ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠬᠴᠢ ᠬᠠᠢ ᠴᠢᠤᠧᠠᠨ︶ | ᠬᠦᠬᠡᠬᠤᠳᠠ ᠶᠢᠨ ᠴᠠᠭᠠᠨ ᠰᠤᠪᠤᠷᠭ᠎ᠠ ᠤᠯᠠᠨ ᠤᠯᠤᠰ ᠤᠨ ᠨᠢᠰᠬᠡᠯ ᠤᠨ ᠪᠠᠭᠤᠳᠠᠯ ᠠᠴᠠ ᠤᠢᠢᠯᠠᠭᠠᠬᠰᠠᠨ ᠢᠶᠠᠷ᠂ | ᠬᠦᠬᠡᠬᠤᠳᠠ — ᠰᠢᠯᠢᠩᠬᠤᠳᠠ — ᠲᠦᠩᠯᠢᠶᠤᠤ ᠶᠢᠨ ᠠᠭᠠᠷ ᠤᠨ ᠠᠶᠠᠯᠠᠯ ᠤᠨ ᠱᠤᠭᠤᠮ ᠨᠢ 7 ᠰᠠᠷ᠎ᠠ ᠶᠢᠨ 1 | ᠤ ᠡᠳᠦᠷ ᠰᠢᠨ᠎ᠡ ᠪᠠᠷ ᠨᠡᠪᠲᠡᠷᠡᠵᠡᠢ᠃ | ᠬᠦᠬᠡᠬᠤᠳᠠ — ᠰᠢᠯᠢᠩᠬᠤᠳᠠ — ᠲᠦᠩᠯᠢᠶᠤᠤ ᠶᠢᠨ ᠠᠭᠠᠷ ᠤᠨ ᠠᠶᠠᠯᠠᠯ ᠤᠨ ᠱᠤᠭᠤᠮ ᠤᠨ | ᠲᠦᠷᠦᠬᠦᠦ ᠡᠬᠡᠯᠵᠢ ᠶᠢᠨ ᠠᠶᠠᠨᠴᠢᠨ ᠤ ᠨᠢᠰᠬᠡᠯ ᠨᠢ 10᠄ 15 ᠳᠤ ᠬᠥᠬᠡᠬᠤᠲᠠ ᠠᠴᠠ ᠨᠢᠰᠴᠦ᠂ 11᠄ 25 ᠳᠤ | ᠰᠢᠯᠢᠩᠬᠤᠳᠠ ᠳᠤ ᠪᠠᠭᠤᠵᠦ 50 ᠮᠢᠨᠦ᠋ᠲ ᠵᠤᠬᠰᠤᠬᠰᠠᠨ ᠤ ᠳᠠᠷᠠᠭ᠎ᠠ 12᠄ 15 ᠳᠤ ᠲᠦᠩᠯᠢᠶᠤᠤ ᠲᠡᠶᠢᠰᠢ | ᠨᠢᠰᠴᠤ᠂ 13᠄ 40 ᠳᠤ ᠲᠦᠩᠯᠢᠶᠤᠤ ᠳᠤ ᠬᠦᠷᠦᠭᠰᠡᠨ ᠪᠠᠶᠢᠨ᠎ᠠ᠃ ᠲᠤᠰ ᠠᠭᠠᠷ ᠤᠨ ᠠᠶᠠᠯᠠᠯ ᠤᠨ ᠱᠤᠭᠤᠮ ᠨᠢ | ᠭᠠᠷᠠᠬ ᠪᠦᠷᠢ ᠶᠢᠨ ᠬᠤᠶᠠᠷ᠂ ᠭᠤᠷᠪᠠᠨ᠂ ᠲᠦᠷᠪᠡᠨ᠂ ᠵᠢᠷᠭᠤᠭᠠᠨ ᠳᠤ ᠨᠢᠬᠡ ᠡᠬᠡᠯᠵᠢ ᠶᠢᠨ ᠠᠶᠠᠨᠴᠢᠨ ᠤ ᠨᠢᠰᠬᠡᠯ | ᠨᠢᠰᠬᠡᠵᠦ᠂ ARJ21- 700 ᠬᠡᠯᠪᠡᠷᠢ ᠶᠢᠨ ᠨᠢᠰᠬᠡᠯ ᠨᠢ ᠨᠢᠰᠦᠯᠳᠡ ᠶᠢᠨ ᠡᠬᠦᠷᠬᠡ ᠶᠢ ᠬᠦᠢᠴᠡᠳᠬᠡᠵᠦ ᠪᠠᠶᠢᠨ᠎ᠠ᠃ | ᠲᠤᠰ ᠠᠭᠠᠷ ᠤᠨ ᠠᠶᠠᠯᠠᠯ ᠤᠨ ᠱᠤᠭᠤᠮ ᠨᠡᠪᠲᠡᠷᠡᠭᠰᠡᠨ ᠠᠴᠠ ᠰᠢᠯᠢᠩᠬᠤᠳᠠ ᠪᠠ ᠲᠦᠩᠯᠢᠶᠤᠤ ᠶᠢᠨ ᠬᠤᠭᠤᠷᠤᠨᠳᠤ | ᠤᠤᠯ ᠳᠠᠭᠠᠨ ᠮᠠᠰᠢᠨ ᠲᠡᠷᠬᠡ ᠪᠠᠷ 7 ᠴᠠᠬ ᠠᠶᠠᠯᠠᠵᠦ ᠪᠠᠶᠢᠭᠰᠠᠨ ᠢ 85 ᠮᠢᠨᠦ᠋ᠲ ᠪᠤᠯᠭᠠᠵᠦ ᠪᠤᠭᠤᠨᠢᠰᠬᠠᠬᠰᠠᠨ | ᠪᠠᠶᠢᠨ᠎ᠠ᠃ ᠬᠠᠮᠳᠤ ᠳᠤᠨᠢ᠂ 7 ᠰᠠᠷ᠎ᠠ ᠶᠢᠨ 1 ᠤ ᠡᠳᠦᠷ ᠠᠴᠠ 7 ᠰᠠᠷ᠎ᠠ ᠶᠢᠨ 31 ᠤ ᠡᠳᠦᠷ ᠪᠣᠯᠲᠠᠯ᠎ᠠ᠂ | ᠬᠦᠬᠡᠬᠤᠳᠠ ᠶᠢᠨ ᠴᠠᠭᠠᠨ ᠰᠤᠪᠤᠷᠭ᠎ᠠ ᠤᠯᠠᠨ ᠤᠯᠤᠰ ᠤᠨ ᠨᠢᠰᠬᠡᠯ ᠤᠨ ᠪᠠᠭᠤᠳᠠᠯ ᠨᠢ ᠬᠦᠬᠡᠬᠤᠳᠠ — | ᠰᠢᠯᠢᠩᠬᠤᠳᠠ ᠬᠦᠷᠬᠦ ᠠᠭᠠᠷ ᠤᠨ ᠠᠶᠠᠯᠠᠯ ᠤᠨ | ᠱᠤᠭᠤᠮ ᠤᠨ ᠠᠶᠠᠨᠴᠢᠨ ᠤ ᠨᠢᠰᠬᠡᠯ ᠢ ᠡᠳᠦᠷ ᠪᠦᠷᠢ ᠨᠢᠬᠡ ᠡᠬᠡᠯᠵᠢ ᠶᠢᠨ ᠨᠢᠰᠬᠡᠯ ᠪᠣᠯᠭᠠᠵᠤ ᠨᠡᠮᠡᠭᠳᠡᠭᠦᠯᠦᠭᠰᠡᠨ | ᠪᠠᠶᠢᠨ᠎ᠠ᠃ |