠎ᠠ ᠯᠢ ᠯᠦᠩ ᠯᠦᠩ          ᠬᠠᠤᠯᠢ ᠲᠦᠷᠢᠮ ᠭᠠᠶᠢᠯᠢ ᠶᠢᠨ ᠲᠥᠷᠥ ᠶᠢᠨ ᠪᠤᠳᠤᠯᠭ᠎ᠠ ᠶᠢᠨ ᠰᠠᠯᠠᠭ᠎ᠠ ᠶᠢᠨ ᠲᠡᠳ᠋ ᠰᠠᠯᠠᠭᠠᠨ ᠲᠠᠷᠤᠭ᠎ᠠ  ᠯᠢ ᠰᠧ ᠶᠣᠣ      1.ᠬᠠᠮᠢᠶᠠᠷᠤᠭᠴᠢ      ᠲᠤᠰ ᠤᠳᠠᠭᠠᠨ ᠤ ᠰᠤᠷᠪᠤᠯᠵᠢᠯᠠᠭ᠎ᠠ ᠪᠣᠯ ᠬᠥᠬᠡᠬᠤᠲᠠ ᠶᠢᠨ ᠵᠠᠰᠠᠭ ᠤᠨ ᠣᠷᠳᠣᠨ ᠤ ᠰᠦᠯᠵᠢᠶ᠎ᠡ ᠪᠣᠯᠤᠨ ᠬᠦᠬᠡᠬᠤᠲᠠ ᠶᠢᠨ ᠷᠠᠳᠢᠣ᠋ ᠲᠧᠯᠸᠢᠰ ᠬᠤᠷᠢᠶ᠎ᠠ  ᠶᠢᠨ ᠤᠳᠬ᠎ᠠ ᠤᠷᠠᠯᠢᠭ ᠤᠨ ᠨᠡᠪᠲᠡᠷᠡᠭᠦᠯᠭᠡ ᠶᠢᠨ ᠬᠠᠮᠲᠤᠷᠠᠭᠰᠠᠨ ᠲᠤᠰᠬᠠᠶ ᠰᠣᠷᠪᠤᠯᠵᠢᠯᠠᠭ᠎ᠠ ᠪᠣᠯᠤᠨ᠎ᠠ᠃ ᠰᠦᠯᠵᠢᠶᠡᠨ ᠠᠨᠳᠠ ᠨᠠᠷ ᠰᠦᠯᠵᠢᠶᠡᠨ ᠳᠡᠭᠡᠷ᠎ᠡ ᠦᠭᠡ ᠦᠯᠡᠳᠡᠭᠡᠵᠦ ᠡᠷᠬᠢᠮ ᠵᠣᠴᠢᠳ ᠲᠠᠢ ᠰᠠᠨᠠᠯ ᠢᠶᠠᠨ ᠰᠣᠯᠢᠯᠴᠠᠵᠤ ᠪᠣᠯᠤᠨ᠎ᠠ᠂ ᠰᠦᠯᠵᠢᠶᠡᠨ ᠠᠨᠳᠠ ᠨᠠᠷ ᠤᠨ ᠢᠳᠡᠪᠬᠢᠲᠡᠶ ᠣᠷᠣᠯᠴᠠᠬᠤ ᠶᠢ ᠪᠠᠶᠠᠷᠯᠠᠨ ᠤᠭᠲᠤᠵᠤ ᠪᠠᠶᠢᠨ᠎ᠠ᠃      2. ᠬᠦᠳᠦᠯᠦᠭᠴᠢ      5 ᠳ᠋ᠤᠭᠠᠷ ᠰᠠᠷ᠎ᠠ ᠶᠢᠨ 22 ᠤᠨ ᠡᠳᠦᠷ᠂ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ ᠯᠢ ᠺᠧ ᠴᠢᠶᠠᠩ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠡᠭᠡᠨ ᠡᠯ᠎ᠡ ᠱᠠᠲᠤᠨ ᠤ ᠵᠠᠰᠠᠭ ᠤᠨ ᠣᠷᠳᠣᠨ ᠤᠬᠠᠮᠰᠠᠷ ᠠᠴᠠ ᠪᠠᠨ ᠦᠵᠡᠯ ᠰᠠᠨᠠᠭᠠᠨ ᠤ ᠲᠠᠯ᠎ᠠ ᠪᠠᠷ᠂ ᠤᠯᠤᠰ ᠲᠥᠷᠥ ᠶᠢᠨ ᠲᠠᠯ᠎ᠠ ᠪᠠᠷ᠂ ᠦᠢᠯᠡ ᠠᠵᠢᠯᠯᠠᠭ᠎ᠠ ᠶᠢᠨ ᠲᠠᠯ᠎ᠠ ᠪᠠᠷ᠂ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠦᠢᠯᠡᠳᠦᠯᠭᠡᠵᠢᠭᠦᠯᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠢ ᠪᠠᠶᠢᠭᠤᠯᠵᠤ᠂ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠪᠠᠷᠢᠮᠲᠠᠯᠠᠵᠤ᠂ ᠵᠠᠰᠠᠬᠤ ᠴᠢᠳᠠᠪᠤᠷᠢ ᠪᠠᠨ ᠲᠡᠭᠡᠭᠰᠢᠯᠡᠭᠦᠯᠬᠦ ᠬᠡᠷᠡᠭᠲᠡᠢ ᠭᠡᠵᠡᠢ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠨᠠᠭᠠᠰᠢ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠦᠬᠦ ᠲᠠᠯ᠎ᠠ ᠪᠠᠷ ᠬᠠᠤᠯᠢ ᠶᠣᠰᠣᠭᠠᠷ ᠤᠯᠤᠰ ᠢᠶᠠᠨ ᠵᠠᠰᠠᠬᠤ ᠶᠢ ᠭᠦᠨᠵᠡᠭᠡᠶ ᠠᠬᠢᠭᠤᠯᠬᠤ ᠠᠯᠢ ᠣᠯᠠᠨ ᠰᠢᠨ᠎ᠡ ᠱᠠᠭᠠᠷᠳᠠᠯᠭ᠎ᠠ᠂ ᠰᠢᠨ᠎ᠡ ᠡᠭᠦᠷᠭᠡ ᠶᠢ ᠳᠤᠷᠠᠳᠴᠤ᠂ ᠢᠯᠠᠩᠭᠤᠶ᠎ᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠠᠴᠠ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠰᠢᠰᠲ᠋ᠧᠮ ᠢ ᠪᠠᠶᠢᠭᠤᠯᠬᠤ᠂ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠤᠯᠤᠰ ᠢ ᠪᠠᠶᠢᠭᠤᠯᠬᠤ ᠪᠣᠯ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ ᠶᠢᠨ ᠳᠣᠲᠣᠭᠠᠳᠤ ᠱᠠᠭᠠᠷᠳᠠᠯᠭ᠎ᠠ ᠮᠥᠨ ᠭᠡᠵᠦ ᠤᠯᠠᠮ ᠨᠢᠭᠡ ᠠᠯᠬᠤᠮ ᠲᠣᠳᠣᠷᠬᠠᠶᠢᠯᠠᠪᠠ᠃  ᠶᠡᠷᠦᠨᠢ ᠡᠳ᠋ ᠤᠨ ᠵᠠᠰᠠᠭ ᠤᠨ ᠬᠠᠤᠯᠢ ᠪᠠᠷ ᠵᠠᠰᠠᠬᠤ ᠪᠠᠶᠢᠭᠤᠯᠤᠯᠲᠠ ᠨᠢ ᠬᠠᠤᠯᠢ ᠪᠠᠷ ᠵᠠᠰᠠᠬᠤ ᠤᠯᠤᠰ᠂ ᠬᠠᠤᠯᠢ ᠪᠠᠷ ᠵᠠᠰᠠᠬᠤ ᠵᠠᠰᠠᠭ ᠤᠨ ᠣᠷᠳᠣᠨ᠂ ᠬᠠᠤᠯᠢ ᠪᠠᠷ ᠵᠠᠰᠠᠬᠤ ᠨᠡᠶᠢᠭᠡᠮ ᠤᠨ ᠪᠦᠬᠦ ᠲᠠᠯ᠎ᠠ ᠳᠤ ᠴᠢᠬᠤᠯᠠ ᠪᠠᠶᠢᠷᠢᠨ ᠳᠤ ᠣᠷᠣᠰᠢᠵᠤ ᠪᠠᠶᠢᠳᠠᠭ᠂ ᠤᠯᠤᠰ ᠢ ᠵᠠᠰᠠᠬᠤ ᠰᠢᠰᠲ᠋ᠧᠮ ᠪᠠ ᠵᠠᠰᠠᠬᠤ ᠴᠢᠳᠠᠪᠤᠷᠢ ᠶᠢᠨ ᠣᠳᠣᠬᠢᠴᠢᠯᠠᠯᠲᠠ ᠶᠢ ᠪᠡᠶᠡᠯᠡᠭᠦᠯᠵᠦ᠂ ᠰᠢᠨ᠎ᠡ ᠨᠢᠭᠡ ᠡᠭᠡᠯᠵᠢ ᠶᠢᠨ ᠡᠳ᠋ ᠤᠨ ᠵᠠᠰᠠᠭ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶ ᠬᠡᠷᠡᠭᠵᠢᠬᠦᠯᠬᠦ ᠶᠢ ᠲᠦᠯᠬᠢᠨ ᠠᠬᠢᠭᠤᠯᠬᠤ ᠳᠤ ᠡᠳ᠋ ᠤᠨ ᠵᠠᠰᠠᠭ ᠤᠨ ᠬᠠᠤᠯᠢ ᠪᠠᠷ ᠵᠠᠰᠠᠬᠤ ᠪᠠᠶᠢᠭᠤᠯᠤᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠪᠠᠷ ᠳᠠᠮᠵᠢᠭᠤᠯᠤᠨ ᠪᠠᠳᠤᠯᠠᠭ᠎ᠠ ᠬᠠᠩᠭᠠᠬᠤ ᠪᠠ ᠬᠠᠮᠤᠭ ᠤᠨ ᠰᠠᠶᠢᠨ ᠠᠷᠭ᠎ᠠ ᠵᠠᠮ ᠬᠠᠩᠭᠠᠬᠤ ᠴᠢᠬᠤᠯᠠᠲᠠᠶ ᠶᠤᠮ᠃ ᠮᠠᠨ ᠤ ᠬᠤᠲᠠ ᠶᠢᠨ ᠡᠳ᠋ ᠤᠨ ᠵᠠᠰᠠᠭ ᠤᠨ ᠬᠠᠤᠯᠢ ᠪᠠᠷ ᠵᠠᠰᠠᠬᠤ ᠪᠠᠶᠢᠭᠤᠯᠤᠯᠲᠠ ᠨᠢ ᠶᠠᠮᠠᠷ ᠶᠠᠮᠠᠷ ᠠᠵᠢᠯ ᠬᠢᠭᠰᠡᠨ ᠪᠣᠯ︖ ᠶᠠᠮᠠᠷ ᠶᠠᠮᠠᠷ ᠦᠷ᠎ᠡ ᠪᠦᠲᠦᠮᠵᠢ ᠣᠯᠤᠭᠰᠠᠨ ᠪᠣᠯ︖ ᠥᠨᠥᠳᠦᠷ ᠤᠨ ᠨᠡᠪᠳᠡᠷᠡᠭᠦᠯᠭᠡ ᠪᠠᠷ ᠪᠢᠳᠡ ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠨᠥᠬᠦᠳ ᠢ ᠣᠨᠴᠠᠭᠠᠶᠢᠯᠠᠨ ᠤᠷᠢᠵᠤ᠂ ᠬᠠᠤᠯᠢ ᠪᠠᠷ ᠵᠠᠰᠠᠬᠤ ᠡᠳ᠋ ᠤᠨ ᠵᠠᠰᠠᠭ ᠤᠨ ᠪᠠᠶᠢᠭᠤᠯᠤᠯᠲᠠ ᠶᠢᠨ ᠲᠣᠭᠤᠷᠢᠨ ᠳᠤ ᠰᠦᠯᠵᠢᠶᠡᠨ ᠠᠨᠳᠠ ᠨᠠᠷ ᠪᠣᠯᠤᠨ ᠰᠣᠨᠣᠰᠤᠭᠴᠢᠳ ᠲᠠᠢ ᠰᠦᠯᠵᠢᠶᠡᠨ ᠳᠡᠭᠡᠷ᠎ᠡ ᠰᠠᠨᠠᠯ ᠢᠶᠠᠨ ᠰᠣᠯᠢᠯᠴᠠᠬᠤ ᠪᠤᠯᠤᠨ᠎ᠠ᠃      3.ᠬᠦᠲᠦᠯᠦᠭᠴᠢ      2015 ᠣᠨ ᠳᠤ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠬᠠᠤᠯᠢ ᠪᠠᠷ ᠵᠠᠰᠠᠬᠤ ᠵᠠᠰᠠᠭ ᠤᠨ ᠣᠷᠳᠣᠨ ᠢ ᠦᠨᠳᠦᠰᠦᠨ ᠳᠡᠭᠡᠨ ᠪᠠᠶᠢᠭᠤᠯᠤᠨ ᠪᠦᠲᠦᠭᠡᠬᠦ ᠶᠢ 2020 ᠣᠨ ᠪᠣᠯᠬᠤ ᠳᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠴᠢᠬᠤᠯᠠ ᠬᠠᠷᠠᠯᠲᠠ ᠶᠢᠨ ᠨᠢᠭᠡ ᠪᠣᠯᠭᠠᠨ ᠲᠣᠭᠲᠠᠭᠠᠭᠰᠠᠨ ᠪᠥᠭᠡᠳ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠪᠣᠳᠠᠲᠤ ᠪᠠᠶᠢᠳᠠᠯ ᠳᠤ ᠴᠢᠭᠯᠡᠭᠦᠯᠦᠨ᠂ ︽ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠬᠡᠷᠡᠭᠵᠢᠭᠦᠯᠬᠦ ᠬᠥᠲᠥᠯᠪᠦᠷᠢ ︵2015 — 2020︶︾ ᠶᠢ ᠲᠣᠭᠲᠠᠭᠠᠪᠠ᠃ ᠡᠭᠦᠨ ᠤ ᠳᠣᠲᠣᠷᠠᠬᠢ ᠮᠠᠰᠢ ᠣᠯᠠᠨ ᠴᠢᠬᠤᠯᠠ ᠠᠵᠢᠯ ᠢ ᠡᠳ᠋ ᠤᠨ ᠵᠠᠰᠠᠭ ᠤᠨ ᠰᠠᠯᠠᠭ᠎ᠠ ᠮᠥᠴᠢᠷ ᠲᠦᠷᠦᠭᠦᠯᠡᠨ ᠪᠡᠶᠡᠯᠡᠭᠦᠯᠦᠭᠰᠡᠨ ᠶᠤᠮ᠂ ᠲᠡᠭᠡᠪᠡᠯ ᠮᠠᠨ ᠤ ᠲᠥᠪ ᠬᠤᠲᠠ ᠶᠢᠨ ᠡᠳ᠋ ᠤᠨ ᠵᠠᠰᠠᠭ ᠤᠨ ᠰᠠᠯᠠᠭ᠎ᠠ ᠮᠥᠴᠢᠷ ᠪᠦᠬᠦ ᠬᠤᠲᠠ ᠶᠢᠨ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠢ ᠠᠬᠢᠭᠤᠯᠬᠤ ᠶᠠᠪᠤᠴᠠ ᠳᠤ ᠲᠤᠰ ᠪᠡᠶ᠎ᠡ ᠶᠢᠨ ᠡᠭᠦᠷᠭᠡ ᠴᠢᠳᠠᠪᠬᠢ ᠠᠴᠠ ᠪᠠᠨ ᠡᠭᠦᠰᠴᠦ᠂ ᠶᠠᠮᠠᠷ ᠶᠠᠮᠠᠷ ᠭᠤᠤᠯᠳᠠᠯᠭ᠎ᠠ ᠲᠠᠢ ᠠᠵᠢᠯ ᠢ ᠲᠦᠷᠦᠭᠦᠯᠡᠨ ᠬᠢᠭᠰᠡᠨ ᠪᠣᠶ︖      4. ᠬᠦᠬᠡᠬᠤᠲᠠ ᠶᠢᠨ ᠡᠳ᠋ ᠤᠨ ᠵᠠᠰᠠᠭ ᠤᠨ ᠲᠤᠪᠴᠢᠶ᠎ᠠ ᠶᠢᠨ ᠲᠡᠳ᠋ ᠭᠠᠵᠠᠷ ᠤᠨ ᠲᠡᠰ ᠤᠨ ᠤᠳᠤᠷᠢᠳᠤᠯᠭ᠎ᠠ ᠯᠢ ᠯᠦᠩ ᠯᠦᠩ        ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ︽ᠬᠥᠲᠥᠯᠪᠦᠷᠢ︾ ᠪᠣᠯᠤᠨ ᠡᠳ᠋ ᠤᠨ ᠵᠠᠰᠠᠭ ᠤᠨ ᠶᠠᠮᠤᠨ ᠤ ︽ᠬᠠᠤᠯᠢ ᠪᠠᠷ ᠵᠠᠰᠠᠬᠤ ᠡᠳ᠋ ᠤᠨ ᠵᠠᠰᠠᠭ ᠤᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠦᠯ︾ ᠤᠨ ᠵᠣᠷᠢᠭ ᠰᠠᠨᠠᠭ᠎ᠠ ᠶᠢ ᠡᠷᠡᠰ ᠨᠠᠶᠢᠳᠠᠪᠤᠷᠢᠵᠢᠭᠤᠯᠵᠤ᠂ ︽ᠬᠠᠤᠯᠢ ᠶᠣᠰᠣᠭᠠᠷ ᠵᠠᠰᠠᠭ ᠶᠠᠪᠤᠭᠤᠯᠬᠤ᠂ ᠬᠠᠤᠯᠢ ᠶᠣᠰᠣᠭᠠᠷ ᠡᠳ᠋ ᠤᠨ ᠶᠠᠪᠤᠳᠠᠯ ᠢ ᠬᠠᠮᠢᠶᠠᠷᠬᠤ︾ ᠪᠠᠷ ᠵᠢᠯᠤᠭᠤᠳᠬᠤ ᠦᠵᠡᠯ ᠰᠠᠨᠠᠭ᠎ᠠ ᠪᠣᠯᠭᠠᠵᠤ᠂ ᠬᠠᠤᠯᠢ ᠪᠠᠷ ᠵᠠᠰᠠᠬᠤ ᠵᠠᠰᠠᠭ  ᠤᠨ ᠣᠷᠳᠣᠨ ᠤ ᠪᠠᠶᠢᠭᠤᠯᠤᠯᠲᠠ ᠶᠢᠨ ᠡᠯ᠎ᠡ ᠵᠦᠢᠯ ᠤᠨ ᠠᠷᠭ᠎ᠠ ᠬᠡᠮᠵᠢᠶ᠎ᠡ ᠱᠠᠭᠠᠷᠳᠠᠯᠭ᠎ᠠ ᠶᠢ ᠢᠳᠡᠪᠬᠢᠲᠡᠢ  ᠨᠠᠶᠢᠳᠠᠪᠤᠷᠢᠵᠢᠭᠤᠯᠵᠤ᠂ ᠬᠠᠤᠯᠢ ᠪᠠᠷ ᠵᠠᠰᠠᠬᠤ ᠡᠳ᠋ ᠤᠨ ᠵᠠᠰᠠᠭ ᠤᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠡᠳ᠋ ᠤᠨ ᠵᠠᠰᠠᠭ ᠤᠨ ᠡᠭᠦᠷᠭᠡ ᠴᠢᠳᠠᠪᠬᠢ ᠪᠠᠨ ᠪᠦᠬᠦ ᠲᠠᠯ᠎ᠠ ᠪᠠᠷ ᠬᠦᠢᠴᠡᠳᠭᠡᠵᠦ᠂ ᠡᠳ᠋ ᠤᠨ ᠵᠠᠰᠠᠭ ᠤᠨ ᠡᠯ᠎ᠡ ᠵᠦᠢᠯ ᠤᠨ ᠠᠵᠢᠯ ᠢ ᠬᠠᠤᠯᠢ ᠶᠣᠰᠣᠭᠠᠷ ᠵᠠᠰᠠᠭ ᠶᠠᠪᠤᠭᠤᠯᠬᠤ ᠵᠠᠮ ᠢᠶᠠᠷ ᠠᠵᠢᠯᠯᠠᠭᠤᠯᠪᠠ᠃ ᠨᠢᠭᠡ ᠳᠤ ᠡᠳ᠋ ᠤᠨ ᠵᠠᠰᠠᠭ ᠤᠨ ᠪᠡᠯᠡ ᠮᠥᠩᠭᠦ ᠶᠢ ᠬᠠᠤᠯᠢ ᠲᠣᠭᠲᠠᠭᠠᠯ ᠶᠣᠰᠣᠭᠠᠷ ᠲᠣᠬᠢᠷᠠᠭᠤᠯᠪᠠ᠃ ︽ᠲᠥᠰᠦᠪ ᠤᠨ ᠬᠠᠤᠯᠢ︾ ︽ᠥᠪᠥᠷ ᠮᠣᠩᠭᠤᠯ ᠤᠨ ᠲᠥᠰᠦᠪ ᠢ ᠬᠢᠨᠠᠨ ᠪᠠᠶᠢᠴᠠᠭᠠᠵᠤ ᠬᠢᠨᠠᠯᠲᠠ ᠲᠠᠯᠪᠢᠬᠤ ᠳᠦᠷᠢᠮ︾ ᠤᠨ ᠲᠣᠭᠲᠠᠭᠠᠯ ᠢ ᠴᠢᠩᠭ᠎ᠠ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠲᠥᠰᠦᠪ ᠢ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠶᠢ ᠴᠢᠩᠭᠠᠳᠬᠠᠵᠤ᠂ ᠣᠷᠣᠯᠭ᠎ᠠ ᠶᠢᠨ ᠲᠥᠰᠦᠪ ᠤᠨ ᠬᠠᠮᠢᠶᠠᠷᠤᠯᠲᠠ ᠶᠢ ᠳᠦᠷᠢᠮᠵᠢᠭᠦᠯᠵᠦ᠂ ᠬᠤᠲᠠ ᠶᠢᠨ ᠲᠣᠰ ᠱᠠᠲᠤᠨ ᠤ ᠲᠥᠰᠦᠪ ᠤᠨ ᠪᠡᠯᠡ ᠮᠥᠩᠭᠦ ᠶᠢ ᠬᠠᠤᠯᠢ ᠲᠣᠭᠲᠠᠭᠠᠯ ᠶᠣᠰᠣᠭᠠᠷ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠪᠠᠷ ᠲᠣᠬᠢᠷᠠᠭᠤᠯᠵᠤ᠂ ᠵᠦᠢ ᠵᠣᠬᠢᠰᠲᠠᠢ ᠡᠳ᠋ ᠬᠥᠷᠥᠩᠭᠡ ᠶᠢᠨ ᠲᠣᠬᠢᠷᠠᠭᠤᠯᠤᠯᠲᠠ ᠬᠢᠪᠡ᠃ ᠰᠠᠯᠠᠭ᠎ᠠ ᠮᠥᠴᠢᠷ ᠤᠨ ᠲᠥᠰᠦᠪ ᠢ ᠴᠠᠭ ᠲᠤᠬᠠᠶ ᠳᠤᠨᠢ ᠴᠤᠬᠤᠯᠠᠪᠤᠷᠢᠯᠠᠨ ᠬᠠᠷᠢᠭᠤᠯᠵᠤ᠂ ᠲᠥᠰᠦᠪ  ᠢ ᠬᠦᠢᠴᠡᠳᠭᠡᠬᠦ ᠵᠢᠴᠢ ᠲᠥᠰᠦᠪ ᠢ ᠢᠯᠡ ᠪᠣᠯᠭᠠᠬᠤ ᠳᠤ ᠪᠣᠳᠠᠲᠠᠶ ᠱᠠᠭᠠᠷᠳᠠᠯᠭ᠎ᠠ ᠳᠤᠷᠠᠳᠴᠤ᠂ ᠡᠳ᠋ ᠤᠨ ᠵᠠᠰᠠᠭ ᠤᠨ ᠪᠡᠯᠡ ᠮᠥᠩᠭᠦ ᠣᠯᠭᠤᠬᠤ ᠳᠤ ᠬᠢᠨᠠᠯᠲᠠ ᠲᠠᠯᠪᠢᠵᠤ ᠬᠠᠮᠢᠶᠠᠷᠬᠤ ᠶᠢ ᠴᠢᠩᠳᠠᠯᠠᠵᠤ᠂ ᠲᠥᠰᠦᠪ ᠤᠨ ᠵᠠᠷᠤᠳᠠᠯ ᠤᠨ ᠲᠤᠰᠬᠠᠶ ᠮᠦᠩᠭᠦ ᠶᠢ ᠲᠤᠰᠬᠠᠶ ᠵᠦᠢᠯ ᠳᠤᠨᠢ ᠬᠡᠷᠡᠭᠯᠡᠬᠦ ᠶᠢ ᠦᠨᠡᠨᠬᠦ ᠪᠠᠳᠤᠯᠠᠪᠠ᠃      ᠬᠤᠶᠠᠷ ᠲᠤ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠰᠦᠢᠳᠭᠡᠯ ᠬᠤᠷᠢᠶᠠᠬᠤ ᠪᠠ ᠵᠠᠰᠠᠭ ᠤᠨ ᠣᠷᠳᠣᠨ ᠤ ᠴᠢᠨᠠᠷᠳᠠᠢ ᠰᠠᠭᠤᠷᠢ ᠮᠥᠩᠭᠦ ᠶᠢᠨ ᠨᠠᠷᠢᠨ ᠬᠠᠭᠤᠳᠠᠰᠤ ᠶᠢ ᠪᠠᠶᠢᠭᠤᠯᠤᠨ ᠨᠡᠶᠢᠲᠡᠯᠡᠨ᠎ᠡ᠃ ᠵᠠᠰᠠᠭ  ᠵᠠᠬᠢᠷᠭᠠᠨ ᠠᠵᠢᠯ ᠦᠢᠯᠡᠰ ᠤᠨ ᠴᠢᠨᠠᠷᠲᠠᠶ ᠰᠦᠢᠳᠬᠡᠯ ᠬᠤᠷᠢᠶᠠᠬᠤ ᠬᠠᠮᠢᠶᠠᠷᠤᠯᠲᠠ ᠶᠢ ᠴᠢᠩᠭᠠᠳᠬᠠᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠠᠬᠢᠭᠤᠯᠬᠤ ᠶᠢᠨ ᠲᠥᠯᠥᠭᠡ᠂ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠲᠠᠢ ᠬᠠᠮᠲᠤᠷᠠᠨ ︽ᠬᠥᠬᠡᠬᠤᠲᠠ ᠶᠢᠨ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠰᠦᠢᠳᠭᠡᠯ ᠬᠤᠷᠢᠶᠠᠬᠤ ᠲᠥᠷᠥᠯ ᠵᠦᠢᠯ ᠤᠨ ᠭᠠᠷᠴᠠᠭ ᠤᠨ ᠨᠠᠷᠢᠨ ᠬᠠᠭᠤᠳᠠᠰᠤ ᠪᠠ ᠠᠵᠤ ᠠᠬᠤᠶᠢᠯᠠᠯ ᠳᠤ ᠬᠤᠯᠪᠣᠭᠳᠠᠭᠰᠠᠨ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠰᠦᠢᠳᠭᠡᠯ ᠬᠤᠷᠢᠶᠠᠬᠤ ᠲᠥᠷᠥᠯ ᠵᠦᠢᠯ ᠤᠨ ᠭᠠᠷᠴᠠᠭ ᠤᠨ ᠨᠠᠷᠢᠨ ᠬᠠᠭᠤᠳᠠᠰᠤ︾ ᠶᠢ ᠳᠠᠷᠤᠮᠠᠯᠯᠠᠨ ᠲᠠᠷᠬᠠᠭᠠᠬᠤ ᠶᠢᠨ ᠬᠠᠮᠲᠤ᠂ ᠬᠤᠲᠠ ᠶᠢᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ ᠪᠠᠷ ᠳᠠᠮᠵᠢᠭᠤᠯᠤᠨ ᠨᠡᠶᠢᠭᠡᠮ ᠳᠤ ᠨᠡᠶᠢᠲᠡᠯᠡᠪᠡ᠃ ᠡᠭᠦᠨ ᠤ ᠬᠠᠮᠲᠤ ᠵᠠᠭᠠᠯᠳᠤᠬᠤ ᠢᠯᠡᠴᠢᠯᠡᠨ ᠮᠡᠳᠡᠭᠦᠯᠬᠦ ᠤᠲᠠᠰᠤ ᠶᠢ ᠨᠡᠶᠢᠲᠡᠯᠡᠪᠡ᠃ ᠨᠠᠷᠢᠨ ᠬᠠᠭᠤᠳᠠᠰᠤ ᠠᠴᠠ ᠭᠠᠳᠠᠨᠠᠬᠢ᠂ ᠬᠠᠤᠯᠢ ᠳᠤ ᠨᠡᠶᠢᠴᠡᠬᠦ ᠦᠭᠡᠢ᠂ ᠲᠣᠭᠲᠠᠭᠠᠯ ᠳᠤ ᠨᠡᠶᠢᠴᠡᠬᠦ ᠦᠭᠡᠢ᠂ ᠵᠦᠶ ᠵᠣᠬᠢᠰ ᠦᠭᠡᠢ  ᠰᠦᠢᠳᠭᠡᠯ ᠬᠤᠷᠢᠶᠠᠬᠤ ᠲᠥᠷᠥᠯ ᠵᠦᠢᠯ ᠢ ᠴᠥᠮ ᠬᠦᠴᠦᠨ ᠦᠭᠡᠢ ᠪᠣᠯᠭᠠᠬᠤ ᠶᠢᠨ ᠬᠠᠮᠲᠤ ᠤᠯᠤᠰ᠂ ᠥᠪᠡᠷᠲᠡᠭᠡᠨ ᠵᠠᠰᠠᠬᠤ ᠣᠷᠣᠨ ᠤ ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯᠲᠠ ᠶᠢ ᠦᠨᠳᠦᠰᠦᠯᠡᠨ᠂ ᠲᠣᠳᠣᠷᠬᠠᠶ ᠬᠠᠭᠤᠳᠠᠰᠤ ᠶᠢ ᠴᠠᠭ ᠲᠤᠬᠠᠢ ᠳᠤᠨᠢ ᠰᠢᠨᠡᠳᠬᠡᠵᠦ᠂ ᠬᠥᠳᠡᠯᠦᠩᠭᠦᠶ ᠬᠠᠮᠢᠶᠠᠷᠤᠯᠲᠠ ᠬᠢᠪᠡ᠃ ᠡᠭᠦᠨ ᠤ ᠵᠡᠷᠭᠡ ᠪᠠᠷ ᠮᠠᠨ ᠤ ᠲᠣᠪᠴᠢᠶ᠎ᠠ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠰᠦᠢᠳᠭᠡᠯ ᠬᠤᠷᠢᠶᠠᠬᠤ ᠪᠠ ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦ ᠶᠢ ᠲᠤᠰᠬᠠᠶ ᠬᠢᠨᠠᠨ ᠪᠠᠶᠢᠴᠠᠭᠠᠬᠤ ᠠᠵᠢᠯ ᠥᠷᠨᠢᠭᠦᠯᠪᠡ᠃ ᠮᠠᠨ ᠤ ᠬᠤᠲᠠ ᠶᠢᠨ ᠬᠠᠤᠯᠢ ᠪᠠᠷ ᠵᠠᠰᠠᠬᠤ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠤᠯᠠᠮ ᠨᠢᠭᠡ ᠠᠯᠬᠤᠮ ᠪᠣᠢ ᠪᠣᠯᠭᠠᠵᠤ᠂ ᠲᠣᠭᠲᠠᠭᠠᠯ ᠠᠴᠠ ᠵᠥᠷᠢᠴᠡᠨ ᠬᠡᠯᠪᠡᠷᠢ ᠶᠢ ᠨᠢ ᠥᠭᠡᠷᠡᠲᠦᠭᠦᠯᠦᠨ ᠰᠦᠢᠳᠬᠡᠯ ᠬᠤᠷᠢᠶᠠᠬᠤ᠂ ᠲᠤᠬᠢᠶᠠᠯ ᠢ ᠵᠠᠪᠳᠤᠨ ᠰᠦᠢᠳᠬᠡᠯ ᠬᠤᠷᠢᠶᠠᠬᠤ ᠵᠡᠷᠭᠡ ᠳᠤᠷ᠎ᠠ ᠪᠠᠷ ᠢᠶᠠᠨ ᠰᠦᠢᠳᠬᠡᠯ ᠬᠤᠷᠢᠶᠠᠬᠤ ᠠᠰᠠᠭᠤᠳᠠᠯ ᠭᠠᠷᠬᠤ ᠶᠢ ᠡᠷᠡᠰ ᠬᠤᠷᠢᠭᠯᠠᠪᠠ᠃      ᠭᠤᠷᠪᠠ ᠳᠤ ᠵᠠᠰᠠᠭ ᠤᠨ ᠣᠷᠳᠣᠨ ᠤᠯᠠᠨ ᠨᠡᠶᠢᠲᠡ ᠶᠢᠨ ᠦᠢᠯᠡᠴᠢᠯᠡᠭᠡ ᠬᠤᠳᠠᠯᠳᠤᠨ ᠠᠪᠬᠤ ᠲᠦᠷᠢᠮ ᠢ ᠪᠠᠶᠢᠭᠤᠯᠤᠨ ᠲᠡᠭᠦᠯᠳᠡᠷᠵᠢᠬᠦᠯᠪᠡ᠃ ᠮᠠᠨ ᠤ ᠬᠤᠲᠠ ᠶᠢᠨ ᠪᠣᠳᠠᠲᠤ ᠪᠠᠶᠢᠳᠠᠯ ᠢ ᠦᠨᠳᠦᠰᠦᠯᠡᠵᠦ᠂ ︽ᠬᠥᠬᠡᠬᠤᠲᠠ ᠶᠢᠨ ᠵᠠᠰᠠᠭ ᠤᠨ ᠣᠷᠳᠣᠨ ᠨᠡᠶᠢᠭᠡᠮ ᠤᠨ ᠬᠦᠴᠦᠨ ᠠᠴᠠ ᠦᠢᠯᠡᠴᠢᠯᠡᠭᠡ ᠬᠤᠳᠠᠯᠳᠤᠨ ᠠᠪᠬᠤ  ᠬᠡᠷᠡᠭᠵᠢᠬᠦᠯᠬᠦ ᠰᠠᠨᠠᠯ︾᠂ ︽ᠬᠥᠬᠡᠬᠤᠲᠠ ᠶᠢᠨ ᠵᠠᠰᠠᠭ ᠤᠨ ᠣᠷᠳᠣᠨ ᠨᠡᠶᠢᠭᠡᠮ ᠤᠨ ᠬᠦᠴᠦᠨ ᠠᠴᠠ ᠦᠢᠯᠡᠴᠢᠯᠡᠭᠡ ᠬᠤᠳᠠᠯᠳᠤᠨ ᠠᠪᠬᠤ ᠠᠵᠢᠯ ᠤᠨ ᠴᠤᠪᠤᠷᠠᠯ ︵ᠲᠤᠷᠰᠢᠨ ᠬᠡᠷᠡᠭᠵᠢᠭᠦᠯᠬᠦ︶︾ ᠪᠣᠯᠤᠨ ︽ᠬᠥᠬᠡᠬᠤᠲᠠ ᠶᠢᠨ ᠵᠠᠰᠠᠭ ᠤᠨ ᠣᠷᠳᠣᠨ ᠨᠡᠶᠢᠭᠡᠮ ᠤᠨ ᠬᠦᠴᠦᠨ ᠠᠴᠠ ᠦᠢᠯᠡᠴᠢᠯᠡᠭᠡ ᠬᠤᠳᠠᠯᠳᠤᠨ ᠠᠪᠬᠤ ᠵᠢᠯᠣᠭᠤᠳᠬᠤ ᠴᠢᠨᠠᠷᠲᠠᠢ ᠭᠠᠷᠴᠠᠭ︾ ᠵᠡᠷᠭᠡ ᠪᠢᠴᠢᠭ ᠮᠠᠲ᠋ᠧᠷᠢᠶᠠᠯ ᠢ ᠲᠣᠭᠲᠠᠭᠠᠵᠤ᠂ ᠪᠦᠬᠦ ᠬᠤᠳᠠ ᠶᠢᠨ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠠᠵᠢᠯ ᠢ ᠵᠢᠯᠤᠭᠤᠳᠪᠠ᠃ ᠡᠳ᠋ ᠤᠨ ᠵᠠᠰᠠᠭ᠂ ᠠᠷᠠᠳ ᠤᠨ ᠶᠠᠪᠤᠳᠠᠯ᠂ ᠠᠵᠤ ᠦᠢᠯᠡᠳᠪᠦᠷᠢ ᠬᠤᠳᠠᠯᠳᠤᠭ᠎ᠠ ᠵᠡᠷᠭᠡ ᠰᠠᠯᠠᠭ᠎ᠠ ᠮᠥᠴᠢᠷ ᠤᠳ ᠬᠦᠴᠦ ᠪᠠᠨ ᠬᠠᠮᠲᠤᠳᠬᠠᠨ ᠬᠠᠮᠵᠢᠯᠴᠠᠵᠤ᠂ ᠤᠯᠤᠰ ᠤᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠶᠢ ᠨᠡᠶᠢᠭᠡᠮ ᠤᠨ ᠵᠣᠬᠢᠶᠠᠨ ᠪᠠᠶᠢᠭᠤᠯᠤᠯᠲᠠ ᠠᠴᠠ ᠬᠦᠯᠢᠶᠡᠨ ᠠᠪᠬᠤ ᠠᠵᠢᠯ ᠢ ᠢᠳᠡᠪᠬᠢᠲᠡᠶ ᠲᠦᠯᠬᠢᠨ ᠠᠬᠢᠭᠤᠯᠪᠠ᠃ ᠡᠯ᠎ᠡ ᠰᠠᠯᠠᠭ᠎ᠠ ᠮᠥᠴᠢᠷ ᠢ ᠵᠢᠯᠣᠭᠤᠳᠤᠨ ᠰᠢᠮᠳᠠᠭᠤᠯᠵᠤ ᠪᠠᠶᠢᠭᠠᠳ ᠰᠠᠯᠠᠭ᠎ᠠ ᠮᠥᠴᠢᠷ ᠤᠨ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠵᠢᠯᠣᠭᠤᠳᠬᠤ ᠴᠢᠨᠠᠷᠲᠠᠶ ᠭᠠᠷᠴᠠᠭ ᠢ ᠨᠠᠶᠢᠷᠠᠭᠤᠯᠤᠨ ᠵᠤᠬᠢᠶᠠᠯᠭᠠᠬᠤ ᠶᠢᠨ ᠬᠠᠮᠳᠤ ᠡᠳ᠋ ᠤᠨ ᠵᠠᠰᠠᠭ ᠤᠨ ᠠᠯᠪᠠᠨ ᠰᠦᠯᠵᠢᠶ᠎ᠡ ᠳᠤ ᠲᠤᠰᠬᠠᠶᠢᠯᠠᠨ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠲᠤᠰᠬᠠᠢ ᠢᠯᠡ ᠪᠤᠯᠤᠩ ᠭᠠᠷᠭᠠᠵᠤ᠂ 68 ᠰᠠᠯᠠᠭ᠎ᠠ ᠮᠥᠴᠢᠷ ᠲᠤ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠵᠢᠯᠣᠭᠤᠳᠬᠤ ᠴᠢᠨᠠᠷᠲᠠᠶ ᠭᠠᠷᠴᠠᠭ ᠢ ᠢᠯᠡ ᠪᠣᠯᠭᠠᠵᠤ ᠥᠭᠴᠡᠶ᠃      ᠲᠦᠷᠪᠡ ᠳᠤ ᠭᠠᠶᠢᠯᠢ ᠶᠢᠨ ᠪᠤᠰᠤ ᠣᠷᠣᠯᠭ᠎ᠠ ᠶᠢᠨ ︽ᠣᠷᠣᠯᠭ᠎ᠠ ᠵᠠᠷᠤᠯᠭ᠎ᠠ ᠶᠢ ᠠᠰ ᠠᠰ ᠲᠤᠨᠢ ᠬᠠᠮᠢᠶᠠᠷᠬᠤ︾ ᠶᠢ ᠴᠢᠩᠭ᠎ᠠ ᠬᠡᠷᠡᠭᠵᠢᠬᠦᠯᠪᠡ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠪᠤᠰᠤ ᠣᠷᠣᠯᠭ᠎ᠠ ᠶᠢᠨ ᠬᠠᠮᠢᠶᠠᠷᠤᠯᠲᠠ ᠶᠢᠨ ᠬᠡᠷᠡᠭᠵᠢᠭᠦᠯᠬᠦ ᠠᠷᠭ᠎ᠠ︾ ᠶᠢ ᠴᠢᠩᠭ᠎ᠠ ᠬᠡᠷᠡᠭᠵᠢᠬᠦᠯᠦᠨ ᠲᠠᠲᠠᠪᠤᠷᠢᠯᠠᠨ ᠬᠠᠮᠢᠶᠠᠷᠬᠤ᠂ ᠫᠢᠶᠣᠣ ᠪᠠᠷᠢᠮᠲᠠ ᠶᠢᠨ ᠬᠠᠮᠢᠶᠠᠷᠤᠯᠲᠠ ᠪᠠ ᠪᠡᠯᠡ ᠮᠥᠩᠭᠦ ᠶᠢᠨ ᠬᠠᠮᠢᠶᠠᠷᠤᠯᠲᠠ  ᠶᠠᠪᠤᠭᠤᠯᠵᠤ᠂ ᠭᠠᠷᠳᠠᠨ ᠬᠤᠷᠢᠶᠠᠬᠤ ᠰᠠᠯᠠᠭ᠎ᠠ ᠮᠥᠴᠢᠷ ᠢ ᠰᠢᠮᠳᠠᠭᠤᠯᠵᠤ ᠪᠠᠶᠢᠭᠠᠳ ᠲᠥᠰᠦᠪ ᠤᠨ ᠬᠠᠮᠢᠶᠠᠷᠤᠯᠲᠠ ᠳᠤ ᠣᠷᠣᠭᠤᠯᠤᠭᠰᠠᠨ ᠡᠯ᠎ᠡ ᠲᠥᠷᠥᠯ ᠤᠨ ᠭᠠᠶᠢᠯᠢ ᠶᠢᠨ ᠪᠤᠰᠤ ᠣᠷᠣᠯᠭ᠎ᠠ ᠶᠢ ᠤᠯᠤᠰ ᠤᠨ ᠬᠥᠮᠥᠷᠭᠡ ᠳᠤ ᠲᠤᠰᠢᠶᠠᠵᠤ᠂ ᠤᠯᠤᠰ᠂ ᠥᠪᠡᠷᠲᠡᠭᠡᠨ ᠵᠠᠰᠠᠬᠤ ᠣᠷᠣᠨ ᠤ ᠲᠣᠷᠭᠠᠵᠤ ᠲᠤᠰᠢᠶᠠᠯᠭᠠᠬᠤ ᠶᠢ ᠰᠠᠯᠭᠠᠬᠤ ᠲᠣᠭᠲᠠᠭᠠᠯ ᠢ ᠴᠢᠩᠭ᠎ᠠ ᠬᠡᠷᠡᠭᠵᠢᠬᠦᠯᠵᠦ᠂ ᠫᠢᠶᠣᠣ ᠪᠠᠷᠢᠮᠲᠠ ᠭᠠᠷᠭᠠᠵᠤ ᠴᠠᠭ ᠲᠤᠬᠠᠶ ᠳᠤᠨᠢ ᠬᠢᠨᠠᠨ ᠬᠠᠮᠢᠶᠠᠷᠪᠠ᠃ 2019 ᠣᠨ ᠳᠤ᠂ ᠮᠠᠨ ᠤ ᠬᠤᠲᠠ ᠶᠢᠨ ᠲᠣᠷᠭᠠᠵᠤ ᠬᠤᠷᠢᠶᠠᠮᠵᠢᠯᠠᠭᠰᠠᠨ ᠣᠷᠣᠯᠭ᠎ᠠ ᠶᠢ ᠲᠠᠲᠠᠪᠤᠷᠢᠯᠠᠨ ᠲᠤᠰᠢᠶᠠᠯᠭᠠᠭᠰᠠᠨ ᠪᠠᠶᠢᠳᠠᠯ ᠳᠤ ᠲᠤᠰᠬᠠᠢ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ᠲᠤᠰᠬᠠᠢ  ᠮᠡᠳᠡᠭᠦᠯᠦᠯᠲᠡ ᠭᠠᠷᠭᠠᠪᠠ᠃ ᠬᠤᠲᠠ ᠶᠢᠨ ᠲᠣᠰ ᠱᠠᠲᠤᠨ ᠤ ᠭᠠᠶᠢᠯᠢ ᠶᠢᠨ ᠪᠤᠰᠤ ᠣᠷᠣᠯᠭ᠎ᠠ ᠶᠢᠨ ᠳᠤᠲᠠᠭᠤ ᠲᠤᠰᠢᠶᠠᠭᠰᠠᠨ ᠢ ᠢᠯᠭᠠᠷᠠᠭᠤᠯᠤᠨ ᠪᠠᠶᠢᠴᠠᠭᠠᠵᠤ᠂ ᠲᠤᠰᠢᠶᠠᠭᠠᠳᠤᠶ ᠨᠢᠭᠡᠴᠡ ᠳᠤ ᠪᠠᠶᠢᠳᠠᠯ ᠢ ᠣᠶᠢᠯᠠᠭᠠᠬᠤ ᠪᠠᠶᠢᠴᠠᠭᠠᠨ ᠰᠤᠳᠤᠯᠤᠯᠲᠠ ᠬᠢᠬᠦ ᠪᠠᠷ ᠳᠠᠮᠵᠢᠭᠤᠯᠤᠨ᠂ ᠲᠤᠰᠢᠶᠠᠭᠠᠳᠤᠶ ᠨᠢᠭᠡᠴᠡ ᠶᠢᠨ ᠥᠷᠢ ᠰᠢᠷᠢ ᠪᠠᠨ ᠢᠯᠭᠠᠷᠠᠭᠤᠯᠤᠨ ᠲᠤᠰᠢᠶᠠᠬᠤ ᠶᠢ ᠨᠢ ᠱᠠᠭᠠᠷᠳᠠᠬᠤ ᠡᠷᠴᠢᠮ ᠢᠶᠠᠨ ᠴᠢᠩᠭᠠᠷᠠᠭᠤᠯᠵᠤ᠂ ᠲᠤᠰᠢᠶᠠᠭᠠᠳᠤᠶ ᠣᠷᠣᠯᠭ᠎ᠠ ᠶᠢ ᠬᠤᠷᠳᠤᠬᠠᠨ ᠤᠯᠤᠰ ᠤᠨ ᠬᠦᠮᠦᠷᠭᠡ ᠳᠤ ᠲᠤᠰᠢᠶᠠᠬᠤ ᠶᠢ ᠠᠬᠢᠭᠤᠯᠪᠠ᠃ ᠡᠭᠦᠨ ᠤ ᠬᠠᠮᠲᠤ ᠶᠡᠷᠦᠩᠬᠡᠶᠢᠯᠡᠭᠰᠡᠨ ᠭᠠᠶᠢᠯᠢ ᠶᠢ ᠵᠠᠰᠠᠬᠤ ᠠᠵᠢᠯ ᠢ ᠠᠬᠢᠭᠤᠯᠬᠤ ᠡᠷᠴᠢᠮ ᠢᠶᠠᠨ ᠴᠢᠩᠭᠠᠷᠠᠭᠤᠯᠵᠤ᠂ ᠶᠡᠷᠦᠩᠬᠡᠶᠢᠯᠡᠭᠰᠡᠨ ᠭᠠᠶᠢᠯᠢ ᠶᠢ ᠵᠠᠰᠠᠬᠤ ᠲᠠᠪᠴᠠᠩ ᠢ ᠪᠦᠲᠦᠮᠵᠢᠲᠡᠶ ᠬᠡᠷᠡᠭᠯᠡᠵᠦ᠂ ᠣᠷᠬᠢᠭᠳᠠᠭᠤᠯᠤᠭᠰᠠᠨ ᠭᠠᠶᠢᠯᠢ ᠲᠠᠲᠠᠪᠤᠷᠢ ᠶᠢ ᠡᠷᠢᠵᠦ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠲᠠᠢ ᠢᠳᠡᠪᠬᠢᠲᠡᠶ ᠬᠠᠮᠵᠢᠯᠴᠠᠬᠤ ᠪᠠᠷ ᠳᠠᠮᠵᠢᠨ᠂ ᠪᠦᠳᠦᠮᠵᠢᠳᠡᠢ ᠭᠠᠶᠢᠯᠢ ᠶᠢᠨ ᠢᠷᠡᠯᠲᠡ ᠶᠢ ᠢᠳᠡᠪᠬᠢᠲᠡᠶ ᠠᠭᠤᠳᠠᠯᠪᠠ᠃      ᠲᠠᠪᠤ ᠳᠤ ᠲᠥᠰᠦᠪ ᠪᠠ ᠲᠥᠰᠦᠪ ᠤᠨ ᠬᠦᠢᠴᠡᠳᠭᠡᠯ ᠤᠨ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠢ ᠦᠷᠭᠦᠯᠵᠢᠯᠡᠨ ᠲᠦᠯᠬᠢᠨ ᠠᠬᠢᠭᠤᠯᠪᠠ᠃ ᠠᠯᠪᠠᠨ ᠰᠦᠯᠵᠢᠶᠡᠨ ᠳᠤ ᠵᠠᠰᠠᠭ ᠤᠨ ᠣᠷᠳᠣᠨ ᠤ ᠲᠥᠰᠦᠪ ᠪᠠ ᠲᠥᠰᠦᠪ ᠤᠨ ᠭᠦᠢᠴᠡᠳᠬᠡᠯ ᠢ ᠢᠯᠡ ᠪᠣᠯᠭᠠᠬᠤ ᠲᠤᠰᠬᠠᠢ ᠪᠤᠯᠤᠩ ᠭᠠᠷᠭᠠᠵᠤ᠂ ᠲᠥᠰᠦᠪ ᠪᠠ ᠲᠥᠰᠦᠪ ᠤᠨ ᠭᠦᠢᠴᠡᠳᠬᠡᠯ ᠤᠨ ᠮᠡᠳᠡᠭᠡ ᠵᠠᠩᠭᠢ ᠶᠢ ᠪᠦᠬᠦ ᠲᠠᠯ᠎ᠠ ᠪᠠᠷ ᠢᠯᠡ ᠪᠣᠯᠭᠠᠪᠠ᠃ ᠰᠠᠯᠠᠭ᠎ᠠ ᠮᠥᠴᠢᠷ ᠤᠨ ᠲᠥᠰᠦᠪ ᠤᠨ ᠬᠦᠢᠴᠡᠳᠭᠡᠯ ᠪᠠ ︽ᠭᠤᠷᠪᠠᠨ ᠵᠦᠢᠯ ᠤᠨ ᠠᠯᠪᠠᠨ ᠤ ᠵᠠᠷᠤᠳᠠᠯ︾ ᠤᠨ ᠵᠠᠷᠤᠯᠭ᠎ᠠ ᠶᠢᠨ ᠲᠥᠰᠦᠪ ᠤᠨ  ᠬᠦᠢᠴᠡᠳᠭᠡᠯ ᠢ ᠪᠦᠬᠦ ᠲᠠᠯ᠎ᠠ ᠪᠠᠷ ᠢᠯᠡ ᠪᠣᠯᠭᠠᠪᠠ᠃ ︽ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠳᠦᠷᠢᠮ︾ ᠢ ᠬᠢᠨᠠᠮᠠᠭᠠᠶ ᠲᠤᠭᠤᠰᠢᠯᠠᠭᠤᠯᠵᠤ᠂ ᠬᠠᠤᠯᠢ ᠲᠣᠭᠲᠠᠭᠠᠯ ᠶᠣᠰᠣᠭᠠᠷ ᠬᠦᠢᠴᠡᠳᠭᠡᠬᠦ ᠶᠢᠨ ᠬᠠᠮᠲᠤ ᠭᠤᠶᠤᠴᠢᠯᠠᠯ ᠢᠶᠠᠷ ᠢᠯᠡ ᠪᠣᠯᠭᠠᠬᠤ ᠵᠦᠢᠯᠡᠰ ᠢ ᠴᠠᠭ ᠲᠤᠬᠠᠶ ᠳᠤᠨᠢ ᠢᠯᠡ ᠪᠣᠯᠭᠠᠪᠠ᠃ ᠥᠩᠭᠡᠷᠡᠭᠰᠡᠨ ᠨᠢᠭᠡ ᠵᠢᠯ ᠳᠤ ᠬᠤᠲᠠ ᠶᠢᠨ ᠲᠣᠰ ᠱᠠᠲᠤᠨ ᠤ 91 ᠰᠠᠯᠠᠭ᠎ᠠ ᠮᠥᠴᠢᠷ ᠪᠠ 9 ᠬᠤᠰᠢᠭᠤ ᠰᠢᠶᠠᠨ ᠲᠣᠭᠤᠷᠢᠭ ᠵᠢᠴᠢ 1 ᠨᠡᠭᠡᠭᠡᠯᠲᠡ ᠶᠢᠨ ᠲᠤᠭᠤᠷᠢᠭ ᠲᠤ 2018 ᠣᠨ ᠤ ᠲᠥᠰᠦᠪ ᠪᠠ ᠲᠥᠰᠦᠪ ᠤᠨ ᠭᠦᠢᠴᠡᠳᠬᠡᠯ ᠢ ᠢᠯᠡ ᠪᠣᠯᠭᠠᠭᠰᠠᠨ ᠪᠠᠶᠢᠳᠠᠯ ᠢ ᠥᠪᠡᠷᠲᠡᠭᠡᠨ ᠪᠠᠶᠢᠴᠠᠭᠠᠬᠤ ᠠᠵᠢᠯ ᠥᠷᠨᠢᠭᠦᠯᠵᠦ᠂ ᠬᠤᠲᠠ ᠶᠢᠨ ᠲᠣᠰ ᠱᠠᠲᠤᠨ ᠤ ᠰᠠᠯᠠᠭ᠎ᠠ ᠮᠥᠴᠢᠷ ᠪᠠ ᠬᠤᠰᠢᠭᠤ ᠰᠢᠶᠠᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠶᠢ ᠱᠠᠭᠠᠷᠳᠠᠨ ᠥᠪᠡᠷᠲᠡᠭᠡᠨ ᠪᠠᠶᠢᠴᠠᠭᠠᠭᠰᠠᠨ ᠠᠰᠠᠭᠤᠳᠠᠯ ᠪᠠ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠬᠠᠷᠢᠭᠤ ᠲᠤᠰᠬᠠᠭᠰᠠᠨ ᠠᠰᠠᠭᠤᠳᠠᠯ ᠲᠠᠢ ᠬᠠᠷᠢᠴᠠᠭᠤᠯᠤᠨ ᠵᠦᠢᠯ ᠵᠤᠷᠪᠤᠰ ᠳᠠᠷᠠᠭᠠᠯᠠᠨ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠨ᠂ ᠮᠠᠨ ᠤ ᠬᠤᠲᠠ ᠶᠢᠨ ᠲᠥᠰᠦᠪ ᠪᠠ ᠲᠥᠰᠦᠪ ᠤᠨ ᠭᠦᠢᠴᠡᠳᠬᠡᠯ ᠢ ᠢᠯᠡ ᠪᠣᠯᠭᠠᠬᠤ ᠠᠵᠢᠯ ᠢ ᠪᠦᠬᠦ ᠲᠠᠯ᠎ᠠ ᠪᠠᠷ ᠵᠢᠷᠤᠮᠵᠢᠭᠤᠯᠬᠤ ᠶᠢ ᠠᠬᠢᠭᠤᠯᠪᠠ᠃      ᠵᠢᠷᠭᠤᠭ᠎ᠠ ᠳᠤ ᠡᠳ᠋ ᠤᠨ ᠵᠠᠰᠠᠭ ᠤᠨ ᠭᠠᠶᠢᠯᠢ ᠲᠠᠲᠠᠪᠤᠷᠢ ᠶᠢᠨ ᠬᠠᠤᠯᠢ ᠴᠠᠭᠠᠵᠠ ᠶᠢᠨ ᠲᠦᠷᠢᠮ ᠢ  ᠨᠠᠶᠢᠳᠠᠪᠤᠷᠢᠵᠢᠭᠤᠯᠵᠤ᠂ ᠡᠬᠢ ᠪᠠᠶᠠᠯᠢᠭ ᠤᠨ ᠭᠠᠶᠢᠯᠢ ᠶᠢᠨ ᠥᠭᠡᠷᠡᠴᠢᠯᠡᠯᠲᠡ ᠳᠤ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠪᠠ᠃ ᠮᠠᠨ ᠤ ᠲᠣᠪᠴᠢᠶ᠎ᠠ ᠡᠳ᠋ ᠤᠨ ᠵᠠᠰᠠᠭ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ᠂ ᠥᠪᠡᠷᠲᠡᠭᠡᠨ ᠵᠠᠰᠠᠬᠤ ᠣᠷᠣᠨ ᠤ ᠡᠯ᠎ᠡ ᠵᠦᠢᠯ ᠤᠨ ᠭᠠᠶᠢᠯᠢ ᠬᠥᠩᠭᠡᠯᠡᠵᠦ ᠰᠦᠢᠳᠭᠡᠯ ᠪᠠᠭᠤᠷᠠᠭᠤᠯᠬᠤ ᠲᠥᠷᠥ ᠶᠢᠨ ᠪᠣᠳᠣᠯᠭ᠎ᠠ᠂ ᠪᠠᠭ᠎ᠠ ᠵᠢᠵᠢᠭ ᠠᠵᠤ ᠠᠬᠤᠶᠢᠯᠠᠯ ᠤᠨ ᠲᠦᠭᠡᠮᠡᠯ ᠬᠠᠷᠠᠭᠠᠯᠵᠠᠯ ᠤᠨ ᠴᠢᠨᠠᠷᠳᠠᠢ ᠭᠠᠶᠢᠯᠢ ᠰᠦᠢᠳᠭᠡᠯ ᠢ ᠬᠠᠰᠤᠵᠤ ᠬᠡᠯᠲᠦᠷᠢᠭᠦᠯᠬᠦ ᠲᠥᠷᠥ ᠶᠢᠨ ᠪᠣᠳᠣᠯᠭ᠎ᠠ᠂ ᠰᠢᠨ᠎ᠡ ᠬᠤᠪᠢ ᠬᠥᠮᠦᠨ ᠤ ᠠᠰᠢᠭ ᠣᠷᠤᠯᠭ᠎ᠠ ᠶᠢᠨ ᠭᠠᠶᠢᠯᠢ ᠶᠢᠨ ᠬᠠᠤᠯᠢ ᠶᠢᠨ ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠵᠢᠴᠢ ᠥᠪᠡᠷᠲᠡᠭᠡᠨ ᠵᠠᠰᠠᠬᠤ ᠣᠷᠣᠨ ᠤ ᠨᠡᠶᠢᠲᠡᠯᠡᠭᠰᠡᠨ ᠠᠷᠠᠳ ᠠᠴᠠ ᠡᠵᠡᠩᠨᠡᠭᠰᠡᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠭᠠᠶᠢᠯᠢ ᠬᠥᠩᠭᠡᠯᠡᠵᠦ ᠰᠦᠢᠳᠭᠡᠯ ᠪᠠᠭᠤᠷᠠᠭᠤᠯᠬᠤ ᠬᠤᠯᠪᠤᠭᠳᠠᠯ ᠪᠥᠬᠦᠶ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠪᠠ᠃ 2020 ᠣᠨ ᠳᠤ᠂ ︽ᠵᠢᠷᠭᠤᠭ᠎ᠠ ᠶᠢ ᠪᠠᠲᠤᠯᠠᠬᠤ︾ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ᠠᠵᠢᠯ ᠢ ᠭᠦᠨᠵᠡᠭᠡᠶ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ᠮᠠᠨ ᠤ ᠲᠣᠪᠴᠢᠶ᠎ᠠ ᠤᠯᠤᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠠᠶᠢᠯᠢ ᠶᠢ ᠪᠠᠭᠠᠰᠬᠠᠬᠤ ᠲᠥᠷᠥ ᠶᠢᠨ ᠪᠣᠳᠣᠯᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠡᠷ ᠬᠥᠷᠥᠩᠭᠡ ᠶᠢᠨ ᠭᠠᠶᠢᠯᠢ ᠪᠣᠯᠤᠨ ᠬᠤᠲᠠ ᠪᠠᠯᠭᠠᠰᠤᠨ ᠤ ᠭᠠᠵᠠᠷ ᠰᠢᠷᠣᠶ ᠶᠢᠨ ᠬᠡᠷᠡᠭᠯᠡᠯᠲᠡ ᠶᠢᠨ ᠭᠠᠶᠢᠯᠢ ᠶᠢ ᠬᠠᠰᠤᠵᠤ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ ᠴᠢᠩᠭ᠎ᠠ ᠵᠢᠷᠤᠮᠯᠠᠨ ᠠᠵᠢᠯ ᠢᠶᠠᠨ ᠨᠠᠶᠢᠳᠠᠪᠤᠷᠢᠵᠢᠭᠤᠯᠵᠤ᠂ ᠠᠷᠠᠳ ᠲᠦᠮᠡᠨ ᠢ ᠨᠠᠩ ᠶᠡᠭᠡ ᠵᠣᠯ ᠵᠢᠷᠭᠠᠯᠲᠤ ᠲᠥᠷᠥᠭᠳᠡᠯ ᠪᠠ ᠬᠦᠷᠲᠡᠮᠵᠢ ᠶᠢᠨ ᠲᠥᠷᠥᠭᠳᠡᠯ ᠲᠠᠢ ᠪᠣᠯᠭᠠᠪᠠ᠃      ᠡᠭᠦᠨ ᠤ ᠵᠡᠷᠭᠡ ᠪᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠠᠵᠢᠯ ᠤᠨ ᠲᠣᠬᠢᠷᠠᠭᠤᠯᠤᠯᠲᠠ ᠳᠤ ᠬᠠᠮᠵᠢᠯᠴᠠᠨ᠂ ᠭᠡᠷ᠎ᠡ ᠶᠢᠨ ᠭᠠᠶᠢᠯᠢ᠂ ᠬᠤᠲᠠ ᠪᠠᠯᠭᠠᠰᠤᠨ ᠤ ᠭᠠᠵᠠᠷ ᠰᠢᠷᠣᠢ ᠶᠢᠨ ᠬᠡᠷᠡᠭᠯᠡᠯᠲᠡ ᠶᠢᠨ ᠭᠠᠶᠢᠯᠢ᠂ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠭᠠᠶᠢᠯᠢ᠂ ᠤᠰᠤᠨ ᠤ ᠡᠬᠢ ᠪᠠᠶᠠᠯᠢᠭ ᠤᠨ ᠭᠠᠶᠢᠯᠢ᠂ ᠡᠬᠢ ᠪᠠᠶᠠᠯᠢᠭ ᠤᠨ ᠭᠠᠶᠢᠯᠢ ᠵᠡᠷᠭᠡ ᠳᠤ ᠬᠠᠤᠯᠢ ᠲᠤᠭᠲᠠᠭᠠᠬᠤ ᠪᠠᠶᠢᠴᠠᠭᠠᠨ ᠰᠤᠳᠤᠯᠤᠯᠲᠠ ᠶᠢ ᠥᠷᠨᠢᠭᠦᠯᠵᠦ᠂ ᠭᠠᠶᠢᠯᠢ ᠶᠢᠨ ᠳᠦᠷᠢᠮ ᠤᠨ ᠥᠭᠡᠷᠡᠴᠢᠯᠡᠯᠲᠡ ᠶᠢᠨ ᠠᠵᠢᠯ ᠢ ᠮᠠᠨ ᠤ ᠬᠤᠲᠠ ᠳᠤ ᠡᠮᠬᠢ ᠵᠢᠷᠤᠮ ᠲᠠᠢ ᠥᠨᠳᠥᠷ ᠦᠷ᠎ᠡ ᠪᠦᠲᠦᠮᠵᠢᠲᠡᠢ ᠥᠷᠨᠢᠭᠦᠯᠬᠦ ᠶᠢ ᠪᠠᠲᠤᠯᠠᠪᠠ᠃ ᠭᠠᠶᠢᠯᠢ ᠶᠢᠨ ᠳᠦᠷᠢᠮ ᠤᠨ ᠥᠭᠡᠷᠡᠴᠢᠯᠡᠯᠲᠡ ᠶᠢᠨ ᠬᠤᠰᠢᠭᠤ ᠰᠢᠶᠠᠨ ᠲᠣᠭᠤᠷᠢᠭ ᠤᠨ ᠡᠳ᠋ ᠤᠨ ᠬᠦᠴᠦᠨ ᠳᠤ ᠦᠵᠡᠭᠦᠯᠬᠦ ᠨᠦᠯᠦᠭᠡ᠂ ᠡᠯ᠎ᠡ ᠭᠠᠵᠠᠷ ᠣᠷᠣᠨ ᠤ ᠡᠭᠦᠷᠭᠡᠯᠡᠵᠦ ᠪᠠᠶᠢᠭ᠎ᠠ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠳᠤ ᠡᠵᠡᠯᠡᠬᠦ ᠬᠤᠪᠢ ᠶᠢᠨ ᠵᠢᠩ ᠤᠨ ᠪᠠᠶᠢᠳᠠᠯ ᠳᠤ ᠴᠢᠭᠯᠡᠭᠦᠯᠦᠨ᠂ ᠮᠠᠨ ᠤ ᠬᠤᠲᠠ ᠶᠢᠨ ᠡᠳ᠋ ᠤᠨ ᠵᠠᠰᠠᠭ ᠤᠨ ᠬᠠᠮᠢᠶᠠᠷᠤᠯᠲᠠ ᠶᠢᠨ ᠪᠠᠶᠢᠭᠤᠯᠤᠯ ᠢ ᠳᠠᠬᠢᠨ ᠲᠡᠭᠦᠯᠳᠡᠷᠵᠢᠭᠦᠯᠵᠦ᠂ ᠣᠳᠤᠬᠠᠨ ᠳᠤ ︽ᠬᠤᠲᠠ ᠠᠴᠠ ᠳᠣᠷᠣᠭᠰᠢᠬᠢ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢ ᠠᠬᠢᠭᠤᠯᠬᠤ ᠲᠤᠬᠠᠢ ᠬᠡᠷᠡᠭᠵᠢᠭᠦᠯᠬᠦ ᠲᠥᠰᠦᠯ︾ ᠢ ᠲᠤᠭᠤᠷᠪᠢᠨ ᠪᠢᠴᠢᠵᠦ ᠳᠠᠭᠤᠰᠬᠠᠪᠠ᠃      5. ᠬᠦᠳᠦᠯᠦᠭᠴᠢ       ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢ ᠬᠠᠤᠯᠢ ᠶᠣᠰᠣᠭᠠᠷ ᠪᠦᠬᠦ ᠲᠠᠯ᠎ᠠ ᠪᠠᠷ ᠬᠦᠢᠴᠡᠳᠭᠡᠬᠦ ᠳᠤ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ᠂ ᠪᠠᠭᠤᠯᠭᠠᠬᠤ ᠪᠠ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡ ᠶᠢ ᠰᠢᠯᠢᠳᠡᠭᠵᠢᠭᠦᠯᠬᠦ ᠶᠢ ᠪᠠᠷᠢᠮᠲᠠᠯᠠᠵᠤ᠂ ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢ ᠦᠨᠡᠨᠬᠦ ᠬᠤᠪᠢᠷᠠᠭᠤᠯᠬᠤ ᠬᠡᠷᠡᠭᠲᠡᠶ᠃ ᠲᠡᠭᠡᠪᠡᠯ ᠡᠨᠡ ᠲᠠᠯ᠎ᠠ ᠪᠠᠷ ᠪᠢᠳᠡ ᠶᠠᠮᠠᠷ ᠶᠠᠮᠠᠷ ᠠᠵᠢᠯ ᠬᠢᠭᠰᠡᠨ ᠪᠤᠢ︖      6. ᠬᠦᠬᠡᠬᠤᠲᠠ ᠶᠢᠨ ᠡᠳ᠋ ᠤᠨ ᠵᠠᠰᠠᠭ ᠤᠨ ᠲᠤᠪᠴᠢᠶ᠎ᠠ ᠶᠢᠨ ᠲᠡᠳ᠋ ᠭᠠᠵᠠᠷ ᠤᠨ ᠲᠡᠰ ᠤᠨ ᠤᠳᠤᠷᠢᠳᠤᠯᠭ᠎ᠠ ᠯᠢ ᠯᠦᠩ ᠯᠦᠩ        ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ᠂ ᠡᠭᠦᠷᠭᠡ ᠴᠢᠳᠠᠪᠬᠢ ᠪᠠᠨ ᠬᠤᠪᠢᠷᠠᠭᠤᠯᠬᠤ᠂ ᠡᠭᠦᠷᠭᠡ ᠬᠠᠷᠢᠭᠤᠴᠠᠯᠭ᠎ᠠ ᠪᠠᠨ ᠪᠦᠬᠦ ᠲᠠᠯ᠎ᠠ ᠪᠠᠷ ᠬᠦᠢᠴᠡᠳᠭᠡᠬᠦ ᠲᠠᠯ᠎ᠠ ᠪᠠᠷ ᠪᠢᠳᠡ ᠭᠤᠤᠯᠳᠠᠭᠤ ᠳᠣᠤᠷᠠᠬᠢ ᠠᠵᠢᠯ ᠤᠳ ᠢ ᠬᠢᠪᠡ᠄      ᠨᠢᠭᠡ ᠳᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢ  ᠬᠦᠨᠵᠡᠭᠡᠶᠢᠷᠡᠭᠦᠯᠪᠡ ᠃ ︽ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠵᠤ᠂ ᠦᠢᠯᠡᠴᠢᠯᠡᠭᠡ ᠶᠢ ᠰᠢᠯᠢᠳᠡᠭᠵᠢᠭᠦᠯᠬᠦ︾ ᠱᠠᠭᠠᠷᠳᠠᠯᠭ᠎ᠠ ᠶᠣᠰᠣᠭᠠᠷ᠂ ᠠᠵᠢᠯ ᠶᠠᠪᠤᠳᠠᠯ ᠬᠦᠢᠴᠡᠳᠭᠡᠬᠦ ᠭᠠᠷᠳᠠᠮ ᠢ ᠳᠥᠭᠦᠮᠴᠢᠯᠡᠵᠦ᠂ ︽ᠣᠷᠣᠯᠠᠨ ᠲᠠᠩᠰᠠ ᠲᠡᠮᠳᠡᠭᠯᠡᠬᠦ ᠪᠠᠶᠢᠭᠤᠯᠤᠮᠵᠢ︾ ᠶᠢᠨ ᠬᠢᠨᠠᠨ ᠵᠥᠪᠰᠢᠶᠡᠷᠡᠬᠦ ᠠᠵᠢᠯ ᠢ ᠬᠤᠰᠢᠭᠤ ᠰᠢᠶᠠᠨ ᠳᠤ  ᠪᠠᠭᠤᠯᠭᠠᠪᠠ᠃      ᠬᠤᠶᠠᠷ ᠲᠤ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠶᠡᠭᠡ ᠪᠠᠷ ᠬᠡᠷᠡᠭᠵᠢᠭᠦᠯᠪᠡ᠃ ᠮᠠᠨ ᠤ ᠲᠣᠪᠴᠢᠶ᠎ᠠ 2016 ᠣᠨ ᠳᠤ ᠰᠠᠯᠠᠭ᠎ᠠ ᠮᠥᠴᠢᠷ ᠤᠨ ᠡᠭᠦᠷᠭᠡ ᠴᠢᠳᠠᠪᠬᠢ᠂ ᠬᠠᠤᠯᠢ ᠴᠠᠭᠠᠵᠠ ᠶᠢᠨ ᠦᠨᠳᠦᠰᠦ ᠪᠠᠷᠢᠮᠲᠠ᠂ ᠬᠡᠷᠡᠭᠵᠢᠭᠦᠯᠬᠦ ᠭᠤᠤᠯ ᠴᠣᠭᠴᠠ᠂ ᠡᠭᠦᠷᠭᠡ ᠬᠠᠷᠢᠭᠤᠴᠠᠯᠭ᠎ᠠ ᠡᠷᠬᠡ ᠮᠡᠳᠡᠯ᠂ ᠬᠠᠮᠢᠶᠠᠷᠤᠯᠲᠠ ᠶᠢᠨ ᠴᠤᠪᠤᠷᠠᠯ᠂ ᠬᠢᠨᠠᠯᠲᠠ ᠲᠠᠯᠪᠢᠬᠤ ᠠᠷᠭ᠎ᠠ ᠮᠠᠶ᠋ᠢᠭ ᠵᠡᠷᠭᠡ ᠵᠦᠢᠯᠡᠰ ᠢ ᠡᠷᠬᠡ ᠶᠢᠨ ᠨᠠᠷᠢᠨ ᠬᠠᠭᠤᠳᠠᠰᠤ ᠶᠢᠨ ᠬᠡᠯᠪᠡᠷᠢ ᠪᠠᠷ ᠨᠡᠶᠢᠭᠡᠮ ᠳᠤ ᠢᠯᠡ ᠪᠣᠯᠭᠠᠵᠤ᠂ ᠡᠭᠦᠨ ᠤ ᠬᠠᠮᠲᠤ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠬᠤ ᠵᠠᠰᠠᠪᠤᠷᠢ ᠣᠷᠣᠭᠤᠯᠬᠤ ᠬᠦᠴᠦᠨ ᠦᠭᠡᠢ ᠪᠣᠯᠭᠠᠬᠤ ᠪᠠ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠪᠠᠶᠢᠳᠠᠯ ᠢ ᠦᠨᠳᠦᠰᠦᠯᠡᠨ ᠬᠥᠳᠡᠯᠦᠩᠭᠦᠶ ᠲᠣᠬᠢᠷᠠᠭᠤᠯᠤᠯᠲᠠ ᠬᠢᠪᠡ᠃ 2019 ᠣᠨ ᠳᠤ᠂ ᠪᠦᠬᠦ ᠬᠤᠲᠠ ᠶᠢᠨ ︽ᠡᠷᠬᠡ ᠶᠢ ᠴᠥᠭᠡᠳᠬᠡᠬᠦ ᠶᠢ ᠠᠬᠢᠭᠤᠯᠬᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠭᠤᠷᠪᠠ ᠶᠢ ᠬᠠᠰᠤᠵᠤ ᠨᠢᠭᠡ ᠶᠢ ᠨᠡᠮᠡᠭᠳᠡᠭᠦᠯᠬᠦ ᠶᠢ ᠠᠬᠢᠭᠤᠯᠬᠤ︾ ᠪᠠ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠢ ᠬᠦᠴᠦᠨ ᠦᠭᠡᠢ ᠪᠣᠯᠭᠠᠬᠤ᠂ ᠳᠣᠷᠣᠭᠰᠢ ᠪᠠᠭᠤᠯᠭᠠᠬᠤ ᠠᠵᠢᠯ ᠤᠨ ᠱᠠᠭᠠᠷᠳᠠᠯᠭ᠎ᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠠᠴᠠ ᠳᠣᠷᠣᠭᠰᠢ ᠪᠠᠭᠤᠯᠭᠠᠭᠰᠠᠨ ᠡᠷᠬᠡ ᠶᠢᠨ ᠵᠦᠢᠯᠡᠰ ᠢ ᠬᠦᠯᠢᠶᠡᠨ ᠠᠪᠴᠤ᠂ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠢ ᠴᠥᠭᠡᠳᠬᠡᠵᠦ᠂ ᠡᠷᠬᠡ ᠶᠢ ᠴᠥᠭᠡᠳᠬᠡᠪᠡ᠃      ᠭᠤᠷᠪᠠ ᠳᠤ᠂ ︽ᠬᠤᠶᠠᠷ ᠢ ᠲᠠᠰᠢᠷᠠᠮ ᠢᠶᠠᠷ ᠰᠤᠭᠤᠴᠢᠨ ᠪᠠᠶᠢᠴᠠᠭᠠᠬᠤ ᠵᠠᠭᠪᠤᠷ︾ ᠢ ᠪᠥᠬᠦ ᠲᠠᠯ᠎ᠠ ᠪᠠᠷ  ᠬᠡᠷᠡᠭᠵᠢᠬᠦᠯᠪᠡ᠃ ︽ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ︿ᠬᠤᠶᠠᠷ ᠢ ᠲᠠᠰᠢᠷᠠᠮ ᠢᠶᠠᠷ﹀ ᠰᠤᠭᠤᠴᠢᠨ ᠪᠠᠶᠢᠴᠠᠭᠠᠬᠤ ᠠᠵᠢᠯ ᠢ ᠠᠬᠢᠭᠤᠯᠬᠤ ᠬᠡᠷᠡᠭᠵᠢᠭᠦᠯᠬᠦ ᠨᠠᠷᠢᠨ ᠲᠦᠷᠢᠮ︾ ᠢ ᠳᠠᠷᠤᠮᠠᠯᠯᠠᠨ ᠲᠠᠷᠬᠠᠭᠠᠬᠤ ᠶᠢᠨ ᠬᠠᠮᠲᠤ ᠠᠯᠪᠠᠨ ᠰᠦᠯᠵᠢᠶᠡᠨ ᠳᠡᠭᠡᠷ᠎ᠡ ᠪᠠᠨ ᠵᠠᠷᠯᠠᠨ ᠨᠡᠶᠢᠲᠡᠯᠡᠵᠦ᠂  ᠪᠠᠰᠠ ᠲᠠᠰᠢᠷᠠᠮ ᠢᠶᠠᠷ ᠰᠤᠭᠤᠴᠢᠨ ᠪᠠᠶᠢᠴᠠᠭᠠᠬᠤ ᠠᠵᠢᠯ ᠢ ᠴᠠᠭ ᠲᠤᠨᠢ ᠲᠤᠬᠢᠷᠠᠭᠤᠯᠤᠨ ᠥᠷᠨᠢᠭᠦᠯᠵᠦ᠂ ︽ᠨᠢᠭᠡ ᠬᠠᠭᠤᠳᠠᠰᠤ ᠬᠤᠶᠠᠷ ᠬᠥᠮᠥᠷᠭᠡ ᠨᠢᠭᠡ ᠨᠠᠷᠢᠨ ᠲᠦᠷᠢᠮ︾ ᠢ ᠪᠠᠶᠢᠭᠤᠯᠤᠨ᠂ ᠲᠤᠬᠠᠶᠢᠯᠠᠪᠠᠯ ᠲᠠᠰᠢᠷᠠᠮ ᠢᠶᠠᠷ ᠰᠤᠭᠤᠴᠢᠨ ᠪᠠᠶᠢᠴᠠᠭᠠᠬᠤ  ᠵᠦᠢᠯᠡᠰ ᠤᠨ ᠨᠠᠷᠢᠨ ᠬᠠᠭᠤᠳᠠᠰᠤ᠂ ᠬᠠᠤᠯᠢ ᠬᠡᠷᠡᠭᠵᠢᠭᠦᠯᠬᠦ ᠠᠵᠢᠯᠲᠠᠨ ᠤ ᠬᠥᠮᠥᠷᠭᠡ᠂ ᠬᠠᠤᠯᠢ ᠬᠡᠷᠡᠭᠵᠢᠭᠦᠯᠬᠦ ᠡᠲᠡᠭᠡᠳ ᠤᠨ ᠨᠡᠷᠡᠰ ᠤᠨ ᠬᠥᠮᠥᠷᠭᠡ᠂ ᠲᠠᠰᠢᠷᠠᠮ ᠢᠶᠠᠷ ᠰᠤᠭᠤᠴᠢᠨ ᠪᠠᠶᠢᠴᠠᠭᠠᠬᠤ ᠠᠵᠢᠯ ᠤᠨ ᠨᠠᠷᠢᠨ ᠲᠦᠷᠢᠮ ᠢ ᠪᠠᠶᠢᠭᠤᠯᠵᠤ᠂ ᠵᠠᠰᠠᠭ ᠤᠨ ᠣᠷᠳᠣᠨ ᠤ ᠬᠤᠳᠠᠯᠳᠤᠨ ᠠᠪᠬᠤ ᠶᠢ ᠣᠷᠣᠯᠠᠨ ᠬᠦᠢᠴᠡᠳᠭᠡᠬᠦ ᠪᠠᠶᠢᠭᠤᠯᠤᠮᠵᠢ ᠶᠢᠨ ᠠᠵᠢᠯ ᠶᠠᠪᠤᠳᠠᠯ ᠤᠨ ᠲᠤᠮᠳᠠᠬᠢ ᠪᠠ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠨᠠᠩ ᠡᠷᠬᠡ ᠲᠡᠭᠰᠢ ᠪᠣᠯᠭᠠᠵᠤ᠂  ᠬᠠᠤᠯᠢᠵᠢᠭᠤᠯᠤᠨ ᠲᠦᠷᠢᠮᠵᠢᠭᠦᠯᠵᠦ᠂ ᠲᠦᠭᠦᠮ ᠲᠥᠳᠡ ᠪᠤᠯᠭᠠᠪᠠ᠃      ᠳᠥᠷᠪᠡ ᠳᠤ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠪᠠ᠃ ᠰᠠᠶᠢᠰᠢᠶᠠᠨ ᠮᠠᠭᠲᠠᠬᠤ ᠪᠠ ᠦᠨᠡᠨᠴᠢ ᠢᠲᠡᠭᠡᠮᠵᠢᠲᠡᠶ ᠪᠠᠶᠢᠬᠤ ᠶᠢ ᠤᠷᠮᠠᠰᠢᠭᠤᠯᠬᠤ᠂ ᠢᠲᠡᠭᠡᠯ ᠠᠯᠳᠠᠭᠰᠠᠨ ᠦᠢᠯᠡ ᠠᠵᠢᠯᠯᠠᠭ᠎ᠠ ᠶᠢ ᠬᠢᠵᠠᠭᠠᠷᠯᠠᠬᠤ ᠪᠠ ᠵᠠᠯᠬᠠᠭᠠᠨ ᠴᠡᠭᠡᠷᠯᠡᠭᠦᠯᠬᠦ ᠶᠢᠨ ᠲᠥᠯᠥᠭᠡ᠂ ᠤᠯᠤᠰ᠂ ᠥᠪᠡᠷᠲᠡᠭᠡᠨ ᠵᠠᠰᠠᠬᠤ ᠣᠷᠣᠨ ᠵᠢᠴᠢ ᠮᠠᠨ ᠤ ᠬᠤᠲᠠ ᠶᠢᠨ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠵᠠᠰᠠᠭ ᠤᠨ ᠣᠷᠳᠣᠨ ᠤ ᠬᠤᠳᠠᠯᠳᠤᠨ ᠠᠪᠬᠤ ︿ᠤᠯᠠᠭᠠᠨ ᠬᠠᠷ᠎ᠠ ᠲᠠᠩᠰᠠ﹀ ᠶᠢ ᠨᠡᠶᠢᠳᠡᠯᠡᠬᠦ ᠬᠠᠮᠢᠶᠠᠷᠤᠯᠲᠠ ᠶᠢᠨ ᠬᠤᠯᠪᠣᠭᠳᠠᠯ ᠪᠥᠬᠦᠶ ᠵᠦᠢᠯᠡᠰ ᠢ ᠨᠡᠶᠢᠲᠡᠯᠡᠬᠦ ᠲᠤᠬᠠᠶ ᠮᠡᠳᠡᠭᠳᠡᠯ︾᠂ ︽ᠵᠠᠰᠠᠭ ᠤᠨ ᠣᠷᠳᠣᠨ ᠬᠤᠳᠠᠯᠳᠤᠨ ᠠᠪᠬᠤ ᠢᠳᠡᠭᠡᠮᠵᠢ ᠶᠢᠨ ᠠᠮᠠᠯᠠᠯᠲᠠ ᠶᠢᠨ ᠲᠦᠷᠢᠮ ᠤᠨ ᠲᠤᠬᠠᠶ ᠮᠡᠳᠡᠭᠳᠡᠯ︾᠂ ︽ᠵᠠᠰᠠᠭ ᠤᠨ ᠣᠷᠳᠣᠨ ᠬᠤᠳᠠᠯᠳᠤᠨ ᠠᠪᠬᠤ ᠢᠳᠡᠭᠡᠮᠵᠢ ᠶᠢᠨ ᠲᠡᠮᠳᠡᠭᠯᠡᠯ ᠢ ᠪᠠᠶᠢᠴᠠᠭᠠᠨ ᠯᠠᠪᠯᠠᠬᠤ ᠪᠠ ᠬᠡᠷᠡᠭᠯᠡᠬᠦ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ᠢ ᠲᠣᠭᠲᠠᠭᠠᠵᠤ᠂ ᠬᠤᠲᠠ ᠶᠢᠨ ᠲᠣᠰ ᠱᠠᠲᠤᠨ ᠤ ᠵᠠᠰᠠᠭ ᠤᠨ ᠣᠷᠳᠣᠨ ᠬᠤᠳᠠᠯᠳᠤᠨ ᠠᠪᠬᠤ ᠦᠨᠡᠨᠴᠢ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠮᠠᠨ ᠤ ᠬᠤᠲᠠ ᠶᠢᠨ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯ ᠤᠨ ᠨᠠᠩ ᠢᠯᠡ ᠲᠣᠳᠣ ᠪᠣᠯᠬᠤ ᠶᠢ ᠠᠬᠢᠭᠤᠯᠪᠠ᠃      ᠲᠠᠪᠤ ᠳᠤ᠂ ᠬᠤᠯᠪᠣᠭᠠᠯᠠᠨ ᠱᠠᠩᠨᠠᠵᠤ ᠲᠣᠷᠭᠠᠬᠤ ᠠᠵᠢᠯ ᠢ ᠰᠠᠶᠢᠲᠤᠷ ᠨᠠᠶᠢᠳᠠᠪᠤᠷᠢᠵᠢᠭᠤᠯᠪᠠ᠃ ᠪᠦᠬᠦ ᠬᠤᠲᠠ ᠶᠢᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠱᠠᠭᠠᠷᠳᠠᠯᠭ᠎ᠠ ᠶᠢ ᠦᠨᠳᠦᠰᠦᠯᠡᠨ᠂ ᠡᠷᠬᠡ ᠶᠢᠨ ᠨᠠᠷᠢᠨ ᠬᠠᠭᠤᠳᠠᠰᠤ ᠪᠠ ︽ᠭᠤᠷᠪᠠ ᠶᠢ ᠲᠣᠭᠲᠠᠭᠠᠬᠤ︾ ᠲᠥᠰᠦᠯ ᠲᠠᠢ ᠤᠶᠠᠯᠳᠤᠭᠤᠯᠤᠨ᠂ ᠤᠯᠤᠰ  ᠤᠨ 18 ᠰᠠᠨᠠᠭᠤᠯᠤᠮᠵᠢ ᠳᠤ ᠵᠢᠭᠰᠠᠭᠠᠭᠰᠠᠨ ᠡᠯ᠎ᠡ ᠵᠦᠢᠯ ᠤᠨ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠲᠠᠢ ᠬᠠᠷᠢᠴᠠᠭᠤᠯᠵᠤ᠂ ᠮᠠᠨ ᠤ ᠲᠣᠪᠴᠢᠶ᠎ᠠ ᠶᠢᠨ ᠬᠤᠯᠪᠣᠭᠠᠯᠠᠨ ᠱᠠᠩᠨᠠᠵᠤ ᠲᠣᠷᠭᠠᠬᠤ ᠠᠷᠭ᠎ᠠ ᠬᠡᠮᠵᠢᠶ᠎ᠡ ᠶᠢᠨ ᠨᠠᠷᠢᠨ ᠬᠠᠭᠤᠳᠠᠰᠤ ᠶᠢ ᠡᠮᠬᠢᠯᠡᠨ ᠪᠦᠷᠢᠯᠳᠦᠭᠦᠯᠵᠦ᠂ ︽ᠨᠢᠭᠡ ᠭᠠᠵᠠᠷ ᠢᠲᠡᠭᠡᠯ ᠠᠯᠳᠠᠪᠠᠯ᠂ ᠭᠠᠵᠠᠷ ᠪᠣᠯᠭᠠᠨ ᠳᠤ ᠬᠢᠵᠠᠭᠠᠷᠯᠠᠭᠳᠠᠬᠤ︾ ᠢᠳᠡᠭᠡᠮᠵᠢ ᠶᠢᠨ ᠵᠠᠯᠬᠠᠭᠠᠨ ᠴᠡᠭᠡᠷᠯᠡᠭᠦᠯᠬᠦ ᠶᠡᠭᠡ ᠪᠠᠶᠢᠷᠢᠰᠢᠯ ᠢ ᠬᠠᠮᠲᠤ ᠪᠠᠷ ᠪᠠᠶᠢᠭᠤᠯᠪᠠ᠃      7.ᠬᠦᠳᠦᠯᠦᠭᠴᠢ      ᠬᠢᠨᠠᠨ ᠰᠢᠯᠭᠠᠬᠤ ᠪᠠ ᠤᠬᠠᠭᠤᠯᠬᠤ ᠪᠣᠯ ᠮᠥᠨᠴᠦ ᠬᠠᠤᠯᠢ ᠪᠠᠷ ᠵᠠᠰᠠᠬᠤ ᠡᠳ᠋ ᠤᠨ ᠵᠠᠰᠠᠭ ᠤᠨ ᠪᠠᠶᠢᠭᠤᠯᠤᠯᠲᠠ ᠶᠢᠨ ᠠᠵᠢᠯ ᠤᠨ ᠴᠢᠬᠤᠯᠠ ᠪᠦᠷᠢᠯᠳᠦᠬᠦᠨ ᠬᠡᠰᠡᠭ ᠪᠣᠯᠤᠨ᠎ᠠ᠂ 2020 ᠣᠨ ᠪᠣᠯ ᠮᠥᠨ ᠴᠦ ᠳᠣᠯᠣᠳᠤᠭᠠᠷ ᠲᠠᠪᠤᠨ ᠵᠢᠯ ᠤᠨ ᠬᠠᠤᠯᠢ ᠲᠦᠭᠡᠮᠡᠯᠵᠢᠭᠦᠯᠬᠦ ᠠᠵᠢᠯ ᠤᠨ ᠰᠡᠭᠦᠯ ᠬᠤᠷᠢᠶᠠᠬᠤ ᠵᠢᠯ ᠪᠤᠯᠤᠨ᠎ᠠ᠃  ᠲᠡᠭᠡᠪᠡᠯ ᠲᠥᠪ ᠬᠤᠲᠠ ᠶᠢᠨ ᠡᠳ᠋ ᠤᠨ ᠵᠠᠰᠠᠭ ᠨᠢ ᠬᠠᠤᠯᠢ ᠪᠠᠷ ᠵᠠᠰᠠᠬᠤ ᠡᠳ᠋ ᠤᠨ ᠵᠠᠰᠠᠭ ᠤᠨ ᠬᠢᠨᠠᠨ ᠰᠢᠯᠭᠠᠯᠳᠠ᠂ ᠬᠠᠤᠯᠢ ᠲᠦᠭᠡᠮᠡᠯᠵᠢᠬᠦᠯᠬᠦ ᠬᠦᠮᠦᠵᠢᠯ᠂ ᠬᠠᠤᠯᠢ ᠪᠠᠷ ᠵᠠᠰᠠᠬᠤ ᠤᠬᠠᠭᠤᠯᠭ᠎ᠠ ᠰᠤᠷᠳᠠᠯᠴᠢᠯᠠᠭ᠎ᠠ ᠶᠢᠨ ᠲᠠᠯ᠎ᠠ ᠳᠤ ᠶᠠᠮᠠᠷ ᠶᠠᠮᠠᠷ ᠠᠵᠢᠯ ᠬᠢᠭᠰᠡᠨ ᠪᠣᠢ︖      8.ᠬᠠᠤᠯᠢ ᠲᠦᠷᠢᠮ ᠭᠠᠶᠢᠯᠢ ᠶᠢᠨ ᠲᠥᠷᠥ ᠶᠢᠨ ᠪᠤᠳᠤᠯᠭ᠎ᠠ ᠶᠢᠨ ᠰᠠᠯᠠᠭ᠎ᠠ ᠶᠢᠨ ᠲᠡᠳ᠋ ᠰᠠᠯᠠᠭᠠᠨ ᠲᠠᠷᠤᠭ᠎ᠠ  ᠯᠢ ᠰᠧ ᠶᠣᠣ
