ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠬᠴᠢ ᠬᠠᠢ ᠴᠢᠤᠧᠠᠨ︶ ᠬᠦᠬᠡᠬᠤᠳᠠ ᠶᠢᠨ ᠴᠠᠭᠠᠨ ᠰᠤᠪᠤᠷᠭ᠎ᠠ ᠤᠯᠠᠨ ᠤᠯᠤᠰ | ᠤᠨ ᠨᠢᠰᠬᠡᠯ ᠤᠨ ᠪᠠᠭᠤᠳᠠᠯ ᠠᠴᠠ ᠤᠢᠢᠯᠠᠭᠠᠬᠰᠠᠨ ᠢᠶᠠᠷ᠂ ᠬᠦᠬᠡᠬᠤᠳᠠ — ᠰᠢᠯᠢᠩᠬᠤᠳᠠ — ᠲᠦᠩᠯᠢᠶᠤᠤ ᠶᠢᠨ ᠠᠭᠠᠷ ᠤᠨ ᠠᠶᠠᠯᠠᠯ ᠤᠨ ᠱᠤᠭᠤᠮ ᠨᠢ 7 | ᠰᠠᠷ᠎ᠠ ᠶᠢᠨ 1 ᠤ ᠡᠳᠦᠷ ᠰᠢᠨ᠎ᠡ ᠪᠠᠷ ᠨᠡᠪᠲᠡᠷᠡᠵᠡᠢ᠃ | ᠬᠦᠬᠡᠬᠤᠳᠠ — ᠰᠢᠯᠢᠩᠬᠤᠳᠠ — ᠲᠦᠩᠯᠢᠶᠤᠤ ᠶᠢᠨ ᠠᠭᠠᠷ ᠤᠨ ᠠᠶᠠᠯᠠᠯ ᠤᠨ ᠱᠤᠭᠤᠮ ᠤᠨ ᠲᠦᠷᠦᠬᠦᠦ ᠡᠬᠡᠯᠵᠢ ᠶᠢᠨ ᠠᠶᠠᠨᠴᠢᠨ ᠤ ᠨᠢᠰᠬᠡᠯ ᠨᠢ | 10᠄ 15 ᠳᠤ ᠬᠥᠬᠡᠬᠤᠲᠠ ᠠᠴᠠ ᠨᠢᠰᠴᠦ᠂ 11᠄ 25 ᠳᠤ ᠰᠢᠯᠢᠩᠬᠤᠳᠠ ᠳᠤ ᠪᠠᠭᠤᠵᠦ 50 ᠮᠢᠨᠦ᠋ᠲ ᠵᠤᠬᠰᠤᠬᠰᠠᠨ ᠤ ᠳᠠᠷᠠᠭ᠎ᠠ 12᠄ 15 ᠳᠤ | ᠲᠦᠩᠯᠢᠶᠤᠤ ᠲᠡᠶᠢᠰᠢ ᠨᠢᠰᠴᠤ᠂ 13᠄ 40 ᠳᠤ ᠲᠦᠩᠯᠢᠶᠤᠤ ᠳᠤ ᠬᠦᠷᠦᠭᠰᠡᠨ ᠪᠠᠶᠢᠨ᠎ᠠ᠃ ᠲᠤᠰ ᠠᠭᠠᠷ ᠤᠨ ᠠᠶᠠᠯᠠᠯ ᠤᠨ ᠱᠤᠭᠤᠮ ᠨᠢ ᠭᠠᠷᠠᠬ ᠪᠦᠷᠢ ᠶᠢᠨ | ᠬᠤᠶᠠᠷ᠂ ᠭᠤᠷᠪᠠᠨ᠂ ᠲᠦᠷᠪᠡᠨ᠂ ᠵᠢᠷᠭᠤᠭᠠᠨ ᠳᠤ ᠨᠢᠬᠡ ᠡᠬᠡᠯᠵᠢ ᠶᠢᠨ ᠠᠶᠠᠨᠴᠢᠨ ᠤ ᠨᠢᠰᠬᠡᠯ ᠨᠢᠰᠬᠡᠵᠦ᠂ ARJ21- 700 ᠬᠡᠯᠪᠡᠷᠢ ᠶᠢᠨ ᠨᠢᠰᠬᠡᠯ ᠨᠢ | ᠨᠢᠰᠦᠯᠳᠡ ᠶᠢᠨ ᠡᠬᠦᠷᠬᠡ ᠶᠢ ᠬᠦᠢᠴᠡᠳᠬᠡᠵᠦ ᠪᠠᠶᠢᠨ᠎ᠠ᠃ ᠲᠤᠰ ᠠᠭᠠᠷ ᠤᠨ ᠠᠶᠠᠯᠠᠯ ᠤᠨ ᠱᠤᠭᠤᠮ ᠨᠡᠪᠲᠡᠷᠡᠭᠰᠡᠨ ᠠᠴᠠ ᠰᠢᠯᠢᠩᠬᠤᠳᠠ ᠪᠠ ᠲᠦᠩᠯᠢᠶᠤᠤ ᠶᠢᠨ | ᠬᠤᠭᠤᠷᠤᠨᠳᠤ ᠤᠤᠯ ᠳᠠᠭᠠᠨ ᠮᠠᠰᠢᠨ ᠲᠡᠷᠬᠡ ᠪᠠᠷ 7 ᠴᠠᠬ ᠠᠶᠠᠯᠠᠵᠦ ᠪᠠᠶᠢᠭᠰᠠᠨ ᠢ 85 ᠮᠢᠨᠦ᠋ᠲ ᠪᠤᠯᠭᠠᠵᠦ ᠪᠤᠭᠤᠨᠢᠰᠬᠠᠬᠰᠠᠨ ᠪᠠᠶᠢᠨ᠎ᠠ᠃ ᠬᠠᠮᠳᠤ ᠳᠤᠨᠢ᠂ 7 | ᠰᠠᠷ᠎ᠠ ᠶᠢᠨ 1 ᠤ ᠡᠳᠦᠷ ᠠᠴᠠ 7 ᠰᠠᠷ᠎ᠠ ᠶᠢᠨ 31 ᠤ ᠡᠳᠦᠷ ᠪᠣᠯᠲᠠᠯ᠎ᠠ᠂ ᠬᠦᠬᠡᠬᠤᠳᠠ ᠶᠢᠨ ᠴᠠᠭᠠᠨ ᠰᠤᠪᠤᠷᠭ᠎ᠠ ᠤᠯᠠᠨ ᠤᠯᠤᠰ ᠤᠨ ᠨᠢᠰᠬᠡᠯ ᠤᠨ | ᠪᠠᠭᠤᠳᠠᠯ ᠨᠢ ᠬᠦᠬᠡᠬᠤᠳᠠ — ᠰᠢᠯᠢᠩᠬᠤᠳᠠ ᠬᠦᠷᠬᠦ ᠠᠭᠠᠷ ᠤᠨ ᠠᠶᠠᠯᠠᠯ ᠤᠨ | ᠱᠤᠭᠤᠮ ᠤᠨ ᠠᠶᠠᠨᠴᠢᠨ ᠤ ᠨᠢᠰᠬᠡᠯ ᠢ ᠡᠳᠦᠷ ᠪᠦᠷᠢ ᠨᠢᠬᠡ ᠡᠬᠡᠯᠵᠢ ᠶᠢᠨ ᠨᠢᠰᠬᠡᠯ ᠪᠣᠯᠭᠠᠵᠤ ᠨᠡᠮᠡᠭᠳᠡᠭᠦᠯᠦᠭᠰᠡᠨ ᠪᠠᠶᠢᠨ᠎ᠠ᠃ |