ᠸᠠᠩ ᠯᠢ ᠰᠢᠶᠠ ᠬᠤᠳᠠᠯᠳᠤᠭ᠎ᠠ ᠡᠵᠡᠩᠨᠡᠯᠲᠡ ᠶᠢᠨ ᠣᠷᠴᠢᠨ ᠨᠥᠬᠦᠴᠡᠯ ᠢ ᠴᠡᠭᠴᠡᠯᠡᠨ ᠰᠠᠶᠢᠵᠢᠷᠠᠭᠤᠯᠬᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠳᠠᠭᠠᠨ ᠴᠢᠬᠤᠯᠠᠴᠢᠯᠠᠭᠰᠠᠨ ᠨᠢ ᠠᠰᠠᠭᠤᠳᠠᠯ ᠳᠤ ᠰᠢᠭᠤᠳ ᠬᠠᠨᠳᠤᠨ ᠵᠥᠷᠢᠶ᠎ᠡ ᠪᠠᠨ ᠵᠥᠪ ᠲᠠᠨᠢᠵᠤ ᠬᠤᠳᠠᠯᠳᠤᠭ᠎ᠠ ᠡᠵᠡᠩᠨᠡᠯᠲᠡ ᠶᠢᠨ ᠣᠷᠴᠢᠨ ᠨᠥᠬᠦᠴᠡᠯ ᠤᠨ ᠡᠷᠭᠢᠯᠲᠡ ᠶᠢᠨ ᠳᠠᠶᠢᠯᠠᠯᠳᠤᠭᠠᠨ ᠢ ᠡᠷᠡᠰ ᠭᠤᠶᠢᠪᠢᠰᠢ ᠦᠭᠡᠢ ᠰᠠᠶᠢᠲᠤᠷ ᠬᠢᠬᠦ ᠬᠡᠷᠡᠭᠲᠡᠢ
ᠨᠡᠶᠢᠲᠡᠯᠡᠭᠰᠡᠨ ᠴᠠᠭ᠄
2020-07-09
ᠵᠠᠩ ᠪᠠᠢ ᠴᠧᠩ  ᠯᠥᠸᠧ ᠴᠢᠩ ᠣᠷᠣᠯᠴᠠᠵᠤ ᠾᠧ ᠬᠠᠢ ᠳ᠋ᠦᠩ ᠡᠷᠬᠢᠯᠡᠪᠡ      ︵ᠰᠤᠷᠪᠤᠯᠵᠢᠯᠠᠭᠴᠢ ᠹᠧᠩ ᠶᠠᠨ ᠫᠢᠩ︶ 7 ᠳ᠋ᠤᠭᠠᠷ ᠰᠠᠷ᠎ᠠ ᠶᠢᠨ 8 ᠤ ᠡᠳᠦᠷ ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠸᠠᠩ ᠯᠢ ᠰᠢᠶᠠ ᠬᠤᠳᠠᠯᠳᠤᠭ᠎ᠠ ᠡᠵᠡᠩᠨᠡᠯᠲᠡ ᠶᠢᠨ ᠣᠷᠴᠢᠨ ᠨᠥᠬᠦᠴᠡᠯ ᠢ ᠴᠡᠭᠴᠡᠯᠡᠨ ᠰᠠᠶᠢᠵᠢᠷᠠᠭᠤᠯᠬᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠳᠠᠭᠠᠨ ᠴᠢᠬᠤᠯᠠᠴᠢᠯᠠᠭᠰᠠᠨ ᠨᠢ᠂ ᠠᠰᠠᠭᠤᠳᠠᠯ ᠳᠤ ᠰᠢᠭᠤᠳ ᠬᠠᠨᠳᠤᠨ ᠵᠥᠷᠢᠶ᠎ᠡ ᠪᠠᠨ ᠵᠥᠪ ᠲᠠᠨᠢᠵᠤ᠂ ᠲᠡᠷᠢᠭᠦᠨ ᠤ ᠵᠠᠰᠠᠭ ᠤᠨ ᠶᠠᠪᠤᠳᠠᠯ ᠤᠨ ᠣᠷᠴᠢᠨ ᠨᠥᠬᠦᠴᠡᠯ᠂ ᠲᠡᠷᠢᠭᠦᠨ ᠤ ᠡᠵᠡᠩᠨᠡᠯᠲᠡ ᠶᠢᠨ ᠣᠷᠴᠢᠨ ᠨᠥᠬᠦᠴᠡᠯ᠂ ᠲᠡᠷᠢᠭᠦᠨ ᠤ ᠲᠥᠷᠥ ᠶᠢᠨ ᠪᠣᠳᠣᠯᠭ᠎ᠠ ᠶᠢᠨ ᠣᠷᠴᠢᠨ ᠨᠥᠬᠦᠴᠡᠯ ᠢ ᠪᠣᠢ ᠪᠣᠯᠭᠠᠬᠤ ᠳᠡᠭᠡᠷ᠎ᠡ ᠠᠩᠬᠠᠷᠤᠯ ᠢᠶᠠᠨ ᠲᠥᠪᠯᠡᠷᠡᠭᠦᠯᠵᠦ᠂ ᠨᠡᠩ ᠶᠡᠭᠡ ᠬᠦᠴᠦᠨ ᠢᠶᠠᠷ᠂ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠡᠯ᠎ᠡ ᠵᠦᠢᠯ ᠤᠨ ᠠᠵᠢᠯ ᠢ ᠲᠦᠯᠬᠢᠨ ᠠᠬᠢᠭᠤᠯᠵᠤ᠂ ᠬᠤᠳᠠᠯᠳᠤᠭ᠎ᠠ ᠡᠵᠡᠩᠨᠡᠯᠲᠡ ᠶᠢᠨ ᠣᠷᠴᠢᠨ ᠨᠥᠬᠦᠴᠡᠯ ᠤᠨ ᠡᠷᠭᠢᠯᠲᠡ ᠶᠢᠨ ᠳᠠᠶᠢᠯᠠᠯᠳᠤᠭᠠᠨ ᠢ ᠡᠷᠡᠰ ᠭᠤᠶᠢᠪᠢᠰᠢ ᠦᠭᠡᠢ ᠰᠠᠶᠢᠲᠤᠷ ᠬᠢᠬᠦ ᠬᠡᠷᠡᠭᠲᠡᠢ ᠭᠡᠵᠡᠢ᠃      ᠸᠠᠩ ᠯᠢ ᠰᠢᠶᠠ ᠵᠢᠭᠠᠭᠰᠠᠨ ᠨᠢ᠂ ᠬᠤᠳᠠᠯᠳᠤᠭ᠎ᠠ ᠡᠵᠡᠩᠨᠡᠯᠲᠡ ᠶᠢᠨ ᠣᠷᠴᠢᠨ ᠨᠥᠬᠦᠴᠡᠯ ᠪᠣᠯ ᠮᠠᠨ ᠤ ᠳᠠᠩᠳᠠ ᠶᠠᠷᠢᠯᠴᠠᠳᠠᠭ ᠬᠠᠭᠤᠴᠢᠨ ᠠᠰᠠᠭᠤᠳᠠᠯ ᠮᠥᠨ᠂ ᠬᠡᠳᠦᠶᠢᠪᠡᠷ ᠨᠢᠳᠤᠨᠤᠨ ᠤ 9 ᠳ᠋ᠦ᠋ᠭᠡᠷ ᠰᠠᠷ᠎ᠠ ᠠᠴᠠ ᠨᠠᠭᠠᠰᠢ᠂ ᠬᠤᠲᠠ ᠶᠢᠨ ᠨᠠᠮ ᠤᠨ ᠬᠤᠷᠢᠶ᠎ᠠ ᠶᠡᠭᠡ ᠬᠦᠴᠦ ᠣᠷᠣᠭᠤᠯᠤᠨ ᠲᠦᠯᠬᠢᠨ ᠠᠬᠢᠭᠤᠯᠵᠤ᠂ ᠱᠠᠲᠤ ᠦᠶ᠎ᠡ ᠶᠢᠨ ᠴᠢᠨᠠᠷᠲᠠᠢ ᠦᠷ᠎ᠡ ᠪᠦᠲᠦᠮᠵᠢ ᠣᠯᠣᠭᠰᠠᠨ ᠪᠣᠯᠪᠠᠴᠤ᠂ ᠪᠠᠰᠠᠯᠠ ᠠᠰᠠᠭᠤᠳᠠᠯ ᠨᠢ ᠠᠮᠵᠢᠯᠲᠠ ᠠᠴᠠ ᠣᠯᠠᠨ᠂ ᠵᠥᠷᠢᠶ᠎ᠡ ᠨᠢ ᠳᠠᠪᠰᠢᠯᠲᠠ ᠠᠴᠠ ᠶᠡᠭᠡ ᠪᠠᠶᠢᠳᠠᠯ ᠲᠠᠢ ᠪᠠᠶᠢᠵᠤ᠂ ᠭᠤᠣᠯ ᠢᠯᠡᠷᠡᠯ ᠨᠢ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠳᠣᠣᠷ᠎ᠠ᠂ ︽ᠡᠷᠭᠢᠳᠡᠭ ᠡᠭᠦᠳᠡ︾ ︽ᠰᠢᠯ ᠡᠭᠦᠳᠡ︾ ᠶᠢᠨ ᠠᠰᠠᠭᠤᠳᠠᠯ ᠣᠷᠣᠰᠢᠭᠰᠠᠭᠠᠷ᠂ ︽ᠪᠡᠶ᠎ᠡ ᠶᠢᠨ ᠭᠠᠳᠠᠨᠠᠬᠢ ᠡᠷᠭᠢᠯᠲᠡ︾ ᠨᠡᠶᠢᠳᠡᠮ ᠣᠷᠣᠰᠢᠭᠰᠠᠭᠠᠷ᠂ ︽ᠮᠡᠳᠡᠭᠡ ᠵᠠᠩᠭᠢ ᠶᠢᠨ ᠬᠤᠯᠠᠩ︾ ᠮᠥᠨ ᠯᠠ ᠰᠦᠨᠳᠡᠷᠯᠡᠵᠦ᠂ ᠠᠵᠢᠯ ᠨᠢ ᠵᠢᠷᠤᠮᠵᠢᠯ ᠦᠭᠡᠢ᠂ ᠬᠤᠷᠳᠤᠨ ᠭᠦᠢᠴᠡᠳᠬᠡᠵᠦ ᠬᠤᠷᠳᠤᠨ ᠬᠢᠬᠦ ᠤᠬᠠᠮᠰᠠᠷ ᠳᠤᠲᠠᠭᠤ ᠪᠠᠶᠢᠨ᠎ᠠ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠰᠢᠨᠵᠢᠯᠡᠭᠡ ᠮᠡᠷᠭᠡᠵᠢᠯ ᠤᠨ ᠤᠬᠠᠮᠰᠠᠷ᠂ ᠦᠢᠯᠡᠴᠢᠯᠡᠭᠡ ᠶᠢᠨ ᠤᠬᠠᠮᠰᠠᠷ᠂ ᠣᠨᠣᠴᠠ ᠶᠢᠨ ᠤᠬᠠᠮᠰᠠᠷ ᠢᠶᠠᠨ ᠴᠢᠩᠭᠠᠳᠬᠠᠵᠤ᠂ ᠣᠯᠠᠨ ᠲᠦᠮᠡᠨ ᠳᠤ ᠲᠤᠯᠭᠠᠷᠠᠵᠤ ᠮᠡᠳᠡᠬᠦ ᠠᠰᠠᠭᠤᠳᠠᠯ ᠢ ᠡᠮᠦᠨ᠎ᠡ ᠨᠢ ᠪᠣᠳᠣᠵᠤ᠂ ᠡᠮᠦᠨ᠎ᠡ ᠨᠢ ᠰᠢᠢᠳᠪᠦᠷᠢᠯᠡᠨ᠂ ᠰᠠᠨᠠᠭᠠᠴᠢᠯᠠᠭ᠎ᠠ ᠠᠴᠠ ᠪᠠᠨ ᠤᠷᠢᠳᠴᠢᠯᠠᠨ ᠦᠢᠯᠡᠴᠢᠯᠡᠵᠦ᠂ ᠠᠵᠢᠯ ᠢ ᠣᠯᠠᠨ ᠲᠦᠮᠡᠨ ᠤ ᠡᠭᠦᠳᠡᠨ ᠳᠤᠨᠢ ᠬᠦᠷᠲᠡᠯ᠎ᠡ ᠰᠡᠳᠬᠢᠯ ᠳᠤᠨᠢ ᠲᠤᠯᠲᠠᠯ᠎ᠠ ᠪᠦᠬᠦ ᠬᠦᠴᠦᠨ ᠢᠶᠠᠷ ᠢᠶᠠᠨ ᠴᠢᠷᠮᠠᠶᠢᠨ ᠬᠢᠬᠦ ᠬᠡᠷᠡᠭᠲᠡᠢ᠃ ᠠᠵᠤ ᠠᠬᠤᠶᠢᠯᠠᠯ ᠢᠶᠠᠷ ᠶᠠᠪᠤᠨ ᠰᠤᠷᠪᠤᠯᠵᠢᠯᠠᠬᠤ ᠬᠠᠮᠲᠤᠷᠠᠭᠰᠠᠨ ᠠᠵᠢᠯᠯᠠᠭ᠎ᠠ ᠶᠢ ᠬᠦᠴᠦᠲᠡᠢ ᠥᠷᠨᠢᠭᠦᠯᠵᠦ᠂ ᠦᠨᠡᠨ ᠰᠡᠳᠬᠢᠯ ᠠᠴᠠ ᠪᠠᠨ ᠠᠵᠤ ᠠᠬᠤᠶᠢᠯᠠᠯ ᠳᠤ ᠬᠦᠴᠦᠨ ᠵᠣᠷᠢᠭ ᠨᠡᠮᠡᠵᠦ᠂ ᠬᠦᠴᠢᠷ ᠵᠣᠪᠠᠭᠤᠷᠢ ᠶᠢ ᠨᠢ ᠰᠢᠢᠳᠪᠦᠷᠢᠯᠡᠨ᠂ ᠢᠲᠡᠭᠡᠯ ᠵᠣᠷᠢᠭ ᠢ ᠨᠢ ᠬᠥᠭᠵᠢᠭᠡᠬᠦ ᠬᠡᠷᠡᠭᠲᠡᠢ ᠭᠡᠪᠡ᠃      ᠸᠠᠩ ᠯᠢ ᠰᠢᠶᠠ  ᠴᠢᠬᠤᠯᠠᠴᠢᠯᠠᠭᠰᠠᠨ ᠨᠢ᠂ ᠲᠥᠪ ᠬᠤᠲᠠ ᠶᠢᠨ ᠤᠬᠠᠮᠰᠠᠷ ᠢ ᠪᠠᠲᠤ ᠪᠣᠢ ᠪᠣᠯᠭᠠᠵᠤ᠂ ᠲᠥᠪ ᠬᠤᠲᠠ ᠶᠢᠨ ᠬᠠᠷᠢᠭᠤᠴᠠᠯᠭ᠎ᠠ ᠶᠢ ᠴᠢᠩᠭᠠᠳᠬᠠᠨ᠂ ᠲᠡᠰᠪᠦᠷᠢ ᠬᠠᠲᠠᠭᠤᠵᠢᠯᠲᠠᠢ᠂ ᠪᠤᠴᠠᠯᠲᠠ ᠦᠭᠡᠢ ᠤᠷᠤᠭᠰᠢᠯᠠᠬᠤ᠂ ᠵᠣᠷᠢᠭᠰᠠᠨ ᠳᠠᠭᠠᠨ ᠬᠦᠷᠬᠦ ᠠᠴᠠ ᠨᠠᠭᠠᠰᠢ ᠪᠣᠴᠠᠬᠤ ᠦᠭᠡᠢ ︽ᠮᠣᠩᠭᠤᠯ ᠮᠣᠷᠢᠨ ᠤ ᠵᠣᠷᠢᠭ ᠰᠠᠨᠠᠭ᠎ᠠ︾ ᠶᠢ ᠶᠡᠬᠡᠪᠡᠷ ᠤᠯᠠᠮᠵᠢᠯᠠᠨ ᠪᠠᠳᠠᠷᠠᠭᠤᠯᠵᠤ᠂ ᠶᠡᠷᠦᠩᠬᠡᠢ ᠨᠡᠶᠢᠯᠡᠯ ᠬᠦᠴᠦᠨ ᠢ ᠪᠦᠷᠢᠯᠳᠦᠭᠦᠯᠦᠨ᠂ ︽ᠬᠥᠮᠥᠨ ᠪᠦᠬᠦᠨ ᠪᠦᠷ ᠬᠤᠳᠠᠯᠳᠤᠭ᠎ᠠ ᠡᠵᠡᠩᠨᠡᠯᠲᠡ ᠶᠢᠨ ᠣᠷᠴᠢᠨ ᠨᠥᠬᠦᠴᠡᠯ᠂ ᠬᠥᠮᠥᠨ ᠪᠦᠬᠦᠨ ᠪᠦᠷ ᠲᠥᠪ ᠬᠤᠲᠠ ᠶᠢᠨ ᠳᠦᠷᠢ ᠲᠥᠷᠬᠦ︾  ᠶᠢᠨ ᠣᠶᠢᠯᠠᠭᠠᠭᠳᠠᠬᠤᠨ ᠢ ᠪᠣᠢ ᠪᠣᠯᠭᠠᠵᠤ᠂ ᠲᠠᠬᠢᠨ ᠪᠠᠶᠢᠴᠠᠭᠠᠵᠤ ᠬᠠᠷᠢᠭᠤᠴᠠᠯᠭ᠎ᠠ ᠨᠡᠬᠡᠮᠵᠢᠯᠡᠬᠦ ᠶᠢ ᠤᠯᠠᠮ ᠨᠢᠭᠡ ᠠᠯᠬᠤᠮ ᠴᠢᠩᠭᠠᠳᠬᠠᠨ᠂ ᠳᠥᠭᠦᠮ ᠲᠥᠳᠡ ᠮᠥᠷᠲᠡᠭᠡᠨ ᠥᠨᠳᠥᠷ ᠠᠰᠢᠭᠯᠠᠮᠵᠢ ᠲᠠᠢ ᠣᠯᠠᠨ ᠲᠦᠮᠡᠨ ᠤ ᠵᠠᠭᠠᠯᠳᠤᠯᠭ᠎ᠠ ᠶᠢ ᠬᠦᠯᠢᠶᠡᠨ ᠠᠪᠬᠤ ᠪᠠ ᠪᠠᠶᠢᠴᠠᠭᠠᠨ ᠨᠡᠬᠡᠮᠵᠢᠯᠡᠬᠦ ᠲᠣᠭᠲᠠᠴᠠ ᠶᠢ ᠪᠠᠶᠢᠭᠤᠯᠵᠤ᠂ ᠦᠨᠡᠨᠬᠦ ᠰᠢᠯᠢᠳᠡᠭ ᠰᠤᠷᠲᠠᠯ ᠢᠶᠠᠷ ᠬᠤᠳᠠᠯᠳᠤᠭ᠎ᠠ ᠡᠵᠡᠩᠨᠡᠯᠲᠡ ᠶᠢᠨ ᠣᠷᠴᠢᠨ ᠨᠥᠬᠦᠴᠡᠯ ᠢ ᠰᠠᠶᠢᠵᠢᠷᠠᠭᠤᠯᠬᠤ ᠬᠡᠷᠡᠭᠲᠡᠢ ᠭᠡᠪᠡ᠃      ᠬᠤᠷᠠᠯ ᠠᠴᠠ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯᠲᠡ ᠶᠢᠨ ᠲᠣᠪᠴᠢᠶ᠎ᠠ᠂ ᠣᠷᠣᠨ ᠰᠠᠭᠤᠴᠠ ᠪᠣᠯᠣᠨ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠨ ︽ᠬᠤᠳᠠᠯᠳᠤᠭ᠎ᠠ ᠡᠵᠡᠩᠨᠡᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠬᠦ ᠭᠤᠷᠪᠠᠨ ᠵᠢᠯ ᠤᠨ ᠠᠵᠢᠯᠯᠠᠭ᠎ᠠ ᠶᠢᠨ ᠲᠥᠯᠥᠪᠯᠡᠭᠡ︾ ᠶᠢᠨ ᠲᠣᠯᠣᠭᠠᠶᠢᠯᠠᠬᠤ ᠡᠭᠦᠷᠭᠡ ᠶᠢᠨ ᠠᠬᠢᠴᠠ ᠶᠢᠨ ᠪᠠᠶᠢᠳᠠᠯ ᠪᠠ ᠬᠤᠳᠠᠯᠳᠤᠭ᠎ᠠ ᠡᠵᠡᠩᠨᠡᠯᠲᠡ ᠶᠢᠨ ᠣᠷᠴᠢᠨ ᠨᠥᠬᠦᠴᠡᠯ ᠤᠨ ᠲᠠᠯ᠎ᠠ ᠶᠢᠨ ᠠᠵᠤ ᠠᠬᠤᠶᠢᠯᠠᠯ ᠪᠠ ᠣᠯᠠᠨ ᠲᠦᠮᠡᠨ ᠤ ᠲᠤᠰᠬᠠᠭᠰᠠᠨ ᠳᠣᠪᠣᠶᠢᠮ᠎ᠠ ᠠᠰᠠᠭᠤᠳᠠᠯ ᠢ ᠥᠭᠡᠷᠡᠴᠢᠯᠡᠨ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠪᠢᠳᠠᠨ ᠬᠠᠮᠢᠶᠠᠷᠴᠤ ᠪᠠᠶᠢᠭ᠎ᠠ ᠬᠤᠲᠠ ᠶᠢᠨ ᠱᠠᠲᠤᠨ ᠤ ᠤᠳᠤᠷᠢᠳᠤᠯᠭ᠎ᠠ ᠠᠴᠠ ᠦᠨᠡᠯᠡᠯᠲᠡ ᠬᠢᠪᠡ᠃      ᠬᠤᠲᠠ ᠶᠢᠨ ᠤᠳᠤᠷᠢᠳᠤᠯᠭ᠎ᠠ ᠵᠠᠩ ᠪᠠᠢ ᠴᠧᠩ᠂ ᠯᠥᠸᠧ ᠴᠢᠩ ᠵᠢᠴᠢ ᠬᠡᠰᠡᠭ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠨᠠᠷ ᠬᠤᠷᠠᠯ ᠳᠤ ᠣᠷᠣᠯᠴᠠᠪᠠ᠃      ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠾᠧ ᠬᠠᠢ ᠳ᠋ᠦᠩ ᠬᠤᠷᠠᠯ ᠢ ᠡᠷᠬᠢᠯᠡᠪᠡ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号