           ᠬᠠᠤᠯᠢ ᠪᠠᠷ ᠵᠠᠰᠠᠬᠤ ᠡᠳ᠋ ᠤᠨ ᠵᠠᠰᠠᠭ ᠤᠨ ᠪᠠᠶᠢᠭᠤᠯᠤᠯᠲᠠ ᠶᠢᠨ ᠬᠢᠨᠠᠨ ᠰᠢᠯᠭᠠᠯᠲᠠ ᠪᠣᠯ ᠮᠠᠨ ᠤ ᠬᠠᠤᠯᠢ ᠳᠦᠷᠢᠮ ᠤᠨ ᠠᠵᠢᠯ ᠤᠨ ᠴᠢᠬᠤᠯᠠ ᠨᠢᠭᠡ ᠭᠤᠭᠴᠤᠭ᠎ᠠ ᠮᠥᠨ᠂ ᠲᠡᠷᠡ ᠨᠢ ᠮᠠᠨ ᠤ ᠲᠣᠪᠴᠢᠶᠠᠨ ᠤ ᠰᠢᠨᠵᠢᠯᠡᠬᠦ ᠤᠬᠠᠭᠠᠨᠴᠢ ᠪᠠᠷ ᠡᠳ᠋ ᠤᠨ ᠶᠠᠪᠤᠳᠠᠯ ᠢ ᠬᠠᠮᠢᠶᠠᠷᠬᠤ᠂ ᠠᠷᠠᠳᠴᠢᠯᠠᠯ ᠢᠶᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠪᠢᠴᠢᠭ ᠮᠠᠲ᠋ᠧᠷᠢᠶᠠᠯ ᠢ ᠬᠠᠮᠢᠶᠠᠷᠬᠤ᠂ ᠲᠥᠰᠦᠪ ᠨᠠᠶᠢᠷᠠᠭᠤᠯᠤᠨ ᠵᠣᠬᠢᠶᠠᠬᠤ᠂ ᠲᠥᠰᠦᠪ ᠢ ᠬᠦᠢᠴᠡᠳᠭᠡᠬᠦ᠂ ᠡᠳ᠋ ᠤᠨ ᠵᠠᠰᠠᠭ ᠤᠨ ᠬᠢᠨᠠᠯᠲᠠ ᠪᠠᠶᠢᠴᠠᠭᠠᠯᠲᠠ ᠵᠡᠷᠭᠡ ᠲᠠᠯ᠎ᠠ ᠪᠠᠷ ᠬᠢᠭᠰᠡᠨ ᠠᠵᠢᠯ ᠢ ᠡᠮᠬᠢᠯᠡᠬᠦ ᠴᠢᠬᠤᠯᠠ ᠲᠣᠬᠢᠶᠠᠯ ᠪᠣᠯᠤᠨ᠎ᠠ᠃ ᠬᠢᠨᠠᠨ ᠰᠢᠯᠭᠠᠯᠲᠠ ᠪᠠᠷ ᠲᠠᠮᠵᠢᠭᠤᠯᠤᠨ᠂ ᠬᠦᠷᠦᠯᠴᠡᠬᠦ ᠦᠭᠡᠢ ᠲᠠᠯ᠎ᠠ ᠪᠠᠨ ᠡᠷᠢᠵᠦ᠂ ᠠᠯᠬᠤᠮ ᠠᠯᠬᠤᠮ ᠢᠶᠠᠷ ᠰᠠᠶᠢᠵᠢᠷᠠᠭᠤᠯᠵᠤ᠂ ᠮᠠᠨ ᠤ ᠬᠤᠲᠠ ᠶᠢᠨ ᠬᠠᠤᠯᠢ ᠪᠠᠷ ᠵᠠᠰᠠᠬᠤ ᠡᠳ᠋ ᠤᠨ ᠵᠠᠰᠠᠭ ᠤᠨ  ᠪᠠᠶᠢᠭᠤᠯᠤᠯᠲᠠ ᠶᠢᠨ ᠠᠵᠢᠯ ᠢ ᠳᠠᠬᠢᠨ ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠤᠨ᠎ᠠ᠃ 2014 ᠣᠨ ᠠᠴᠠ ᠡᠬᠢᠯᠡᠨ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠲᠠᠪᠤᠨ ᠵᠢᠯ ᠳᠠᠷᠠᠭᠠᠯᠠᠨ ᠪᠦᠬᠦ ᠣᠷᠣᠨ ᠤ ᠬᠠᠤᠯᠢ ᠶᠤᠰᠤᠭᠠᠷ ᠵᠠᠰᠠᠭ ᠶᠠᠪᠤᠭᠤᠯᠬᠤ᠂ ᠬᠠᠤᠯᠢ ᠶᠣᠰᠣᠭᠠᠷ ᠡᠳ᠋ ᠤᠨ ᠶᠠᠪᠤᠳᠠᠯ ᠢ ᠬᠠᠮᠢᠶᠠᠷᠬᠤ ᠵᠢᠴᠢ ᠬᠠᠤᠯᠢ ᠪᠠᠷ ᠵᠠᠰᠠᠬᠤ ᠡᠳ᠋ ᠤᠨ ᠵᠠᠰᠠᠭ  ᠤᠨ ᠪᠠᠶᠢᠭᠤᠯᠤᠯᠲᠠ ᠶᠢᠨ ᠠᠵᠢᠯ ᠢ ᠥᠷᠨᠢᠭᠦᠯᠦᠭᠰᠡᠨ  ᠪᠠᠶᠢᠳᠠᠯ ᠳᠤ ᠦᠨᠡᠯᠡᠨ ᠰᠢᠯᠭᠠᠯᠳᠠ ᠬᠢᠵᠦ᠂ ᠮᠠᠨ ᠤ ᠲᠣᠪᠴᠢᠶ᠎ᠠ ᠴᠥᠮ ᠲᠡᠷᠢᠭᠦᠨ ᠤ ᠨᠢᠭᠡᠴᠡ ᠪᠠᠷ ᠦᠨᠡᠯᠡᠭᠳᠡᠪᠡ᠃ 2018 ᠣᠨ ᠤ ᠬᠠᠤᠯᠢ ᠪᠠᠷ ᠵᠠᠰᠠᠬᠤ ᠡᠳ᠋ ᠤᠨ ᠵᠠᠰᠠᠭ ᠤᠨ ᠪᠠᠶᠢᠭᠤᠯᠤᠯᠲᠠ ᠶᠢᠨ ᠬᠢᠨᠠᠨ ᠰᠢᠯᠭᠠᠬᠤ ᠠᠵᠢᠯ ᠤᠨ ᠳᠤᠮᠳᠠ ᠨᠡᠩ ᠴᠤ ᠨᠢᠭᠡᠳᠦᠭᠡᠷ ᠨᠡᠷᠡᠰ ᠲᠤ ᠤᠷᠤᠭᠰᠠᠨ ᠰᠠᠶᠢᠨ ᠬᠢᠷᠢ ᠪᠦᠲᠦᠮᠵᠢ ᠤᠯᠪᠠ᠃      ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠬᠠᠤᠯᠢ ᠪᠠᠷ ᠵᠠᠰᠠᠬᠤ ᠡᠳ᠋ ᠤᠨ ᠵᠠᠰᠠᠭ ᠤᠨ ᠡᠯ᠎ᠡ ᠵᠦᠢᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠣᠪᠴᠢᠶᠠᠨ ᠤ ᠶᠠᠪᠤᠳᠠᠯ ᠤᠨ ᠬᠤᠷᠠᠯ ᠭᠤᠤᠯ ᠳᠤᠭᠤᠶᠢᠯᠠᠩ ᠤᠨ ᠰᠤᠷᠤᠯᠴᠠᠯᠭ᠎ᠠ ᠪᠣᠯᠤᠨ ᠬᠤᠰᠢᠭᠤ ᠰᠢᠶᠠᠨ ᠲᠤᠭᠤᠷᠢᠭ ᠤᠨ ᠲᠣᠪᠴᠢᠶᠠᠨ ᠳᠠᠷᠤᠭ᠎ᠠ ᠨᠠᠷ ᠤᠨ ᠰᠠᠭᠤᠳᠠᠯ ᠤᠨ ᠬᠤᠷᠠᠯ ᠢᠶᠠᠷ ᠳᠠᠮᠵᠢᠭᠤᠯᠤᠨ ᠬᠠᠤᠯᠢ ᠪᠠᠷ ᠵᠠᠰᠠᠬᠤ ᠡᠳ᠋ ᠤᠨ ᠵᠠᠰᠠᠭ ᠤᠨ ᠪᠠᠶᠢᠭᠤᠯᠤᠯᠲᠠ ᠶᠢᠨ ᠴᠢᠬᠤᠯᠠ ᠴᠢᠨᠠᠷ ᠢ ᠴᠢᠬᠤᠯᠠᠴᠢᠯᠠᠵᠤ᠂ ᠬᠠᠤᠯᠢ ᠪᠠᠷ ᠵᠠᠰᠠᠬᠤ ᠡᠳ᠋ ᠤᠨ ᠵᠠᠰᠠᠭ ᠤᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠤᠳᠤᠷᠢᠳᠬᠤ ᠪᠠᠭ ᠪᠣᠯᠤᠨ ᠤᠳᠤᠷᠢᠳᠬᠤ ᠺᠠᠳ᠋ᠷ ᠤᠨ ᠠᠵᠢᠯ ᠤᠨ ᠪᠣᠳᠠᠲᠤ ᠠᠮᠵᠢᠯᠲᠠ ᠶᠢ ᠬᠡᠮᠵᠢᠬᠦ ᠴᠢᠬᠤᠯᠠ ᠠᠭᠤᠯᠭ᠎ᠠ ᠪᠣᠯᠭᠠᠵᠤ᠂ ᠬᠢᠨᠠᠨ ᠰᠢᠯᠭᠠᠬᠤ ᠭᠦᠢᠴᠡᠳᠭᠡᠯ ᠲᠣᠭᠠᠨ ᠤ ᠰᠢᠰᠲ᠋ᠧᠮ ᠳᠤ ᠣᠷᠤᠭᠤᠯᠪᠠ᠃ ᠡᠯ᠎ᠡ ᠬᠤᠰᠢᠭᠤ ᠰᠢᠶᠠᠨ ᠲᠣᠭᠤᠷᠢᠭ᠂ ᠨᠡᠭᠡᠭᠡᠯᠲᠡ ᠶᠢᠨ ᠲᠣᠭᠤᠷᠢᠭ ᠲᠤ ᠬᠠᠤᠯᠢ ᠪᠠᠷ ᠵᠠᠰᠠᠬᠤ ᠡᠳ᠋ ᠤᠨ ᠵᠠᠰᠠᠭ ᠤᠨ ᠪᠠᠶᠢᠭᠤᠯᠤᠯᠲᠠ ᠶᠢᠨ ᠬᠢᠨᠠᠨ ᠰᠢᠯᠭᠠᠯᠲᠠ ᠬᠢᠬᠦ ᠶᠢ ᠢᠳᠡᠪᠬᠢᠲᠡᠢ ᠵᠣᠬᠢᠶᠠᠨ ᠪᠠᠶᠢᠭᠤᠯᠵᠤ᠂ ᠲᠤᠰᠬᠠᠶ ᠬᠢᠨᠠᠨ  ᠰᠢᠯᠭᠠᠯᠲᠠ ᠪᠠ ᠠᠵᠢᠯ ᠲᠥᠷᠥᠯ ᠤᠨ ᠦᠨᠡᠯᠡᠯᠲᠡ ᠬᠢᠬᠦ ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠡᠯ᠎ᠡ ᠭᠠᠵᠠᠷ ᠣᠷᠣᠨ ᠤ ᠡᠳ᠋ ᠤᠨ ᠵᠠᠰᠠᠭ ᠤᠨ ᠠᠵᠢᠯ ᠢ ᠥᠷᠨᠢᠭᠦᠯᠦᠭᠰᠡᠨ ᠪᠠᠶᠢᠳᠠᠯ ᠢ ᠪᠦᠬᠦ ᠲᠠᠯ᠎ᠠ ᠪᠠᠷ ᠣᠶᠢᠯᠠᠭᠠᠵᠤ᠂ ᠪᠦᠬᠦ ᠬᠤᠲᠠ ᠶᠢᠨ ᠬᠠᠤᠯᠢ ᠪᠠᠷ ᠵᠠᠰᠠᠬᠤ ᠡᠳ᠋ ᠤᠨ ᠵᠠᠰᠠᠭ ᠤᠨ ᠪᠠᠶᠢᠭᠤᠯᠤᠯᠲᠠ ᠶᠢᠨ ᠠᠵᠢᠯ ᠤᠨ ᠡᠮᠬᠢ ᠵᠢᠷᠤᠮ ᠲᠠᠢ ᠥᠷᠨᠢᠬᠦ ᠶᠢ ᠠᠬᠢᠭᠤᠯᠵᠤ᠂ ᠬᠠᠤᠯᠢ ᠪᠠᠷ ᠵᠠᠰᠠᠬᠤ ᠡᠳ᠋ ᠤᠨ ᠵᠠᠰᠠᠭ ᠤᠨ ᠠᠵᠢᠯ ᠤᠨ ᠬᠢᠷᠢ ᠲᠦᠪᠰᠢᠨ ᠪᠦᠲᠦᠮᠵᠢᠲᠡᠶ ᠳᠡᠭᠡᠭᠰᠢᠯᠡᠵᠦ᠂ ᠬᠠᠤᠯᠢ ᠶᠤᠰᠤᠭᠠᠷ ᠵᠠᠰᠠᠭ ᠶᠠᠪᠤᠭᠤᠯᠬᠤ᠂ ᠬᠠᠤᠯᠢ ᠶᠣᠰᠣᠭᠠᠷ ᠡᠳ᠋ ᠤᠨ ᠶᠠᠪᠤᠳᠠᠯ ᠢ ᠬᠠᠮᠢᠶᠠᠷᠬᠤ ᠶᠢ ᠴᠢᠬᠤᠯᠠᠴᠢᠯᠠᠬᠤ ᠬᠢᠷᠢ ᠲᠦᠪᠰᠢᠨ ᠨᠡᠶᠢᠳᠡᠮ ᠳᠡᠭᠡᠭᠰᠢᠯᠡᠵᠦ᠂ ᠬᠠᠤᠯᠢ ᠲᠣᠭᠲᠠᠭᠠᠯ ᠶᠣᠰᠣᠭᠠᠷ ᠠᠵᠢᠯᠯᠠᠬᠤ ᠰᠠᠶᠢᠨ ᠰᠠᠶᠢᠬᠠᠨ ᠠᠭᠤᠷ ᠠᠮᠢᠰᠬᠤᠯ ᠠᠭᠠᠵᠢᠮ ᠢᠶᠠᠷ ᠪᠤᠢ ᠪᠣᠯᠪᠠ᠃      2019 ᠣᠨ ᠳᠤ ᠬᠤᠷᠠᠯᠳᠤᠭᠤᠯᠤᠭᠰᠠᠨ ᠪᠦᠬᠦ ᠬᠤᠲᠠ ᠶᠢᠨ ᠡᠳ᠋ ᠤᠨ ᠵᠠᠰᠠᠭ ᠤᠨ ᠠᠵᠢᠯ ᠤᠨ ᠬᠤᠷᠠᠯ ᠳᠡᠭᠡᠷ᠎ᠡ᠂ ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ 2017 ᠣᠨ ᠤ ᠬᠤᠰᠢᠭᠤ ᠰᠢᠶᠠᠨ ᠤ ᠬᠠᠤᠯᠢ ᠪᠠᠷ ᠵᠠᠰᠠᠬᠤ ᠡᠳ᠋ ᠤᠨ ᠵᠠᠰᠠᠭ ᠤᠨ ᠪᠠᠶᠢᠭᠤᠯᠤᠯᠲᠠ ᠶᠢᠨ ᠲᠡᠷᠢᠭᠦᠨ ᠤ ᠨᠢᠭᠡᠴᠡ ᠶᠢ ᠬᠥᠬᠢᠭᠦᠯᠦᠨ ᠰᠠᠶᠢᠰᠢᠶᠠᠵᠤ᠂ ᠡᠯ᠎ᠡ ᠬᠤᠰᠢᠭᠤ ᠰᠢᠶᠠᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠶᠢᠨ ᠬᠠᠤᠯᠢ ᠪᠠᠷ ᠵᠠᠰᠠᠬᠤ ᠡᠳ᠋ ᠤᠨ ᠵᠠᠰᠠᠭ ᠤᠨ ᠪᠠᠶᠢᠭᠤᠯᠤᠯᠲᠠ ᠶᠢᠨ ᠠᠵᠢᠯ ᠢ ᠴᠢᠬᠤᠯᠠᠴᠢᠯᠠᠬᠤ ᠬᠡᠮᠵᠢᠶ᠎ᠡ ᠶᠢ ᠳᠡᠭᠡᠭᠰᠢᠯᠡᠭᠦᠯᠪᠡ᠃ 2020 ᠣᠨ ᠳᠤ᠂ ᠮᠠᠨ ᠤ ᠲᠣᠪᠴᠢᠶ᠎ᠠ ᠨᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠲᠥᠯᠥᠪᠯᠡᠭᠰᠡᠨ ᠰᠢᠨ᠎ᠡ ᠬᠢᠨᠠᠨ ᠰᠢᠯᠭᠠᠬᠤ ᠭᠦᠢᠴᠡᠳᠬᠡᠯ ᠲᠤᠭ᠎ᠠ ᠪᠠ ᠬᠢᠨᠠᠨ ᠰᠢᠯᠭᠠᠬᠤ ᠠᠷᠭ᠎ᠠ ᠮᠠᠶ᠋ᠢᠭ ᠢ ᠦᠨᠳᠦᠰᠦᠯᠡᠨ᠂ ᠮᠠᠨ ᠤ ᠬᠤᠲᠠ ᠶᠢᠨ ᠬᠢᠨᠠᠨ ᠰᠢᠯᠭᠠᠬᠤ ᠭᠦᠢᠴᠡᠳᠬᠡᠯ ᠲᠤᠭ᠎ᠠ ᠪᠠ ᠬᠢᠨᠠᠨ ᠰᠢᠯᠭᠠᠬᠤ ᠠᠷᠭ᠎ᠠ ᠮᠠᠶ᠋ᠢᠭ ᠢ ᠵᠦᠢ ᠵᠣᠬᠢᠰᠲᠠᠢ ᠲᠣᠭᠲᠠᠭᠠᠵᠤ᠂ ᠬᠠᠤᠯᠢ ᠪᠠᠷ ᠵᠠᠰᠠᠬᠤ ᠡᠳ᠋ ᠤᠨ ᠵᠠᠰᠠᠭ ᠤᠨ ᠪᠠᠶᠢᠭᠤᠯᠤᠯᠲᠠ ᠶᠢᠨ ᠬᠢᠨᠠᠨ ᠰᠢᠯᠭᠠᠬᠤ ᠠᠵᠢᠯ ᠢ ᠦᠷᠭᠦᠯᠵᠢᠯᠡᠨ ᠥᠷᠨᠢᠭᠦᠯᠦᠨ᠎ᠡ᠃      9.ᠬᠦᠳᠦᠯᠦᠭᠴᠢ      ᠰᠦᠯᠵᠢᠶᠡᠨ ᠠᠨᠳᠠ ᠨᠠᠷ ᠬᠠᠤᠯᠢ ᠲᠦᠭᠡᠮᠡᠯᠵᠢᠭᠦᠯᠬᠦ ᠬᠥᠮᠦᠵᠢᠯ᠂ ᠬᠠᠤᠯᠢ ᠪᠠᠷ ᠵᠠᠰᠠᠬᠤ ᠶᠢ ᠤᠬᠠᠭᠤᠯᠬᠤ ᠲᠠᠯ᠎ᠠ ᠪᠠᠷ᠂ ᠲᠥᠪ ᠬᠤᠲᠠ ᠶᠢᠨ ᠡᠳ᠋ ᠤᠨ ᠵᠠᠰᠠᠭ ᠶᠠᠮᠠᠷ ᠶᠠᠮᠠᠷ ᠬᠢᠯᠠᠰ ᠲᠤᠪᠤᠶᠢᠮ᠎ᠠ ᠠᠵᠢᠯ ᠤᠳ ᠢ ᠬᠢᠭᠰᠡᠨ ᠲᠤᠬᠠᠢ ᠠᠩᠬᠠᠷᠴᠤ ᠪᠠᠶᠢᠨ᠎ᠠ᠂ ᠯᠢ ᠰᠠᠯᠠᠭᠠᠨ ᠳᠠᠷᠤᠭ᠎ᠠ ᠦᠷᠭᠦᠯᠵᠢᠯᠡᠨ ᠰᠦᠯᠵᠢᠶᠡᠨ ᠠᠨᠳᠠ ᠨᠠᠷ ᠲᠤ ᠲᠠᠨᠢᠯᠴᠠᠭᠤᠯᠤᠭᠠᠳ ᠥᠭᠬᠦ ᠪᠣᠯᠪᠠᠤ᠃      10.