ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠬᠴᠢ ᠳ᠋ᠠᠢ ᠬᠤᠩ︶ 7 ᠰᠠᠷ᠎ᠠ ᠶᠢᠨ | 7 ᠤ ᠡᠳᠦᠷ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ | ᠣᠷᠣᠨ ᠤ ᠲᠡᠷᠢᠬᠦᠯᠡᠭᠴᠢ ᠪᠦ᠋ ᠰᠢᠶᠤᠤ ᠯᠢᠨ ᠪᠤᠭᠤᠳᠤ ᠬᠤᠳᠠ ᠪᠠ ᠬᠦᠬᠡᠬᠤᠳᠠ ᠳᠤ ᠦᠶᠡᠷ ᠢ ᠰᠡᠷᠭᠡᠶᠢᠯᠡᠬᠦ | ᠪᠠᠷᠢᠯᠭ᠎ᠠ ᠶᠢᠨ ᠪᠦᠳᠦᠭᠡᠨ ᠪᠠᠶᠢᠭᠤᠯᠤᠯᠳᠠ᠂ ᠬᠢᠵᠢᠭ ᠢ ᠰᠡᠷᠭᠡᠶᠢᠯᠡᠬᠦ ᠡᠳ᠋ ᠪᠤᠳᠠᠰ ᠤᠨ ᠦᠢᠯᠡᠳᠪᠤᠷᠢᠯᠡᠯ ᠪᠠ | ᠬᠤᠵᠢᠷᠰᠢᠬᠰᠠᠨ ᠲᠠᠷᠢᠶᠠᠨ ᠭᠠᠵᠠᠷ ᠢ ᠰᠠᠶᠢᠵᠢᠷᠠᠭᠤᠯᠤᠭᠰᠠᠨ ᠪᠠᠶᠢᠳᠠᠯ ᠢ ᠪᠠᠶᠢᠴᠠᠭᠠᠨ ᠰᠤᠳᠤᠯᠵᠠᠢ᠃ | ᠪᠤᠭᠤᠳᠤ ᠬᠤᠲᠠ ᠶᠢᠨ ᠬᠠᠷ᠎ᠠ ᠤᠰᠤᠨ ᠭᠤᠣᠯ ᠤᠨ ᠰᠦᠩ ᠬᠠᠯᠢᠶ᠎ᠠ ᠶᠢ ᠰᠡᠷᠭᠡᠶᠢᠯᠡᠨ ᠪᠠᠴᠢᠮ ᠠᠷᠭᠠᠴᠠᠭᠠᠵᠤ | ᠦᠶᠡᠷ ᠢ ᠵᠠᠯᠠᠬᠤ ᠤᠷᠤᠨ ᠪᠣᠯ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠠᠴᠠ | ᠬᠠᠲᠤᠨ ᠭᠤᠣᠯ ᠤᠨ ᠰᠦᠩ ᠬᠠᠯᠢᠶ᠎ᠠ ᠦᠶᠡᠷ ᠤᠨ ᠭᠠᠮᠰᠢᠭ ᠢ ᠠᠷᠭᠠᠴᠠᠭᠠᠬᠤ ᠶᠢᠨ ᠲᠦᠯᠦᠭᠡ ᠪᠠᠶᠢᠭᠤᠯᠤᠭᠰᠠᠨ | ᠬᠠᠳᠤᠨ ᠭᠤᠤᠯ ᠳᠠᠭᠠᠤ ᠶᠢᠨ ᠦᠶᠡᠷ ᠢ ᠵᠠᠯᠠᠬᠤ 6 ᠤᠷᠤᠨ ᠤ ᠨᠢᠭᠡ ᠪᠠᠶᠢᠵᠦ᠂ ᠤᠳᠤ ᠶᠠᠭ ᠦᠷᠬᠦᠯᠵᠢᠯᠡᠨ | ᠪᠦᠳᠦᠭᠡᠨ ᠪᠠᠶᠢᠭᠤᠯᠬᠤ ᠪᠠᠷᠢᠯᠭ᠎ᠠ ᠶᠢ ᠲᠥᠯᠥᠪᠵᠢᠭᠦᠯᠦᠨ ᠶᠠᠪᠤᠭᠳᠠᠭᠤᠯᠵᠤ ᠪᠣᠢ᠃ ᠪᠦ᠋ ᠰᠢᠶᠤᠤ ᠯᠢᠨ ᠬᠠᠷ᠎ᠠ ᠤᠰᠤᠨ | ᠭᠤᠣᠯ ᠤᠨ ᠰᠦᠩ ᠬᠠᠯᠢᠶ᠎ᠠ ᠶᠢ ᠰᠡᠷᠭᠡᠶᠢᠯᠡᠨ ᠪᠠᠴᠢᠮ ᠠᠷᠭᠠᠴᠠᠭᠠᠬᠤ ᠦᠶᠡᠷ ᠢ ᠵᠠᠯᠠᠬᠤ ᠣᠷᠣᠨ ᠤ 1 ᠳ᠋ᠦ᠋ᠭᠡᠷ | ᠨᠣᠮᠧᠷᠲᠤ ᠬᠠᠭᠠᠯᠲᠠ ᠶᠢᠨ ᠳᠡᠷᠭᠡᠳᠡ ᠬᠦᠷᠴᠦ᠂ ᠦᠶᠡᠷ ᠢ ᠵᠠᠯᠠᠬᠤ ᠤᠷᠤᠨ ᠤ ᠦᠷᠬᠦᠯᠵᠢᠯᠡᠨ ᠪᠦᠳᠦᠭᠡᠨ ᠪᠠᠶᠢᠭᠤᠯᠬᠤ | ᠪᠠᠷᠢᠯᠭ᠎ᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠤᠨᠤᠰᠤᠨ᠂ ᠪᠠᠷᠢᠯᠭ᠎ᠠ ᠶᠢᠨ ᠲᠥᠰᠥᠯ ᠪᠠ ᠲᠦᠷᠦᠯ | ᠵᠦᠢᠯ ᠤᠨ ᠠᠬᠢᠴᠠ ᠶᠢ ᠤᠢᠢᠯᠠᠭᠠᠵᠠᠢ᠃ ᠲᠡᠷᠡ᠂ ᠦᠶᠡᠷ ᠢ ᠰᠡᠷᠭᠡᠶᠢᠯᠡᠵᠤ ᠭᠠᠩ ᠬᠠᠭᠰᠠᠷᠠᠭᠠᠨ ᠲᠠᠢ ᠲᠡᠮᠡᠴᠡᠬᠦ | ᠠᠵᠢᠯ ᠢ ᠰᠠᠶᠢᠳᠤᠷ ᠬᠢᠬᠦ ᠨᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠳᠤ ᠬᠤᠯᠪᠤᠭᠳᠠᠵᠦ᠂ | ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠲᠠᠢ ᠬᠤᠯᠪᠣᠭᠳᠠᠨ᠎ᠠ᠃ ᠡᠯ᠎ᠡ ᠭᠠᠵᠠᠷ ᠡᠯ᠎ᠡ | ᠰᠠᠯᠠᠭ᠎ᠠ ᠮᠥᠴᠢᠷ ᠤᠨ ᠬᠢᠨ ᠠᠷᠠᠳ ᠲᠦᠮᠡᠨ ᠢᠶᠠᠷ ᠭᠤᠣᠯ ᠪᠤᠯᠭᠠᠬᠤ ᠬᠦᠭᠵᠢᠯᠳᠠ ᠶᠢᠨ ᠦᠵᠡᠯ ᠰᠠᠨᠠᠭ᠎ᠠ ᠶᠢ ᠪᠠᠳᠤ | ᠪᠤᠢ ᠪᠤᠯᠭᠠᠵᠦ᠂ ᠪᠠᠶᠢᠳᠠᠯ ᠤᠨ ᠲᠤᠬᠠᠢ ᠰᠤᠳᠤᠯᠤᠨ ᠮᠠᠭᠠᠳᠯᠠᠯᠳᠠ ᠶᠢ ᠴᠢᠩᠭᠠᠳᠬᠠᠨ᠂ ᠦᠶᠡᠷ ᠢ ᠰᠡᠷᠭᠡᠶᠢᠯᠡᠵᠦ ᠭᠠᠩ | ᠬᠠᠭᠰᠠᠷᠠᠭᠠᠨ ᠲᠠᠢ ᠲᠡᠮᠡᠴᠡᠬᠦ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠡᠯ᠎ᠡ ᠲᠥᠷᠥᠯ ᠤᠨ ᠠᠶᠤᠯ | ᠲᠦᠭᠰᠢᠭᠦᠷᠢ ᠶᠢᠨ ᠭᠡᠮ ᠰᠤᠭᠤᠬ ᠢ ᠵᠢᠬᠰᠠᠭᠠᠨ ᠪᠠᠶᠢᠴᠠᠭᠠᠵᠦ᠂ ᠤᠰᠤᠨ ᠠᠰᠢᠬᠯᠠᠯᠳᠠ ᠶᠢᠨ ᠪᠠᠷᠢᠯᠭ᠎ᠠ ᠶᠢᠨ | ᠪᠦᠳᠦᠭᠡᠨ ᠪᠠᠶᠢᠭᠤᠯᠤᠯᠳᠠ ᠶᠢ ᠲᠦᠷᠭᠡᠳᠭᠡᠨ ᠠᠬᠢᠭᠤᠯᠵᠦ᠂ ᠦᠶᠡᠷ ᠢ ᠰᠡᠷᠭᠡᠶᠢᠯᠡᠵᠤ ᠭᠠᠩ ᠬᠠᠭᠰᠠᠷᠠᠭᠠᠨ ᠲᠠᠢ | ᠲᠡᠮᠡᠴᠡᠬᠦ ᠡᠯ᠎ᠡ ᠵᠦᠢᠯ ᠤᠨ ᠠᠵᠢᠯ ᠢ ᠪᠤᠳᠠᠳᠠᠢ ᠠᠳᠬᠤᠨ ᠨᠠᠷᠢᠯᠢᠭ ᠠᠳᠬᠤᠵᠤ᠂ ᠠᠷᠠᠳ ᠤᠯᠠᠨ ᠤ ᠠᠮᠢ ᠨᠠᠰᠤ ᠡᠳ᠋ | ᠬᠥᠷᠥᠩᠭᠡ ᠶᠢᠨ ᠠᠮᠤᠷ ᠲᠦᠪᠰᠢᠨ ᠢ ᠰᠠᠶᠢᠲᠤᠷ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢᠨ᠎ᠡ ᠲᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠲᠡᠯᠭᠡᠷᠡᠭᠰᠡᠨ ᠠᠴᠠ ᠨᠠᠭᠠᠰᠢ᠂ ᠠᠮᠠᠪᠴᠢ ᠶᠢᠨ | ᠭᠡᠷᠡᠭᠴᠡᠭᠡᠨ ᠤ ᠬᠡᠮᠵᠢᠶ᠎ᠡ ᠲᠦᠷᠭᠡᠨ ᠨᠡᠮᠡᠭᠳᠡᠭᠰᠡᠨ ᠠᠴᠠ ᠠᠮᠠᠪᠴᠢ ᠶᠢᠨ ᠭᠤᠤᠯ ᠮᠠᠲ᠋ᠧᠷᠢᠶᠠᠯ ᠤᠨ ᠪᠦᠰ ᠤᠨ | ᠭᠡᠷᠡᠭᠴᠡᠭᠡᠨ ᠤ ᠬᠡᠮᠵᠢᠶ᠎ᠡ ᠴᠦ ᠲᠠᠭᠠᠯᠳᠤᠨ ᠨᠡᠮᠡᠭᠳᠡᠵᠤ᠂ ᠬᠠᠩᠭᠠᠯᠭ᠎ᠠ ᠪᠠᠴᠢᠮ ᠪᠤᠯᠤᠭᠰᠠᠨ ᠪᠠᠶᠢᠨ᠎ᠠ᠃ ᠪᠤᠭᠤᠳᠤ | ᠬᠤᠳᠠ ᠶᠢᠨ ᠹᠦ᠋ ᠸᠧᠢ ᠠᠮᠤᠷ ᠲᠦᠪᠰᠢᠨ ᠤ ᠲᠣᠨᠣᠭᠯᠠᠯ ᠤᠨ ᠺᠤᠮᠫᠠᠨᠢ ᠳᠤ᠂ ᠪᠦ᠋ ᠰᠢᠶᠤᠤ ᠯᠢᠨ ᠠᠵᠤ ᠠᠬᠤᠢᠢᠯᠠᠯ | ᠤᠨ ᠬᠦᠭᠵᠢᠯᠳᠠ᠂ ᠲᠤᠨᠤᠭ ᠲᠦᠬᠦᠭᠡᠷᠤᠮᠵᠢ ᠤᠷ᠎ᠠ ᠮᠡᠷᠭᠡᠵᠢᠯ ᠵᠢᠴᠢ ᠠᠰᠢᠬᠯᠠᠯᠳᠠ ᠳᠤ ᠤᠷᠤᠭᠤᠯᠤᠨ ᠡᠵᠡᠩᠨᠡᠵᠤ | ᠪᠠᠶᠢᠭ᠎ᠠ ᠵᠡᠷᠭᠡ ᠪᠠᠶᠢᠳᠠᠯ ᠢ ᠨᠠᠷᠢᠨ ᠤᠢᠢᠯᠠᠭᠠᠪᠠ᠃ ᠲᠤᠰ ᠺᠤᠮᠫᠠᠨᠢ ᠶᠠᠭ ᠠᠮᠠᠪᠴᠢ ᠶᠢᠨ ᠮᠠᠲ᠋ᠧᠷᠢᠶᠠᠯ ᠤᠨ ᠪᠦᠰ ᠤᠨ | ᠦᠢᠯᠡᠳᠪᠤᠷᠢᠯᠡᠯ ᠤᠨ ᠱᠤᠭᠤᠮ ᠢ ᠱᠠᠯᠠᠪᠳᠠᠭᠤᠯᠤᠨ ᠪᠦᠳᠦᠭᠡᠨ ᠪᠠᠶᠢᠭᠤᠯᠵᠤ ᠪᠠᠶᠢᠬᠤ ᠶᠢ ᠮᠡᠳᠡᠭᠰᠡᠨ ᠤ ᠳᠠᠷᠠᠭ᠎ᠠ᠂ ᠪᠦ᠋ | ᠰᠢᠶᠤᠤ ᠯᠢᠨ ᠠᠵᠤ ᠠᠬᠤᠢᠢᠯᠠᠯ ᠤᠨ ᠬᠢᠨ ᠢ ᠬᠦᠴᠢᠷ ᠪᠡᠷᠭᠡᠰᠢᠶᠠᠯ ᠢ ᠢᠯᠡᠨ ᠲᠠᠪᠠᠵᠤ᠂ ᠪᠦᠳᠦᠭᠡᠨ | ᠪᠠᠶᠢᠭᠤᠯᠤᠯᠳᠠ ᠪᠠᠨ ᠲᠦᠷᠭᠡᠳᠭᠡᠨ᠂ ᠡᠷᠳᠡᠬᠡᠨ ᠠᠰᠢᠬᠯᠠᠯᠳᠠ ᠳᠤ ᠤᠷᠤᠭᠤᠯᠵᠤ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠳᠤ ᠬᠤᠪᠢ ᠨᠠᠮᠡᠷᠢ ᠦᠵᠡᠭᠦᠯᠦᠭᠡᠷᠡᠢ ᠭᠡᠵᠦ ᠵᠤᠷᠢᠬᠵᠢᠭᠤᠯᠪᠠ᠃ | ᠪᠦ᠋ ᠰᠢᠶᠤᠤ ᠯᠢᠨ ᠬᠦᠭᠡᠬᠤᠳᠠ ᠶᠢᠨ ᠲᠦᠮᠡᠳ ᠵᠡᠬᠦᠨ ᠬᠤᠰᠢᠭᠤᠨ ᠳᠤ ᠬᠦᠷᠴᠤ᠂ ᠲᠠᠪᠤᠨᠰᠠᠶᠢᠨ ᠤ | ᠬᠤᠵᠢᠷᠰᠢᠬᠰᠡᠨ ᠲᠠᠷᠢᠶᠠᠨ ᠭᠠᠵᠠᠷ ᠢ ᠰᠠᠶᠢᠵᠢᠷᠠᠭᠤᠯᠬᠤ ᠲᠦᠷᠦᠯ ᠵᠦᠢᠯ ᠤᠨ ᠪᠦᠳᠤᠭᠡᠨ ᠪᠠᠶᠢᠭᠤᠯᠤᠯᠳᠠ ᠶᠢᠨ | ᠪᠠᠶᠢᠳᠠᠯ ᠢ ᠪᠠᠶᠢᠴᠠᠭᠠᠨ ᠦᠵᠡᠵᠤ᠂ ᠪᠦᠬᠦ ᠬᠤᠰᠢᠭᠤᠨ ᠤ ᠦᠨᠳᠤᠷ ᠪᠠᠷᠢᠮᠵᠢᠶᠠᠳᠤ ᠲᠡᠷᠢᠶᠠᠨ ᠭᠠᠵᠠᠷ ᠤᠨ | ᠲᠦᠯᠦᠪᠵᠢᠬᠦᠯᠭᠡ ᠪᠠ ᠬᠤᠵᠢᠷᠰᠢᠬᠰᠡᠨ ᠲᠡᠷᠢᠶᠠᠨ ᠭᠠᠵᠠᠷ ᠢ ᠰᠠᠶᠢᠵᠢᠷᠠᠭᠤᠯᠬᠤ ᠠᠵᠢᠯ ᠢ ᠤᠢᠢᠯᠠᠭᠠᠨ᠂ ᠪᠦᠳᠦᠮᠵᠢᠳᠠᠢ | ᠠᠷᠭ᠎ᠠ ᠬᠡᠮᠵᠢᠶ᠎ᠡ ᠠᠪᠴᠤ ᠲᠦᠷᠦᠯ ᠵᠦᠢᠯ ᠤᠨ ᠠᠬᠢᠴᠠ ᠪᠠᠨ ᠲᠦᠷᠭᠡᠳᠭᠡᠬᠦ ᠶᠢ ᠱᠠᠭᠠᠷᠳᠠᠪᠠ᠃ ᠲᠡᠷᠡ᠂ ᠦᠨᠳᠤᠷ | ᠪᠠᠷᠢᠮᠵᠢᠶᠠᠳᠤ ᠲᠡᠷᠢᠶᠠᠨ ᠭᠠᠵᠠᠷ ᠢ ᠪᠦᠳᠦᠭᠡᠨ ᠪᠠᠶᠢᠭᠤᠯᠬᠤ ᠪᠠ ᠬᠤᠵᠢᠷᠰᠢᠬᠰᠡᠨ ᠲᠡᠷᠢᠶᠠᠨ ᠭᠠᠵᠠᠷ ᠢ | ᠰᠠᠶᠢᠵᠢᠷᠠᠭᠤᠯᠬᠤ ᠨᠢ ᠲᠡᠷᠢᠶᠠᠨ ᠭᠠᠵᠠᠷ ᠤᠨ ᠶᠠᠰᠤ ᠴᠢᠨᠠᠷ ᠢ ᠲᠡᠭᠡᠭᠰᠢᠯᠡᠬᠦᠯᠬᠦ ᠪᠠᠷ ᠪᠠᠷᠠᠬᠤ ᠦᠬᠡᠢ ᠪᠠᠰᠠ ᠠᠮᠢ ᠠᠬᠤᠢ | ᠤᠷᠴᠢᠨ ᠲᠤᠭᠤᠷᠢᠨ ᠢ ᠰᠠᠶᠢᠵᠢᠷᠠᠭᠤᠯᠵᠤ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠠᠮᠡᠭᠳᠡᠬᠦᠯᠬᠦ᠂ ᠤᠯᠤᠰ ᠤᠨ | ᠠᠮᠤ ᠪᠤᠳᠠᠭᠠᠨ ᠤ ᠠᠮᠤᠷ ᠲᠦᠪᠰᠢᠨ ᠪᠠ ᠠᠮᠢ ᠠᠬᠤᠢ ᠶᠢᠨ ᠠᠮᠤᠷ ᠲᠦᠪᠰᠢᠨ ᠢ ᠪᠠᠳᠤᠯᠬᠠᠤ ᠳᠤ ᠴᠦᠮ ᠴᠢᠬᠤᠯᠠ | ᠠᠴᠢ ᠬᠤᠯᠪᠤᠬᠳᠠᠯ ᠲᠠᠢ ᠶᠤᠮ᠃ ᠲᠦᠯᠦᠪᠵᠢᠬᠦᠯᠭᠡ ᠪᠠᠨ ᠰᠠᠶᠢᠳᠤᠷ ᠬᠢᠵᠤ ᠲᠦᠷᠦᠯ ᠬᠤᠪᠢᠶᠠᠨ ᠠᠷᠭ᠎ᠠ ᠪᠣᠳᠣᠯᠭ᠎ᠠ | ᠭᠡᠷᠡᠭᠵᠢᠬᠦᠯᠵᠤ᠂ ᠬᠠᠷᠢᠭᠤᠴᠠᠯᠭ᠎ᠠ ᠶᠢ ᠪᠤᠳᠠᠳᠠᠶᠢᠵᠢᠭᠤᠯᠤᠨ᠂ ᠢᠨᠵᠧᠨᠧᠷᠢᠩ ᠤᠨ ᠪᠦᠳᠦᠭᠡᠨ ᠪᠠᠶᠢᠭᠤᠯᠤᠯᠳᠠ ᠶᠢᠨ | ᠠᠬᠢᠴᠠ ᠶᠢ ᠲᠦᠷᠭᠡᠳᠭᠡᠵᠤ᠂ ᠪᠠᠷᠢᠯᠭ᠎ᠠ ᠶᠢᠨ ᠬᠤᠭᠤᠴᠠᠭ᠎ᠠ ᠶᠢ ᠪᠠᠳᠤᠯᠠᠬᠤ ᠶᠢᠨ ᠬᠠᠮᠳᠤ ᠶᠠᠰᠤ ᠴᠢᠨᠠᠷ ᠢ ᠴᠦ | ᠪᠠᠳᠤᠯᠠᠬᠤ ᠭᠡᠷᠡᠭᠳᠠᠢ ᠭᠡᠵᠤ ᠴᠢᠬᠤᠯᠠᠴᠢᠯᠠᠪᠠ᠃ | ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ | ᠬᠤᠷᠢᠶᠠᠨ ᠤ ᠲᠡᠳ᠋ ᠡᠷᠬᠢᠯᠡᠭᠴᠢ᠂ ᠪᠤᠭᠤᠳᠤ ᠬᠤᠲᠠ ᠶᠢᠨ ᠨᠠᠮ ᠤᠨ ᠬᠤᠷᠢᠶᠠᠨ ᠤ ᠱᠦᠵᠢ ᠵᠠᠩ ᠶᠤᠸᠠᠨ ᠵᠦᠩ | ᠵᠢᠴᠢ ᠥᠪᠡᠷᠲᠡᠭᠡᠨ ᠵᠠᠰᠠᠬᠤ ᠣᠷᠣᠨ ᠤ ᠬᠤᠯᠪᠤᠬᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠨ ᠨᠦᠬᠦᠳ | ᠪᠠᠶᠢᠴᠠᠭᠠᠨ ᠰᠤᠳᠤᠯᠬᠤ ᠳᠤ ᠤᠷᠤᠯᠴᠠᠵᠠᠢ᠃ |