ᠸᠠᠩ ᠯᠢ ᠰᠢᠶᠠ ᠲᠤᠰᠬᠠᠢ ᠰᠡᠳᠦᠪᠲᠦ ᠬᠤᠷᠠᠯ ᠡᠷᠬᠢᠯᠡᠨ ᠬᠤᠷᠠᠯᠳᠤᠭᠤᠯᠵᠤ ᠭᠤᠣᠯᠳᠠᠯᠭ᠎ᠠ ᠲᠠᠢ ᠲᠥᠷᠥᠯ ᠵᠦᠢᠯ ᠭᠤᠣᠯᠳᠠᠯᠭ᠎ᠠ ᠲᠠᠢ ᠠᠵᠢᠯ ᠢ ᠠᠬᠢᠭᠤᠯᠵᠤ ᠪᠠᠶᠢᠭ᠎ᠠ ᠪᠠᠶᠢᠳᠠᠯ ᠢ ᠰᠤᠳᠤᠯᠪᠠ
ᠨᠡᠶᠢᠲᠡᠯᠡᠭᠰᠡᠨ ᠴᠠᠭ᠄
2020-07-09
 ᠵᠠᠩ ᠪᠠᠢ ᠴᠧᠩ  ᠯᠥᠸᠧ ᠴᠢᠩ ᠾᠧ ᠬᠠᠢ ᠳ᠋ᠦᠩ ᠣᠷᠣᠯᠴᠠᠪᠠ      ︵ᠠᠬᠠᠯᠠᠭᠴᠢ ᠰᠤᠷᠪᠤᠯᠵᠢᠯᠠᠭᠴᠢ ᠯᠢ ᠬᠠᠢ ᠵᠧᠨ︶ 7 ᠳ᠋ᠤᠭᠠᠷ ᠰᠠᠷ᠎ᠠ ᠶᠢᠨ 8 ᠤ ᠡᠳᠦᠷ ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠸᠠᠩ ᠯᠢ ᠰᠢᠶᠠ ᠲᠤᠰᠬᠠᠢ ᠰᠡᠳᠦᠪᠲᠦ ᠬᠤᠷᠠᠯ ᠡᠷᠭᠢᠯᠡᠨ ᠬᠤᠷᠠᠯᠳᠤᠭᠤᠯᠵᠤ᠂ ᠭᠤᠣᠯᠳᠠᠯᠭ᠎ᠠ ᠲᠠᠢ ᠲᠥᠷᠥᠯ ᠵᠦᠢᠯ᠂ ᠭᠤᠣᠯᠳᠠᠯᠭ᠎ᠠ ᠲᠠᠢ ᠠᠵᠢᠯ ᠢ ᠠᠬᠢᠭᠤᠯᠵᠤ ᠪᠠᠶᠢᠭ᠎ᠠ ᠪᠠᠶᠢᠳᠠᠯ ᠢ ᠰᠤᠳᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠲᠥᠪ ᠬᠤᠲᠠ ᠳᠤ ᠳᠤᠷᠠᠳᠤᠭᠰᠠᠨ ︽ᠡᠮᠦᠨ᠎ᠡ ᠨᠢ ᠶᠠᠪᠤᠵᠤ᠂ ᠦᠯᠢᠭᠡᠷ ᠳᠠᠭᠤᠷᠢᠶᠠᠯ ᠪᠣᠯᠬᠤ︾ ᠱᠠᠭᠠᠷᠳᠠᠯᠭ᠎ᠠ ᠶᠣᠰᠣᠭᠠᠷ᠂ ᠡᠯ᠎ᠡ ᠵᠦᠢᠯ ᠤᠨ ᠭᠤᠣᠯᠳᠠᠯᠭ᠎ᠠ ᠲᠠᠢ ᠲᠥᠷᠥᠯ ᠵᠦᠢᠯ᠂ ᠭᠤᠣᠯᠳᠠᠯᠭ᠎ᠠ ᠲᠠᠢ ᠠᠵᠢᠯ ᠢ ᠯᠠᠪᠳᠠᠭᠤᠨ ᠪᠠᠲᠤᠲᠠᠢ ᠠᠬᠢᠭᠤᠯᠵᠤ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠵᠤ᠂ ᠪᠣᠳᠠᠲᠠᠢ ᠠᠵᠢᠯ ᠤᠨ ᠪᠦᠲᠦᠮᠵᠢ ᠪᠠᠷ ᠢᠶᠠᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢ ᠰᠠᠨᠠᠭ᠎ᠠ ᠠᠮᠤᠷ ᠪᠠᠶᠢᠯᠭᠠᠵᠤ᠂ ᠪᠦᠬᠦ ᠬᠤᠲᠠ ᠶᠢᠨ ᠠᠷᠠᠳ ᠲᠦᠮᠡᠨ ᠢ ᠰᠡᠳᠬᠢᠯ ᠬᠠᠨᠤᠮᠵᠢᠲᠠᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠠᠷᠢᠭᠤ ᠮᠡᠳᠡᠭᠦᠯᠦᠯᠲᠡ ᠶᠢᠨ ᠬᠤᠷᠠᠯ ᠠᠴᠠ ᠠᠮᠢ ᠠᠬᠤᠢ ᠶᠢᠨ ᠪᠣᠯᠪᠠᠰᠤᠨ ᠤ ᠪᠦᠲᠦᠭᠡᠨ ᠪᠠᠶᠢᠭᠤᠯᠤᠯᠲᠠ᠂ ᠠᠵᠤ ᠦᠢᠯᠡᠰ ᠤᠨ ᠬᠥᠭᠵᠢᠯᠲᠡ᠂ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ᠂ ᠰᠣᠶᠣᠯ ᠵᠢᠭᠤᠯᠴᠢᠯᠠᠯ᠂ ᠲᠣᠭᠠᠴᠢᠯᠠᠭᠰᠠᠨ ᠬᠤᠲᠠ ᠶᠢᠨ ᠬᠠᠮᠢᠶᠠᠷᠤᠯᠲᠠ ᠶᠢᠨ ᠵᠢᠯᠣᠭᠤᠳᠬᠤ ᠲᠠᠪᠴᠠᠩ ᠤᠨ ᠪᠦᠲᠦᠭᠡᠨ ᠪᠠᠶᠢᠭᠤᠯᠤᠯᠲᠠ᠂ ᠪᠣᠬᠢᠷᠲᠤᠯ ᠢ ᠰᠡᠷᠭᠡᠶᠢᠯᠡᠨ ᠵᠠᠰᠠᠬᠤ ᠵᠡᠷᠭᠡ ᠪᠣᠳᠠᠲᠠᠢ ᠵᠦᠢᠯᠡᠰ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠢ ᠰᠣᠨᠣᠰᠴᠤ᠂ ᠵᠦᠢᠯ ᠪᠦᠷᠢ ᠶᠢᠨ ᠠᠵᠢᠯ ᠤᠨ ᠡᠭᠦᠷᠭᠡ ᠶᠢ ᠨᠢᠭᠡᠳ ᠨᠢᠭᠡ ᠪᠠᠷ ᠡᠮᠬᠢᠯᠡᠨ᠂ ᠠᠵᠢᠯ ᠤᠨ ᠠᠬᠢᠴᠠ᠂ ᠠᠬᠢᠭᠤᠯᠬᠤ ᠠᠷᠭ᠎ᠠ ᠬᠡᠮᠵᠢᠶ᠎ᠡ ᠶᠢ ᠣᠶᠢᠯᠠᠭᠠᠬᠤ ᠶᠢᠨ ᠬᠠᠮᠲᠤ᠂ ᠳᠠᠷᠠᠭᠠᠴᠢ ᠶᠢᠨ ᠠᠯᠬᠤᠮ ᠤᠨ ᠠᠵᠢᠯ ᠳᠤ ᠪᠣᠳᠠᠲᠠᠢ ᠱᠠᠭᠠᠷᠳᠠᠯᠭ᠎ᠠ ᠳᠤᠷᠠᠳᠴᠠᠢ᠃      ᠸᠠᠩ ᠯᠢ ᠰᠢᠶᠠ ᠵᠢᠭᠠᠭᠰᠠᠨ ᠨᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠲᠥᠪ ᠬᠤᠲᠠ ᠶᠢᠨ ᠭᠤᠣᠯᠳᠠᠯᠭ᠎ᠠ ᠲᠠᠢ ᠲᠥᠷᠥᠯ ᠵᠦᠢᠯ᠂ ᠭᠤᠣᠯᠳᠠᠯᠭ᠎ᠠ ᠲᠠᠢ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ ᠪᠣᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠨᠠᠷᠢᠨ ᠬᠢᠨᠠᠮᠠᠭᠠᠢ ᠡᠮᠬᠢᠯᠡᠨ᠂ ᠨᠠᠷᠢᠨ ᠬᠢᠨᠠᠮᠠᠭᠠᠢ ᠳ᠋ᠦᠩᠨᠡᠵᠦ᠂ ᠡᠭᠦᠷᠭᠡ ᠪᠠᠨ ᠤᠯᠠᠮ ᠨᠢᠭᠡ ᠠᠯᠬᠤᠮ ᠲᠣᠳᠣᠷᠬᠠᠢ ᠪᠣᠯᠭᠠᠨ᠂ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠤᠨ᠂ ᠬᠠᠷᠢᠭᠤᠴᠠᠯᠭ᠎ᠠ ᠪᠠᠨ ᠪᠣᠳᠠᠲᠠᠶᠢᠵᠢᠭᠤᠯᠤᠨ᠂ ᠵᠣᠷᠢᠭᠲᠠᠢ ᠬᠠᠷᠢᠭᠤᠴᠠᠨ ᠰᠢᠷᠭᠠᠭᠤ ᠠᠵᠢᠯᠯᠠᠵᠤ᠂ ᠳᠠᠩᠰᠠ ᠪᠠᠶᠢᠭᠤᠯᠤᠨ ᠬᠤᠭᠤᠴᠠᠭ᠎ᠠ ᠲᠣᠭᠲᠠᠭᠠᠵᠤ᠂ ᠴᠠᠭ ᠮᠥᠴᠡ ᠲᠠᠢ ᠤᠷᠤᠯᠳᠤᠨ ᠴᠢᠩᠭ᠎ᠠ ᠠᠳᠬᠤᠨ ᠬᠤᠷᠳᠤᠨ ᠬᠢᠵᠦ᠂ ᠡᠯ᠎ᠡ ᠵᠦᠢᠯ ᠤᠨ ᠠᠵᠢᠯ ᠳᠤ ᠵᠢᠱᠢᠭᠰᠡᠨ ᠦᠷ᠎ᠡ ᠳ᠋ᠦᠩ ᠳᠡᠭᠡᠨ ᠬᠦᠷᠬᠦ ᠬᠡᠷᠡᠭᠲᠡᠢ ᠭᠡᠪᠡ᠃      ᠸᠠᠩ ᠯᠢ ᠰᠢᠶᠠ ᠴᠢᠬᠤᠯᠠᠴᠢᠯᠠᠭᠰᠠᠨ ᠨᠢ᠂ ᠡᠨᠡ ᠵᠢᠯ ᠤᠨ ᠠᠮᠢ ᠠᠬᠤᠢ ᠶᠢᠨ ᠪᠣᠯᠪᠠᠰᠤᠨ ᠤ ᠪᠦᠲᠦᠭᠡᠨ ᠪᠠᠶᠢᠭᠤᠯᠤᠯᠲᠠ ᠶᠢᠨ ᠡᠭᠦᠷᠭᠡ ᠪᠠ ᠱᠠᠭᠠᠷᠳᠠᠯᠭ᠎ᠠ ᠮᠠᠰᠢ ᠲᠣᠳᠣᠷᠬᠠᠢ᠂ ᠬᠤᠯᠪᠣᠭᠳᠠᠯ ᠪᠦᠬᠦᠢ ᠭᠠᠵᠠᠷ ᠣᠷᠣᠨ ᠪᠠ ᠰᠠᠯᠠᠭ᠎ᠠ ᠮᠥᠴᠢᠷ ᠤᠨ ᠬᠢᠨ ᠨᠠᠶᠢᠳᠠᠪᠤᠷᠢᠵᠢᠭᠤᠯᠤᠯᠲᠠ ᠶᠢ ᠭᠤᠶᠢᠪᠢᠰᠢ ᠦᠭᠡᠢ ᠰᠠᠶᠢᠲᠤᠷ ᠠᠳᠬᠤᠬᠤ ᠬᠡᠷᠡᠭᠲᠡᠢ᠃ ᠠᠵᠤ ᠦᠢᠯᠡᠰ ᠤᠨ ᠬᠥᠭᠵᠢᠯᠲᠡ ᠶᠢᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠪᠦᠷᠢᠨ ᠪᠦᠲᠦᠨ ᠰᠡᠳᠬᠢᠬᠦᠢ ᠶᠢ ᠪᠣᠢ ᠪᠣᠯᠭᠠᠨ᠂ ᠦᠨᠡᠨᠬᠦ ᠲᠥᠪᠯᠡᠷᠡᠭᠰᠡᠨ᠂ ᠪᠥᠭᠡᠮᠨᠡᠷᠡᠭᠰᠡᠨ᠂ ᠡᠷᠴᠢᠮᠵᠢᠭᠰᠡᠨ ᠬᠥᠭᠵᠢᠯᠲᠡ ᠶᠢ ᠪᠣᠢ ᠪᠣᠯᠭᠠᠵᠤ᠂ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠳᠡᠭᠡᠷ᠎ᠡ ᠦᠢᠯᠡᠳᠪᠦᠷᠢᠯᠡᠯ ᠢᠶᠠᠨ ᠪᠡᠶᠡᠯᠡᠭᠦᠯᠵᠦ ᠦᠷ᠎ᠡ ᠪᠦᠲᠦᠮᠵᠢ ᠣᠯᠣᠭᠰᠠᠨ᠂ ᠡᠵᠡᠩᠨᠡᠯᠲᠡ ᠶᠢᠨ ᠣᠷᠣᠯᠭ᠎ᠠ ᠦᠢᠯᠡᠳᠬᠦᠨ ᠤ ᠥᠷᠲᠡᠭ   ᠂ ᠠᠵᠢᠯ ᠣᠯᠣᠭᠰᠠᠨ ᠬᠥᠮᠥᠨ ᠵᠡᠷᠭᠡ ᠪᠠᠶᠢᠳᠠᠯ ᠢ ᠪᠦᠬᠦ ᠲᠠᠯ᠎ᠠ ᠪᠠᠷ ᠣᠨᠣᠪᠴᠢᠲᠠᠢ ᠪᠠᠶᠢᠴᠠᠭᠠᠵᠤ᠂ ᠰᠣᠶᠣᠯ ᠵᠢᠭᠤᠯᠴᠢᠯᠠᠯ ᠤᠨ ᠲᠠᠯ᠎ᠠ ᠳᠤ ᠬᠤᠪᠢᠰᠬᠠᠯ ᠤᠨ ᠡᠬᠢ ᠪᠠᠶᠠᠯᠢᠭ᠂ ᠰᠡᠳᠬᠢᠯ ᠬᠥᠳᠡᠯᠭᠡᠮ᠎ᠡ ᠦᠯᠢᠭᠡᠷ ᠢ ᠭᠦᠢᠴᠡᠳ ᠠᠭᠤᠳᠠᠯᠬᠤ ᠬᠡᠷᠡᠭᠲᠡᠢ᠃ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠠᠵᠤ ᠠᠬᠤᠢ ᠶᠢᠨ ᠲᠣᠭᠤᠷᠢᠭ ᠪᠠ ᠲᠣᠭᠠᠴᠢᠯᠠᠭᠰᠠᠨ ᠬᠠᠲᠤᠨ ᠭᠤᠣᠯ ᠤᠨ ᠠᠵᠢᠯ ᠢ ᠰᠠᠶᠢᠲᠤᠷ ᠬᠢᠵᠦ᠂ ᠲᠣᠭᠠᠴᠢᠯᠠᠭᠰᠠᠨ ᠬᠤᠲᠠ ᠶᠢᠨ ᠬᠠᠮᠢᠶᠠᠷᠤᠯᠲᠠ ᠵᠡᠷᠭᠡ ᠰᠢᠨ᠎ᠡ ᠬᠡᠯᠪᠡᠷᠢ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ ᠴᠢᠷᠮᠠᠶᠢᠨ ᠡᠮᠦᠨ᠎ᠡ ᠨᠢ ᠶᠠᠪᠤᠵᠤ᠂ ᠦᠯᠢᠭᠡᠷ ᠳᠠᠭᠤᠷᠢᠶᠠᠯ ᠪᠣᠯᠬᠤ ᠬᠡᠷᠡᠭᠲᠡᠢ᠃ ᠲᠥᠯᠥᠪᠯᠡᠭᠡ ᠶᠢᠨ ᠱᠠᠭᠠᠷᠳᠠᠯᠭ᠎ᠠ ᠶᠣᠰᠣᠭᠠᠷ᠂ ᠴᠠᠭ ᠤᠨ ᠳᠠᠷᠠᠭᠠᠯᠠᠯ ᠢᠶᠠᠷ ᠠᠵᠢᠯ ᠢᠶᠠᠨ ᠠᠬᠢᠭᠤᠯᠤᠨ᠂ ᠪᠠᠷᠢᠯᠭ᠎ᠠ ᠶᠢᠨ ᠰᠠᠶᠢᠬᠠᠨ ᠴᠠᠭ ᠢ ᠠᠮᠵᠢᠵᠤ᠂ ᠲᠣᠬᠢᠷᠠᠭᠤᠯᠬᠤ ᠳᠠᠪᠲᠠᠮᠵᠢ ᠪᠠᠨ ᠨᠡᠮᠡᠭᠳᠡᠭᠦᠯᠵᠦ᠂ ᠠᠵᠢᠯ ᠤᠨ ᠠᠬᠢᠴᠠ ᠪᠠᠨ ᠲᠦᠷᠭᠡᠳᠭᠡᠵᠦ᠂ ᠡᠨᠡ ᠵᠢᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠡᠯ᠎ᠡ ᠵᠦᠢᠯ ᠤᠨ ᠡᠭᠦᠷᠭᠡ ᠶᠢ ᠴᠢᠨᠠᠷ ᠰᠠᠶᠢᠲᠠᠢ ᠲᠡᠭᠦᠰ ᠠᠮᠵᠢᠯᠲᠠ ᠲᠠᠢ ᠪᠡᠶᠡᠯᠡᠭᠦᠯᠬᠦ ᠬᠡᠷᠡᠭᠲᠡᠢ ᠭᠡᠪᠡ᠃      ᠬᠤᠲᠠ ᠶᠢᠨ ᠤᠳᠤᠷᠢᠳᠤᠯᠭ᠎ᠠ ᠵᠠᠩ ᠪᠠᠢ ᠴᠧᠩ᠂ ᠯᠥᠸᠧ ᠴᠢᠩ᠂ ᠾᠧ ᠬᠠᠢ ᠳ᠋ᠦᠩ ᠵᠢᠴᠢ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠬᠠᠮᠢᠶ᠎ᠠ ᠪᠦᠬᠦᠢ ᠤᠳᠤᠷᠢᠳᠤᠯᠭ᠎ᠠ᠂ ᠡᠯ᠎ᠡ ᠬᠤᠰᠢᠭᠤ ᠰᠢᠶᠠᠨ ᠲᠣᠭᠤᠷᠢᠭ᠂ ᠨᠡᠭᠡᠭᠡᠯᠲᠡ ᠶᠢᠨ ᠲᠣᠭᠤᠷᠢᠭ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠠᠷᠢᠭᠤ ᠮᠡᠳᠡᠭᠦᠯᠦᠯᠲᠡ ᠶᠢᠨ ᠬᠤᠷᠠᠯ ᠳᠤ ᠣᠷᠣᠯᠴᠠᠪᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号