ᠬᠠᠤᠯᠢ ᠲᠦᠷᠢᠮ ᠭᠠᠶᠢᠯᠢ ᠶᠢᠨ ᠲᠥᠷᠥ ᠶᠢᠨ ᠪᠤᠳᠤᠯᠭ᠎ᠠ ᠶᠢᠨ ᠰᠠᠯᠠᠭ᠎ᠠ ᠶᠢᠨ ᠲᠡᠳ᠋ ᠰᠠᠯᠠᠭᠠᠨ ᠲᠠᠷᠤᠭ᠎ᠠ ᠯᠢ ᠰᠧ ᠶᠣᠣ      ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯ ᠢ ᠲᠡᠭᠡᠳᠦ ᠬᠡᠮᠵᠢᠶ᠎ᠡ ᠪᠠᠷ ᠴᠢᠬᠤᠯᠠᠴᠢᠯᠠᠭᠰᠠᠭᠠᠷ ᠢᠷᠡᠵᠡᠢ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠪᠦᠬᠦ ᠬᠤᠲᠠ ᠶᠢᠨ ᠬᠠᠤᠯᠢ ᠲᠦᠭᠡᠮᠡᠯᠵᠢᠭᠦᠯᠬᠦ ᠵᠠᠷᠤᠳᠠᠯ ᠢ ᠪᠦᠬᠦ ᠬᠦᠴᠦᠨ ᠢᠶᠠᠷ ᠢᠶᠠᠨ ᠪᠠᠲᠤᠯᠠᠵᠤ᠂ ᠬᠤᠰᠢᠭᠤ ᠰᠢᠶᠠᠨ ᠲᠣᠭᠤᠷᠢᠭ ᠲᠤ ᠬᠠᠤᠯᠢ ᠪᠠᠷ ᠵᠠᠰᠠᠬᠤ ᠡᠳ᠋ ᠤᠨ ᠵᠠᠰᠠᠭ ᠤᠨ  ᠪᠠᠶᠢᠭᠤᠯᠤᠯᠲᠠ ᠶᠢᠨ ᠵᠠᠷᠤᠳᠠᠯ ᠢ ᠴᠠᠭ ᠲᠤᠬᠠᠶ ᠳᠤᠨᠢ ᠪᠠᠭᠤᠯᠭᠠᠭᠰᠠᠨ ᠰᠠᠭᠤᠷᠢᠨ ᠳᠡᠭᠡᠷ᠎ᠡ᠂ ᠡᠳ᠋ ᠤᠨ ᠵᠠᠰᠠᠭ ᠤᠨ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠬᠢᠭᠡᠳ ᠡᠳ᠋ ᠤᠨ ᠵᠠᠰᠠᠭ ᠤᠨ ᠬᠠᠮᠢᠶᠠᠷᠤᠯᠲᠠ ᠶᠢᠨ ᠦᠢᠯᠡᠳᠦᠯᠭᠡ ᠶᠢ ᠬᠠᠷᠢᠯᠴᠠᠨ ᠤᠶᠠᠯᠳᠤᠭᠤᠯᠬᠤ ᠶᠢ  ᠪᠠᠷᠢᠮᠳᠠᠯᠠᠪᠠ᠃ ᠥᠷᠭᠡᠨ ᠣᠯᠠᠨ ᠡᠳ᠋ ᠤᠨ ᠵᠠᠰᠠᠭ ᠤᠨ ᠺᠠᠳ᠋ᠷ ᠤᠨ ᠬᠠᠤᠯᠢ ᠳᠦᠷᠢᠮ ᠤᠨ ᠦᠵᠡᠯ ᠤᠬᠠᠮᠰᠠᠷ ᠢ ᠨᠡᠮᠡᠭᠳᠡᠭᠦᠯᠵᠦ᠂ ᠬᠠᠤᠯᠢ ᠶᠣᠰᠣᠭᠠᠷ ᠵᠠᠰᠠᠭ ᠶᠠᠪᠤᠭᠤᠯᠬᠤ᠂ ᠬᠠᠤᠯᠢ ᠶᠣᠰᠣᠭᠠᠷ ᠡᠳ᠋ ᠤᠨ ᠶᠠᠪᠤᠳᠠᠯ ᠢ ᠬᠠᠮᠢᠶᠠᠷᠬᠤ ᠶᠢ ᠦᠨᠡᠨᠬᠦ ᠪᠡᠶᠡᠯᠡᠭᠦᠯᠪᠡ᠃      ᠨᠢᠭᠡ ᠳᠤ ︽ᠬᠡᠨ ᠬᠠᠤᠯᠢ ᠬᠡᠷᠡᠭᠵᠢᠭᠦᠯᠪᠡᠯ ᠬᠡᠨ ᠬᠠᠤᠯᠢ ᠲᠦᠭᠡᠮᠡᠯᠵᠢᠭᠦᠯᠬᠦ︾ ᠶᠢ ᠨᠠᠶᠢᠳᠠᠪᠤᠷᠢᠵᠢᠭᠤᠯᠵᠤ᠂ ᠲᠣᠰ ᠰᠠᠯᠠᠭ᠎ᠠ ᠮᠥᠴᠢᠷ ᠤᠨ ᠬᠠᠤᠯᠢ ᠲᠦᠭᠡᠮᠡᠯᠵᠢᠭᠦᠯᠬᠦ ᠬᠠᠷᠢᠭᠤᠴᠠᠯᠭ᠎ᠠ ᠶᠢᠨ ᠠᠭᠤᠯᠭ᠎ᠠ ᠶᠢᠨ ᠤᠬᠠᠭᠤᠯᠭ᠎ᠠ  ᠪᠣᠯᠤᠨ ᠪᠣᠯᠪᠠᠰᠤᠷᠠᠭᠤᠯᠤᠯ ᠢ ᠴᠢᠩᠭᠠᠳᠬᠠᠪᠠ᠃ ᠡᠯ᠎ᠡ ᠬᠤᠰᠢᠭᠤ ᠰᠢᠶᠠᠨ ᠲᠣᠭᠤᠷᠢᠭ ᠪᠣᠯᠤᠨ ᠬᠤᠲᠠ ᠶᠢᠨ ᠲᠣᠰ ᠱᠠᠲᠤᠨ ᠤ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ᠂ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ ᠤᠯᠤᠰ ᠤᠨ ᠬᠥᠮᠥᠷᠭᠡ᠂ ᠲᠥᠰᠦᠪ᠂ PPP᠂ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠵᠡᠷᠭᠡ ᠡᠳ᠋ ᠤᠨ ᠵᠠᠰᠠᠭ ᠤᠨ ᠠᠵᠢᠯ ᠤᠨ ᠬᠦᠷᠢᠶ᠎ᠡ ᠴᠠᠷᠠᠭ᠎ᠠ ᠶᠢᠨ ᠲᠥᠷᠥ ᠶᠢᠨ ᠪᠣᠳᠣᠯᠭ᠎ᠠ᠂ ᠣᠨᠣᠯ᠂ ᠬᠠᠤᠯᠢ ᠴᠠᠭᠠᠵᠠ ᠶᠢᠨ ᠮᠡᠳᠡᠯᠭᠡ ᠵᠡᠷᠭᠡ ᠣᠯᠠᠨ ᠳᠡᠰ ᠳᠠᠪᠬᠤᠷᠭ᠎ᠠ ᠶᠢᠨ ᠪᠣᠯᠪᠠᠰᠤᠷᠠᠭᠤᠯᠤᠯ ᠤᠨ ᠠᠵᠢᠯᠯᠠᠭ᠎ᠠ ᠥᠷᠨᠢᠭᠦᠯᠪᠡ᠃ 2019 ᠣᠨ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠤᠨ ᠮᠧᠩ ᠴᠢᠩ ᠮᠢᠨ ᠡᠷᠬᠢᠯᠡᠭᠴᠢ ᠶᠢ ᠤᠷᠢᠵᠤ ︽ᠲᠥᠰᠦᠪ ᠤᠨ ᠬᠠᠤᠯᠢ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠲᠥᠰᠦᠪ ᠢ ᠬᠢᠨᠠᠨ ᠪᠠᠶᠢᠴᠠᠭᠠᠵᠤ ᠬᠢᠨᠠᠯᠲᠠ ᠲᠠᠯᠪᠢᠬᠤ ᠳᠦᠷᠢᠮ︾ ᠤᠨ ᠲᠤᠰᠬᠠᠢ ᠰᠡᠳᠦᠪᠲᠦ ᠲᠠᠶᠢᠯᠤᠮᠵᠢ ᠪᠠ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠬᠢᠯᠭᠡᠬᠦ ᠶᠢᠨ ᠬᠠᠮᠲᠤ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠲᠠᠢ ᠬᠠᠮᠲᠤᠪᠠᠷ ᠪᠦᠬᠦ ᠬᠤᠲᠠ ᠶᠢᠨ ︽ᠲᠥᠰᠦᠪ ᠤᠨ ᠬᠠᠤᠯᠢ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠥᠰᠦᠪ ᠢ ᠬᠢᠨᠠᠨ ᠪᠠᠶᠢᠴᠠᠭᠠᠵᠤ ᠬᠢᠨᠠᠯᠲᠠ ᠲᠠᠯᠪᠢᠬᠤ ᠳᠦᠷᠢᠮ︾ ᠤᠨ ᠮᠡᠳᠡᠯᠭᠡ ᠶᠢᠨ ᠤᠷᠤᠯᠳᠤᠭᠠ ᠢ ᠡᠷᠬᠢᠯᠡᠵᠡᠢ᠃ ᠤᠷᠤᠯᠳᠤᠭᠠᠨ ᠢᠶᠠᠷ ᠳᠠᠮᠵᠢᠭᠤᠯᠤᠨ ︽ᠨᠢᠭᠡ ᠬᠠᠤᠯᠢ ᠨᠢᠭᠡ ᠳᠦᠷᠢᠮ︾ ᠤᠨ ᠨᠥᠯᠥᠭᠡᠯᠡᠬᠦ ᠬᠦᠴᠦᠨ ᠢ ᠤᠯᠠᠮ ᠨᠢᠭᠡ ᠠᠯᠬᠤᠮ ᠥᠷᠭᠡᠳᠬᠡᠵᠦ᠂ ᠲᠤᠬᠠᠶᠢᠯᠠᠭᠰᠠᠨ ᠠᠵᠢᠯ ᠤᠨ ᠰᠤᠷᠤᠯᠴᠠᠯᠭ᠎ᠠ ᠶᠢᠨ ᠥᠷᠨᠢᠯᠲᠡ ᠶᠢ ᠪᠤᠢ ᠪᠣᠯᠭᠠᠵᠤ᠂ ᠪᠦᠬᠦ ᠬᠤᠲᠠ ᠶᠢᠨ ᠡᠳ᠋ ᠤᠨ ᠵᠠᠰᠠᠭ ᠤᠨ ᠺᠠᠳ᠋ᠷ᠂ ᠡᠳ᠋ ᠤᠨ ᠶᠠᠪᠤᠳᠠᠯ ᠤᠨ ᠠᠵᠢᠯᠲᠠᠨ ᠤ ᠢᠳᠡᠪᠬᠢᠲᠡᠢ ᠬᠠᠤᠯᠢ ᠰᠤᠷᠬᠤ᠂ ᠬᠠᠤᠯᠢ ᠶᠢ ᠮᠡᠳᠡᠬᠦ᠂ ᠬᠠᠤᠯᠢ ᠶᠢ ᠬᠡᠷᠡᠭᠯᠡᠬᠦ ᠶᠢ ᠶᠡᠬᠡᠪᠡᠷ ᠵᠣᠷᠢᠭᠵᠢᠭᠤᠯᠪᠠ᠃      ᠡᠭᠦᠨ ᠤ ᠬᠠᠮᠲᠤ᠂ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠲᠠᠢ ᠤᠶᠠᠯᠳᠤᠭᠤᠯᠤᠨ᠂ ᠪᠦᠬᠦ ᠲᠣᠪᠴᠢᠶ᠎ᠠ ᠶᠢᠨ ︽ᠲᠥᠰᠦᠪ ᠤᠨ ᠬᠠᠤᠯᠢ ᠶᠢ ᠰᠤᠷᠤᠯᠴᠠᠨ ᠰᠠᠨᠠᠯ ᠰᠣᠯᠢᠯᠴᠠᠬᠤ ᠬᠤᠷᠠᠯ︾ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠡᠯ᠎ᠡ ᠰᠠᠯᠠᠭ᠎ᠠ ᠲᠠᠰᠤᠭ᠂ ᠨᠢᠭᠡᠴᠡ ᠶᠢᠨ ᠳᠡᠳ᠋ ᠰᠠᠯᠠᠭᠠᠨ ᠠᠴᠠ ᠳᠡᠭᠡᠭᠰᠢᠬᠢ ᠺᠠᠳ᠋ᠷ ᠬᠡᠷᠬᠢᠨ ᠪᠣᠳᠠᠲᠤ ᠠᠵᠢᠯ ᠤᠨ ᠳᠤᠮᠳᠠ ︽ᠲᠥᠰᠦᠪ ᠤᠨ ᠬᠠᠤᠯᠢ︾ ᠪᠠ ︽ᠲᠥᠰᠦᠪ ᠢ ᠬᠢᠨᠠᠨ ᠪᠠᠶᠢᠴᠠᠭᠠᠵᠤ ᠬᠢᠨᠠᠯᠲᠠ ᠲᠠᠯᠪᠢᠬᠤ ᠳᠦᠷᠢᠮ︾ ᠢ ᠭᠡᠷᠡᠭᠯᠡᠵᠦ ᠬᠡᠷᠡᠭᠵᠢᠭᠦᠯᠬᠦ ᠶᠢᠨ ᠲᠤᠭᠤᠷᠢᠨ ᠳᠤ᠂ ᠲᠥᠷᠥᠭᠳᠡᠯ᠂ ᠲᠤᠷᠰᠢᠯᠭ᠎ᠠ᠂ ᠬᠢᠬᠦ ᠠᠷᠭ᠎ᠠ ᠶᠢᠨ ᠲᠤᠬᠠᠶ ᠶᠠᠷᠢᠬᠤ ᠶᠢᠨ ᠬᠠᠮᠳᠤ  ᠬᠦᠴᠢᠷᠳᠡᠯ ᠪᠠ ᠠᠰᠠᠭᠤᠳᠠᠯ ᠢ ᠳᠤᠷᠠᠳᠴᠤ᠂ ᠰᠠᠨᠠᠯ ᠰᠠᠨᠠᠭᠤᠯᠭ᠎ᠠ ᠳᠤᠷᠠᠳᠴᠤ᠂ ᠢᠳᠡᠪᠬᠢᠲᠡᠢ ᠪᠥᠭᠡᠳ ᠰᠠᠨᠠᠭᠠᠴᠢᠯᠠᠭ᠎ᠠ ᠠᠴᠠ ᠪᠠᠨ ᠤᠷᠤᠯᠴᠠᠵᠤ᠂ ᠰᠡᠳᠬᠢᠯ ᠲᠠᠯᠪᠢᠵᠤ᠂ ᠰᠡᠳᠬᠢᠯᠭᠡ ᠤᠷᠤᠭᠤᠯᠵᠤ᠂ ᠬᠦᠴᠦ ᠭᠠᠷᠭᠠᠨ᠂ ︽ᠨᠢᠭᠡ ᠬᠠᠤᠯᠢ ᠨᠢᠭᠡ ᠳᠦᠷᠢᠮ︾ ᠢ ᠲᠤᠭᠤᠰᠢᠯᠠᠭᠤᠯᠤᠨ ᠬᠡᠷᠡᠭᠵᠢᠭᠦᠯᠬᠦ ᠶᠢ ᠪᠦᠲᠦᠮᠵᠢᠲᠡᠶ ᠲᠦᠯᠬᠢᠨ ᠠᠬᠢᠭᠤᠯᠪᠠ᠃      ᠬᠤᠶᠠᠷ ᠲᠤ ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠦᠨᠳᠦᠰᠦᠨ ᠬᠠᠤᠯᠢ ᠶᠢᠨ ᠡᠷᠬᠡ ᠰᠦᠷ ᠢ ᠪᠤᠢ ᠪᠣᠯᠭᠠᠪᠠ᠃ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠣᠯ ᠳᠤᠭᠤᠶᠢᠯᠠᠩ ᠦᠨᠳᠦᠰᠦᠨ ᠬᠠᠤᠯᠢ ᠶᠢ ᠣᠨ ᠤ ᠰᠤᠷᠤᠯᠴᠠᠬᠤ ᠭᠤᠣᠯᠳᠠᠯᠭ᠎ᠠ ᠲᠠᠢ ᠠᠭᠤᠯᠭ᠎ᠠ ᠪᠣᠯᠭᠠᠵᠤ᠂ ᠣᠯᠠᠨ ᠠᠷᠭ᠎ᠠ ᠬᠡᠮᠵᠢᠶ᠎ᠡ᠂ ᠰᠢᠨ᠎ᠡ ᠬᠡᠯᠪᠡᠷᠢ ᠪᠠᠷ ᠵᠤᠬᠢᠶᠠᠨ ᠪᠠᠶᠢᠭᠤᠯᠤᠨ ᠰᠤᠷᠤᠯᠴᠠᠵᠤ᠂ ︽ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠤᠯᠤᠰ ᠤᠨ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠤᠶ᠎ᠠ︾ ᠪᠠᠷ ᠭᠤᠣᠯ ᠰᠡᠳᠦᠪ ᠪᠣᠯᠭᠠᠵᠤ ᠂  ᠪᠠᠶᠠᠯᠢᠭ ᠠᠭᠤᠯᠭ᠎ᠠ ᠪᠦᠬᠦᠢ ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠠᠵᠢᠯᠯᠠᠭ᠎ᠠ ᠶᠢ  ᠥᠷᠨᠢᠭᠦᠯᠪᠡ᠃ 2019 ᠣᠨ ᠳᠤ᠂ ᠤᠯᠤᠰ ᠤᠨ ᠦᠨᠳᠦᠰᠦᠨ ᠬᠠᠤᠯᠢ ᠶᠢᠨ ᠡᠳᠦᠷ ᠤᠨ ᠬᠤᠭᠤᠴᠠᠭᠠᠨ ᠳᠤ᠂ ︽ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠦᠨᠳᠦᠰᠦᠨ ᠬᠠᠤᠯᠢ ᠶᠢᠨ ᠤᠩᠰᠢᠯᠭ᠎ᠠ ᠶᠢᠨ ᠴᠡᠭ︾ ᠢ ᠪᠠᠶᠢᠭᠤᠯᠵᠤ᠂ ᠤᠯᠤᠰ ᠤᠨ ᠳᠠᠭᠤᠤ ᠬᠥᠭᠵᠢᠮᠳᠡᠨ ᠳᠠᠭᠤᠯᠠᠬᠤ᠂ ᠪᠦᠬᠦᠳᠡᠭᠡᠷ ᠦᠨᠳᠦᠰᠦᠨ ᠬᠠᠤᠯᠢ ᠳᠤ ᠲᠠᠩᠭᠠᠷᠢᠭᠯᠠᠬᠤ᠂ ᠦᠨᠳᠦᠰᠦᠨ ᠬᠠᠤᠯᠢ ᠶᠢᠨ ᠣᠷᠣᠰᠢᠯ ᠪᠠ ᠶᠡᠷᠦᠩᠬᠡᠶ ᠬᠥᠲᠥᠯᠪᠦᠷᠢ ᠶᠢ ᠤᠩᠰᠢᠬᠤ᠂ ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠪᠠᠳᠠᠷᠠᠭᠤᠯᠬᠤ ᠭᠤᠤᠯ ᠰᠡᠳᠦᠪᠲᠦ ᠭᠠᠷ ᠤᠨ ᠥᠰᠥᠭ ᠵᠢᠷᠤᠬᠤ ᠵᠡᠷᠭᠡ ᠠᠵᠢᠯᠯᠠᠭ᠎ᠠ ᠪᠠᠷ ᠳᠠᠮᠵᠢᠭᠤᠯᠤᠨ᠂ ᠪᠦᠬᠦ ᠲᠣᠪᠴᠢᠶ᠎ᠠ ᠶᠢᠨ ᠺᠠᠳ᠋ᠷ ᠠᠵᠢᠯᠳᠠᠨ ᠠᠵᠢᠯᠴᠢᠨ ᠤ ᠦᠨᠳᠦᠰᠦᠨ ᠬᠠᠤᠯᠢ ᠶᠢ ᠬᠦᠨᠳᠦᠳᠭᠡᠬᠦ᠂ ᠦᠨᠳᠦᠰᠦᠨ ᠬᠠᠤᠯᠢ ᠶᠢ ᠰᠤᠷᠤᠯᠴᠠᠬᠤ᠂ ᠦᠨᠳᠦᠰᠦᠨ ᠬᠠᠤᠯᠢ ᠶᠢ ᠬᠠᠮᠠᠭᠠᠯᠠᠬᠤ᠂ ᠦᠨᠳᠦᠰᠦᠨ ᠬᠠᠤᠯᠢ ᠶᠢ ᠭᠡᠷᠡᠭᠯᠡᠬᠦ ᠶᠢ ᠨᠢ ᠬᠦᠳᠦᠯᠦᠨ ᠵᠢᠯᠤᠭᠤᠳᠪᠠ᠃ ᠮᠠᠨ ᠤ ᠲᠣᠪᠴᠢᠶᠠᠨ ᠤ ᠬᠠᠤᠯᠢ ᠪᠠᠷ ᠵᠠᠰᠠᠬᠤ ᠡᠳ᠋ ᠤᠨ ᠵᠠᠰᠠᠭ ᠢ ᠥᠷᠨᠢᠭᠦᠯᠦᠭᠰᠡᠨ ᠪᠠᠶᠢᠳᠠᠯ ᠢ ᠦᠨᠳᠦᠰᠦᠯᠡᠨ᠂ ︽ᠪᠢ ᠦᠨᠳᠦᠰᠦᠨ ᠬᠠᠤᠯᠢ ᠲᠠᠢ︾ ᠪᠢᠴᠢᠯ ᠸᠢᠳᠢᠣ᠋᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠪᠢᠴᠢᠯ ᠸᠢᠳᠢᠣ᠋ ᠶᠢ ᠦᠢᠯᠡᠳᠴᠦ ᠡᠳ᠋ ᠤᠨ ᠵᠠᠰᠠᠭ ᠤᠨ ᠶᠠᠮᠤᠨ ᠳᠤ ᠮᠡᠳᠡᠭᠦᠯᠦᠨ ᠰᠢᠯᠭᠠᠷᠠᠭᠤᠯᠤᠯᠲᠠ ᠳᠤ ᠤᠷᠤᠯᠴᠠᠭᠤᠯᠵᠤ᠂ ᠪᠦᠬᠦ ᠲᠤᠪᠴᠢᠶ᠎ᠠ ᠶᠢᠨ ᠺᠠᠳ᠋ᠷ ᠠᠵᠢᠯᠲᠠᠳ ᠢ ᠵᠣᠬᠢᠶᠠᠨ ᠪᠠᠶᠢᠭᠤᠯᠤᠨ ᠦᠨᠳᠦᠰᠦᠨ ᠬᠠᠤᠯᠢ ᠶᠢᠨ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠪᠠ ᠪᠢᠴᠢᠯ ᠸᠢᠳᠢᠣ᠋ ᠶᠢ ᠳᠡᠯᠭᠡᠨ ᠨᠡᠪᠲᠡᠷᠡᠭᠦᠯᠬᠦ ᠠᠵᠢᠯᠯᠠᠭ᠎ᠠ ᠥᠷᠨᠢᠬᠦᠯᠵᠦ᠂ ᠦᠨᠳᠦᠰᠦᠨ ᠬᠠᠤᠯᠢ ᠶᠢ ᠰᠤᠷᠤᠯᠴᠠᠬᠤ᠂ ᠦᠨᠳᠦᠰᠦᠨ ᠬᠠᠤᠯᠢ ᠶᠢ ᠤᠬᠠᠭᠤᠯᠬᠤ᠂ ᠦᠨᠳᠦᠰᠦᠨ ᠬᠠᠤᠯᠢ ᠶᠢᠨ ᠡᠷᠬᠡ ᠰᠦᠷ ᠢ ᠪᠣᠢ ᠪᠣᠯᠭᠠᠬᠤ ᠬᠠᠯᠠᠭᠤᠨ ᠤᠷᠮ᠎ᠠ ᠰᠡᠳᠬᠢᠯᠭᠡ ᠶᠢ ᠨᠡᠩ ᠬᠦᠨᠵᠡᠭᠡᠶᠢᠷᠡᠭᠦᠯᠪᠡ᠃      ᠭᠤᠷᠪᠠ ᠳᠤ ᠲᠤᠬᠠᠶ ᠶᠢᠨ ᠲᠠᠯᠠᠪᠤᠷ ᠲᠤ ᠣᠷᠣᠯᠴᠠᠨ ᠬᠥᠲᠥᠯᠥᠨ ᠵᠢᠯᠣᠭᠤᠳᠬᠤ ᠶᠢ ᠴᠢᠬᠤᠯᠠᠴᠢᠯᠠᠵᠤ᠂ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠬᠢᠴᠢᠶᠡᠯ ᠢ ᠰᠠᠶᠢᠲᠤᠷ ᠤᠷᠤᠪᠠ᠃ ᠨᠡᠶᠢᠲᠡᠯᠢᠭ ᠬᠡᠷᠡᠭ ᠤᠨ ᠵᠢᠱᠢᠶ᠎ᠡ ᠶᠢ ᠰᠣᠩᠭᠤᠵᠤ᠂ ᠺᠠᠳ᠋ᠷ ᠠᠵᠢᠯᠲᠠᠳ ᠢ ᠵᠣᠬᠢᠶᠠᠨ ᠪᠠᠶᠢᠭᠤᠯᠤᠨ ᠬᠦᠬᠡᠬᠤᠲᠠ ᠶᠢᠨ ᠳᠤᠮᠳᠠ ᠵᠡᠷᠭᠡ ᠶᠢᠨ ᠰᠢᠭᠦᠬᠦ ᠬᠤᠷᠢᠶᠠᠨ ᠳᠤ ᠬᠦᠷᠴᠦ ᠰᠢᠭᠦᠬᠦ ᠬᠤᠷᠢᠶᠠᠨ ᠤ ᠲᠢᠩᠬᠢᠮ ᠤᠨ ᠰᠢᠭᠦᠯᠲᠡ ᠶᠢ ᠰᠤᠯᠠ ᠰᠣᠨᠣᠰᠴᠤ᠂ ᠠᠮᠢᠳᠤᠯᠢᠭ ᠰᠢᠭᠤᠳ ᠬᠠᠤᠯᠢ ᠴᠠᠭᠠᠵᠠ ᠶᠢᠨ ᠬᠥᠮᠦᠵᠢᠯ ᠢ ᠥᠷᠨᠢᠭᠦᠯᠵᠦ᠂ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠬᠢᠴᠢᠶᠡᠯ ᠢ ᠰᠠᠶᠢᠲᠤᠷ ᠤᠷᠤᠵᠤ᠂ ᠦᠨᠳᠦᠰᠦᠨ ᠬᠠᠤᠯᠢ ᠵᠢᠴᠢ ᠬᠤᠯᠪᠤᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠤᠨ ᠮᠡᠳᠡᠯᠭᠡ ᠶᠢ ᠰᠢᠭᠤᠳ ᠲᠠᠷᠢᠬᠢᠨ ᠳᠤ ᠪᠠᠨ ᠰᠢᠩᠭᠡᠭᠡᠵᠦ ᠰᠡᠳᠬᠢᠯ ᠳᠤ ᠪᠠᠨ ᠬᠠᠳᠠᠩᠰᠢᠭᠤᠯᠤᠨ᠂ ᠪᠣᠳᠠᠲᠠᠶ ᠳᠤ ᠨᠠᠶᠢᠳᠠᠪᠤᠷᠢᠵᠢᠭᠤᠯᠪᠠ᠃      ᠲᠦᠷᠪᠡ ᠳᠤ ᠰᠡᠳᠦᠪ ᠬᠠᠷᠢᠭᠤᠯᠬᠤ ᠠᠵᠢᠯᠯᠠᠭ᠎ᠠ ᠶᠢ ᠢᠳᠡᠪᠬᠢᠲᠡᠢ ᠵᠣᠬᠢᠶᠠᠨ ᠪᠠᠶᠢᠭᠤᠯᠵᠤ᠂ ᠠᠷᠭ᠎ᠠ ᠵᠠᠮ ᠢ ᠥᠷᠭᠡᠳᠬᠡᠨ ᠦᠨᠳᠦᠰᠦᠨ ᠬᠠᠤᠯᠢ ᠬᠠᠤᠯᠢ ᠴᠠᠭᠠᠵᠠ ᠶᠢᠨ ᠮᠡᠳᠡᠯᠭᠡ ᠶᠢ ᠡᠵᠡᠮᠰᠢᠪᠡ᠃ ᠦᠨᠳᠦᠰᠦᠨ ᠬᠠᠤᠯᠢ ᠬᠠᠤᠯᠢ ᠴᠠᠭᠠᠵᠠ ᠶᠢᠨ ᠮᠡᠳᠡᠯᠭᠡ ᠶᠢᠨ ᠰᠡᠳᠦᠪ ᠬᠠᠷᠢᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠰᠠᠷ᠎ᠠ ᠶᠢᠨ ᠬᠤᠭᠤᠴᠠᠭᠠᠨ ᠳᠤ᠂ ︽ᠦᠨᠳᠦᠰᠦᠨ ᠬᠠᠤᠯᠢ ᠵᠢᠴᠢ ᠡᠳ᠋ ᠤᠨ ᠵᠠᠰᠠᠭ ᠠᠵᠤ ᠠᠬᠤᠶ ᠶᠢᠨ ᠬᠠᠤᠯᠢ ᠴᠠᠭᠠᠵᠠ ᠶᠢᠨ ᠮᠡᠳᠡᠯᠭᠡ ᠶᠢᠨ ᠰᠢᠯᠭᠠᠯᠲᠠ︾ ᠶᠢ ᠥᠷᠨᠢᠬᠦᠯᠵᠦ᠂ ︽ᠦᠨᠳᠦᠰᠦᠨ ᠬᠠᠤᠯᠢ ᠶᠢᠨ ᠤᠬᠠᠭᠤᠯᠭ᠎ᠠ ᠵᠢᠴᠢ ᠪᠥᠬᠦ ᠠᠷᠠᠳ ᠲᠤ ᠬᠠᠤᠯᠢ ᠲᠦᠭᠡᠮᠡᠯᠵᠢᠭᠦᠯᠬᠦ ᠰᠦᠯᠵᠢᠶᠡᠨ ᠳᠡᠭᠡᠷ᠎ᠡ ᠰᠡᠳᠦᠪ ᠬᠠᠷᠢᠭᠤᠯᠬᠤ ᠱᠠᠩᠨᠠᠯᠳᠤ ᠠᠵᠢᠯᠯᠠᠭ᠎ᠠ︾᠂ ︽ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠰᠠᠷ᠎ᠠ︾ ᠶᠢᠨ ᠬᠠᠤᠯᠢ ᠴᠠᠭᠠᠵᠠ ᠶᠢᠨ ᠮᠡᠳᠡᠯᠭᠡ ᠶᠢᠨ ᠤᠷᠤᠯᠳᠤᠭᠠᠨ ᠤ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠦᠨᠳᠦᠰᠦᠨ ᠬᠠᠤᠯᠢ ᠬᠠᠤᠯᠢ ᠴᠠᠭᠠᠵᠠ ᠶᠢᠨ ᠤᠬᠠᠮᠰᠠᠷ ᠢ ᠬᠥᠮᠦᠰ ᠤᠨ ᠰᠡᠳᠬᠢᠯ ᠳᠤ ᠭᠦᠨ ᠬᠠᠳᠠᠩᠰᠢᠭᠤᠯᠪᠠ᠃      ᠲᠠᠪᠤ ᠳᠤ ᠰᠢᠨ᠎ᠡ ᠵᠠᠭᠤᠴᠢᠯᠠᠭᠤᠷ ᠢ ᠬᠦᠢᠴᠡᠳ ᠠᠰᠢᠭᠯᠠᠵᠤ᠂ ᠡᠳ᠋ ᠤᠨ ᠵᠠᠰᠠᠭ ᠤᠨ ᠠᠵᠢᠯ ᠤᠨ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠪᠠ᠃ ᠰᠣᠨᠢᠨ ᠰᠡᠳᠬᠦᠯ᠂ ᠷᠠᠳᠢᠣ᠋ ᠨᠡᠪᠲᠡᠷᠡᠭᠦᠯᠭᠡ᠂ ᠰᠦᠯᠵᠢᠶ᠎ᠡ ᠵᠡᠷᠭᠡ ᠵᠠᠭᠤᠴᠢ ᠪᠠᠷ ᠳᠠᠮᠵᠢᠭᠤᠯᠤᠨ ᠡᠳ᠋ ᠤᠨ ᠵᠠᠰᠠᠭ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠨᠡᠶᠢᠭᠡᠮ ᠳᠤ ᠥᠷᠭᠡᠨ ᠢᠶᠠᠷ ᠤᠬᠠᠭᠤᠯᠵᠤ᠂ ᠡᠳ᠋ ᠤᠨ ᠵᠠᠰᠠᠭ ᠤᠨ ᠬᠠᠮᠤᠭ ᠤᠨ ᠰᠢᠨ᠎ᠡ ᠠᠵᠢᠯ ᠤᠨ ᠪᠠᠶᠢᠳᠠᠯ ᠢ ᠲᠠᠨᠢᠯᠴᠠᠭᠤᠯᠵᠤ᠂ ᠮᠠᠨ ᠤ ᠬᠤᠲᠠ ᠶᠢᠨ ᠴᠢᠬᠤᠯᠠ ᠶᠡᠭᠡ ᠲᠥᠷᠥᠯ ᠵᠦᠢᠯ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠰᠤᠷᠭᠠᠨ ᠬᠥᠮᠦᠵᠢᠯ ᠤᠨ ᠬᠦᠭᠵᠢᠯᠲᠡ᠂ ᠠᠷᠠᠳ ᠤᠨ ᠠᠮᠢᠳᠤᠷᠠᠯ ᠤᠨ ᠢᠨᠵᠧᠨᠧᠷᠢᠩ ᠵᠡᠷᠭᠡ ᠳᠤ ᠪᠠᠯᠠ ᠤᠷᠤᠭᠤᠯᠤᠭᠰᠠᠨ ᠪᠠᠶᠢᠳᠠᠯ ᠢ ᠭᠠᠳᠠᠭᠰᠢ ᠨᠡᠶᠢᠳᠡᠯᠡᠪᠡ᠃ ᠨᠡᠶᠢᠭᠡᠮ ᠤᠨ ᠡᠯ᠎ᠡ ᠡᠲᠡᠭᠡᠳ ᠤᠨ ᠬᠢᠨ ᠤ ᠡᠳ᠋ ᠤᠨ ᠵᠠᠰᠠᠭ ᠤᠨ ᠬᠠᠤᠯᠢ ᠴᠠᠭᠠᠵᠠ ᠬᠠᠤᠯᠢ ᠲᠣᠭᠲᠠᠭᠠᠯ ᠤᠨ ᠲᠤᠬᠠᠶ ᠲᠠᠨᠢᠯᠲᠠ ᠪᠠ ᠣᠶᠢᠯᠠᠭᠠᠯᠲᠠ ᠶᠢ ᠭᠦᠨᠵᠡᠭᠡᠶᠢᠷᠡᠭᠦᠯᠪᠡ᠃ ᠪᠦᠬᠦ ᠬᠤᠲᠠ ᠶᠢᠨ ᠡᠳ᠋ ᠤᠨ ᠵᠠᠰᠠᠭ ᠤᠨ ᠮᠡᠳᠡᠭᠡ ᠵᠠᠩᠭᠢ ᠨᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ  ᠤᠨ ᠰᠢᠰᠲ᠋ᠧᠮ᠂ ᠬᠤᠲᠠ ᠶᠢᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ᠂ ᠬᠤᠲᠠ ᠶᠢᠨ ᠵᠠᠰᠠᠭ ᠤᠨ ᠣᠷᠳᠣᠨ ᠤ ᠮᠡᠳᠡᠭᠡ ᠵᠠᠩᠭᠢ ᠶᠢᠨ ᠭᠠᠵᠠᠷ ᠤᠨ ᠨᠡᠷᠡᠰ ᠤᠨ ᠵᠢᠭᠰᠠᠭᠠᠯᠲᠠ ᠳᠤ ᠲᠡᠷᠢᠭᠦᠯᠡᠭᠰᠡᠨ ᠰᠠᠶᠢᠨ ᠬᠢᠷᠢ ᠪᠦᠲᠦᠮᠵᠢ ᠣᠯᠪᠠ᠃ ᠠᠯᠪᠠᠨ ᠰᠥᠯᠵᠢᠶ᠎ᠡ ᠪᠠ ᠪᠢᠴᠢᠯ ᠪᠦᠷᠭᠡ ᠸᠢᠴᠠᠲ ᠤᠨ ᠲᠠᠪᠴᠠᠩ ᠢᠶᠠᠨ ᠲᠡᠰ ᠳᠡᠪᠰᠢᠭᠦᠯᠦᠨ ᠦᠭᠡᠷᠡᠴᠢᠯᠡᠬᠦ ᠪᠠᠷ ᠳᠠᠮᠵᠢᠭᠤᠯᠤᠨ᠂ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠪᠠ ᠵᠠᠰᠠᠭ ᠤᠨ ᠶᠠᠪᠤᠳᠠᠯ ᠢ ᠢᠯᠡ ᠪᠣᠯᠭᠠᠬᠤ ᠲᠤᠰᠬᠠᠶ ᠪᠤᠯᠤᠩ ᠢ ᠰᠢᠨᠡᠳᠬᠡᠵᠦ᠂ ᠰᠦᠯᠵᠢᠶᠡᠴᠢᠳ ᠤᠨ ᠠᠰᠠᠭᠤᠭᠰᠠᠨ ᠠᠰᠠᠭᠤᠯᠲᠠ ᠪᠣᠯᠭᠠᠨ ᠳᠤ ᠬᠠᠷᠢᠭᠤᠯᠲᠠ ᠲᠠᠢ᠂ ᠶᠠᠪᠤᠳᠠᠯ ᠪᠦᠬᠦᠨ ᠳᠤ ᠬᠠᠷᠢᠭᠤ ᠲᠤᠰᠬᠠᠯ ᠲᠠᠢ ᠪᠠᠶᠢᠬᠤ ᠶᠢ ᠦᠨᠡᠨᠬᠦ ᠪᠡᠶᠡᠯᠡᠬᠦᠯᠵᠡᠢ  ᠃      11.ᠬᠠᠮᠢᠶᠠᠷᠤᠭᠴᠢ      ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶᠠᠨ ᠤ ᠳᠡᠳ᠋ ᠭᠠᠵᠠᠷ ᠤᠨ ᠲᠡᠰ ᠤᠨ ᠤᠳᠤᠷᠢᠳᠤᠯᠭ᠎ᠠ ᠯᠢ ᠯᠦᠩ ᠯᠦᠩ᠂ ᠬᠠᠤᠯᠢ ᠲᠦᠷᠢᠮ ᠭᠠᠶᠢᠯᠢ ᠶᠢᠨ ᠲᠥᠷᠥ ᠶᠢᠨ ᠪᠤᠳᠤᠯᠭ᠎ᠠ ᠶᠢᠨ ᠰᠠᠯᠠᠭ᠎ᠠ ᠶᠢᠨ ᠲᠡᠳ᠋ ᠰᠠᠯᠠᠭᠠᠨ ᠲᠠᠷᠤᠭ᠎ᠠ ᠯᠢ ᠰᠧ ᠶᠣᠣ ᠳᠤ ᠪᠠᠶᠠᠷᠯᠠᠯ᠎ᠠ᠂ ᠰᠦᠯᠵᠢᠶᠡᠨ ᠠᠨᠳᠠ ᠨᠠᠷ ᠤᠨ ᠠᠩᠬᠠᠷᠤᠯ ᠢᠶᠠᠨ ᠬᠠᠨᠳᠤᠭᠤᠯᠤᠭᠰᠠᠨ ᠳᠤ ᠪᠠᠶᠠᠷᠯᠠᠯ᠎ᠠ᠃ ᠲᠤᠰ ᠬᠤᠭᠤᠴᠠᠭᠠᠨ ᠤ ᠰᠤᠷᠪᠤᠯᠵᠢᠯᠠᠭ᠎ᠠ ᠠᠳᠡ ᠬᠦᠷᠦᠭᠡᠳ ᠥᠨᠳᠦᠷᠯᠡᠯ᠎ᠡ᠂ ᠪᠠᠶᠠᠷᠯᠠᠯ᠎ᠠ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号