ᠬᠦᠬᠡᠬᠤᠲᠠ ᠶᠢᠨ ᠨᠠᠮ ᠵᠠᠰᠠᠭ ᠤᠨ ᠰᠢᠨᠵᠢᠯᠡᠨ ᠪᠠᠶᠢᠴᠠᠭᠠᠬᠤ ᠪᠦᠯᠬᠦᠮ ᠴᠢᠩᠳᠣᠤ ᠳᠤ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2020-08-10
               ᠸᠠᠩ ᠯᠢ ᠰᠢᠶᠠ ᠪᠦᠯᠬᠦᠮ ᠳᠠᠭᠠᠭᠤᠯᠤᠨ ᠸᠠᠩ ᠴᠢᠩ ᠰᠢᠶᠠᠨ ᠶᠠᠷᠢᠯᠴᠠᠬᠤ ᠬᠤᠷᠠᠯ ᠢ                ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ      ᠬᠦᠬᠡᠬᠤᠲᠠ ᠶᠢᠨ ᠡᠳᠦᠷ ᠤᠨ ᠰᠣᠨᠢᠨ ᠤ ᠮᠡᠳᠡᠭᠡ ︵ᠴᠢᠩᠳᠤᠤ ᠶᠢᠨ ᠡᠳᠦᠷ ᠤᠨ ᠰᠣᠨᠢᠨ ᠤ ᠰᠣᠷᠪᠤᠯᠵᠢᠯᠠᠭᠴᠢ ᠯᠢᠦ ᠴᠧᠩ ᠯᠦᠩ ᠰᠣᠷᠪᠤᠯᠵᠢᠯᠠᠭᠴᠢ ᠹᠧᠩ ᠶᠠᠨ ᠫᠢᠩ︶ 8 ᠳ᠋ᠤᠭᠠᠷ ᠰᠠᠷ᠎ᠠ ᠶᠢᠨ 8 ᠤ ᠡᠳᠦᠷ ᠠᠴᠠ 9 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠯᠢ ᠰᠢᠶᠠ ᠬᠥᠬᠡᠬᠤᠲᠠ ᠶᠢᠨ ᠨᠠᠮ ᠵᠠᠰᠠᠭ ᠤᠨ ᠰᠢᠨᠵᠢᠯᠡᠨ ᠪᠠᠶᠢᠴᠠᠭᠠᠬᠤ ᠪᠦᠯᠬᠦᠮ ᠢ  ᠳᠠᠭᠠᠭᠤᠯᠤᠨ ᠴᠢᠩᠳᠣᠤ ᠳᠤ ᠬᠦᠷᠴᠦ ᠰᠢᠨᠵᠢᠯᠡᠨ ᠪᠠᠶᠢᠴᠠᠭᠠᠵᠤ  ᠰᠤᠷᠤᠯᠴᠠᠬᠤ ᠶᠢᠨ ᠬᠠᠮᠳᠤ 2020·ᠴᠢᠩᠳᠣᠤ·ᠡᠬᠡ ᠬᠠᠭᠤᠷᠠᠶ ᠲᠡᠯᠡᠶ ᠬᠤᠯᠪᠣᠭᠠᠯᠠᠨ ᠬᠥᠳᠡᠯᠦᠯᠴᠡᠬᠦ ᠰᠤᠳᠤᠯᠤᠨ ᠶᠠᠷᠢᠯᠴᠠᠬᠤ ᠬᠤᠷᠠᠯ ᠳᠤ ᠤᠷᠤᠯᠴᠠᠪᠠ᠃ 9 ᠤ ᠡᠳᠦᠷ ᠤᠨ ᠦᠳᠡ ᠶᠢᠨ ᠬᠤᠶᠢᠨ᠎ᠠ᠂ ᠴᠢᠩᠳᠣᠤ ᠬᠤᠳᠠ ᠪᠣᠯᠤᠨ ᠬᠥᠬᠡᠬᠤᠲᠠ ᠶᠢᠨ ᠨᠠᠮ ᠵᠠᠰᠠᠭ ᠤᠨ ᠰᠢᠨᠵᠢᠯᠡᠨ ᠪᠠᠶᠢᠴᠠᠭᠠᠬᠤ ᠪᠦᠯᠬᠦᠮ ᠤᠨ ᠶᠠᠷᠢᠯᠴᠠᠬᠤ ᠬᠤᠷᠠᠯ ᠪᠠ ᠳ᠋ᠠ ᠭᠤᠸᠠᠨ ᠤ ᠪᠠᠭ᠎ᠠ ᠶᠣᠰᠣᠯᠠᠯ ᠤᠨ ᠲᠠᠩᠬᠢᠮ ᠳᠤ ᠶᠠᠪᠤᠭᠳᠠᠵᠤ᠂ ᠱᠠᠨᠳᠦ᠋ᠩ ᠮᠤᠵᠢ ᠶᠢᠨ ᠨᠠᠮ ᠤᠨ  ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠴᠢᠩᠳᠣᠤ ᠬᠤᠳᠠ ᠶᠢᠨ ᠨᠠᠮ ᠤᠨ  ᠬᠤᠷᠢᠶ᠎ᠠ ᠶᠢᠨ ᠱᠦᠵᠢ ᠸᠠᠩ ᠴᠢᠩ ᠰᠢᠶᠠᠨ ᠶᠠᠷᠢᠯᠴᠠᠬᠤ ᠬᠤᠷᠠᠯ ᠢ ᠡᠷᠬᠢᠯᠡᠭᠰᠡᠡ ᠪᠥᠭᠡᠳ ᠶᠠᠷᠢᠶ᠎ᠠ ᠲᠠᠯᠪᠢᠵᠠᠢ᠃      ᠸᠠᠩ ᠴᠢᠩ ᠰᠢᠶᠠᠨ ᠬᠥᠬᠡᠬᠤᠲᠠ ᠶᠢᠨ ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠴᠢᠩᠳᠣᠤ ᠬᠤᠳᠠ ᠳᠤ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ ᠬᠡᠯᠡᠬᠦ ᠳᠡᠭᠡᠨ᠂ ᠬᠥᠬᠡᠬᠤᠲᠠ ᠪᠣᠯ ︽ᠨᠢᠭᠡ ᠪᠦᠰᠡ ᠨᠢᠭᠡ ᠵᠠᠮ︾ ᠤᠨ ᠲᠠᠯ᠎ᠠ ᠨᠤᠲᠤᠭ ᠤᠨ ᠲᠣᠷᠭᠠᠨ ᠵᠠᠮ ᠤᠨ ᠴᠢᠬᠤᠯᠠ ᠵᠠᠩᠭᠢᠯᠠᠭ᠎ᠠ ᠶᠢᠨ ᠴᠡᠭ ᠪᠣᠯᠤᠨ᠎ᠠ᠃ ᠤᠢᠢᠷ᠎ᠠ ᠶᠢᠨ ᠵᠢᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠨᠠᠷᠢᠨ ᠬᠢᠨᠠᠮᠠᠭᠠᠢ ᠦᠢᠯᠡᠳᠦᠯᠭᠡᠵᠢᠭᠦᠯᠵᠦ᠂ ᠡᠯ᠎ᠡ ᠵᠦᠢᠯ ᠤᠨ ᠠᠵᠢᠯ ᠦᠢᠯᠡᠰ ᠲᠠᠰᠤᠷᠠᠯᠲᠠ ᠦᠭᠡᠢ ᠰᠢᠨ᠎ᠡ ᠰᠢᠪᠲᠤᠯᠤᠯᠲᠠ ᠲᠠᠢ ᠪᠣᠯᠪᠠ᠃ ᠶᠡᠷᠦᠩᠬᠡᠶ ᠱᠦᠵᠢ ᠰᠢ ᠶᠢᠨ ᠫᠢᠩ ᠴᠢᠩᠳᠣᠤ ᠳᠤ ︽ᠨᠢᠭᠡ ᠤᠳᠠᠭᠠᠨ ᠤ ᠬᠤᠷᠠᠯ ᠢ ᠰᠠᠶᠢᠲᠤᠷ ᠡᠷᠬᠢᠯᠡᠵᠦ᠂ ᠨᠢᠭᠡ ᠬᠤᠳᠠ ᠶᠢ ᠠᠮᠢ ᠠᠮᠢᠵᠢᠷᠠᠯ ᠲᠠᠢ ᠪᠣᠯᠭᠠᠬᠤ︾᠂ ᠣᠳᠣᠬᠢᠴᠢᠯᠠᠭᠰᠠᠨ ᠤᠯᠠᠨ ᠤᠯᠤᠰ ᠤᠨ ᠲᠤᠮᠤ ᠬᠤᠳᠠ ᠶᠢ ᠪᠦᠳᠦᠭᠡᠨ ᠪᠠᠶᠢᠭᠤᠯᠬᠤ᠂ ︽ᠨᠢᠭᠡ ᠪᠦᠰᠡ ᠨᠢᠭᠡ ᠵᠠᠮ︾ ᠤᠨ ᠤᠯᠠᠨ ᠤᠯᠤᠰ ᠤᠨ ᠬᠠᠮᠲᠤᠷᠠᠯᠴᠠᠭᠠᠨ ᠤ ᠰᠢᠨ᠎ᠡ ᠲᠠᠪᠴᠠᠩ ᠢ ᠪᠠᠶᠢᠭᠤᠯᠬᠤ ᠵᠡᠷᠭᠡ ᠤᠯᠤᠰ ᠤᠨ ᠬᠦᠨᠳᠦ ᠡᠭᠦᠷᠭᠡ ᠶᠢ ᠥᠭᠴᠦ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠳᠤᠮᠳᠠ ᠭᠤᠣᠯᠯᠠᠭᠴᠢ ᠬᠤᠳᠠ ᠶᠢᠨ ᠦᠷᠢᠰᠦᠯᠳᠦᠬᠦ ᠬᠦᠴᠦᠨ ᠢᠶᠠᠨ ᠲᠡᠭᠡᠭᠰᠢᠯᠡᠭᠦᠯᠵᠦ᠂ ᠭᠠᠷᠠᠮ ᠤᠨ ᠡᠭᠦᠳᠡ ᠬᠤᠳᠠ ᠶᠢᠨ ᠳᠠᠪᠠᠭᠤᠯᠢᠭ ᠢᠶᠠᠨ ᠪᠠᠳᠠᠷᠠᠭᠤᠯᠬᠤ ᠶᠢ ᠱᠠᠭᠠᠷᠳᠠᠵᠠᠢ᠃ ᠪᠢᠳᠡ ᠶᠡᠷᠦᠩᠬᠡᠶ ᠱᠦᠵᠢ ᠶᠢᠨ ᠴᠢᠬᠤᠯᠠ ᠵᠢᠭᠠᠪᠤᠷᠢ ᠱᠠᠭᠠᠷᠳᠠᠯᠭ᠎ᠠ ᠶᠢᠨ ᠪᠠᠶᠠᠯᠢᠭ ᠠᠭᠤᠯᠤᠭᠳᠠᠬᠤᠨ ᠢ ᠨᠡᠪᠳᠡᠷᠬᠡᠢ ᠣᠶᠢᠯᠠᠭᠠᠵᠤ᠂ ᠨᠡᠭᠡᠭᠡᠯᠲᠡ ᠬᠢᠬᠦ ᠪᠠᠷ ᠰᠢᠨ᠎ᠡ ᠶᠢ ᠡᠭᠦᠳᠬᠦ ᠶᠢ ᠠᠬᠢᠭᠤᠯᠵᠤ᠂ ᠰᠢᠨ᠎ᠡ ᠶᠢ ᠡᠭᠦᠳᠬᠦ ᠪᠠᠷ ᠥᠭᠡᠷᠡᠴᠢᠯᠡᠯᠲᠡ ᠶᠢ  ᠠᠬᠢᠭᠤᠯᠵᠤ᠂ ︽ᠱᠧᠨᠵᠧᠨ ᠠᠴᠠ ᠰᠤᠷᠤᠯᠴᠠᠵᠤ᠂ ᠱᠧᠨᠵᠧᠨ ᠢ ᠬᠦᠭᠡᠭᠡᠵᠦ︾᠂ ᠰᠢᠰᠲ᠋ᠧᠮᠲᠦ ᠴᠢᠨᠠᠷ᠂ ᠪᠦᠬᠦᠯᠢ ᠴᠣᠭᠴᠠ ᠶᠢᠨ ᠴᠢᠨᠠᠷ᠂ ᠬᠠᠮᠵᠢᠯᠴᠠᠬᠤ ᠴᠢᠨᠠᠷ ᠢᠶᠠᠷ 15 ᠳᠠᠭᠠᠷᠢᠯᠲᠠ ᠶᠢ ᠠᠬᠢᠭᠤᠯᠵᠤ᠂ ᠺᠠᠳ᠋ᠷ ᠤᠨ ᠡᠩᠨᠡᠭᠡᠨ ᠤ ᠵᠠᠬ᠎ᠠ ᠳᠡᠯᠭᠡᠭᠦᠷᠴᠢᠯᠡᠬᠦ᠂ ᠬᠠᠤᠯᠢᠵᠢᠬᠤ᠂ ᠲᠤᠰᠬᠠᠶᠢᠵᠢᠬᠤ᠂ ᠨᠡᠭᠡᠭᠡᠯᠲᠡᠲᠦ ᠮᠠᠶ᠋ᠢᠭ ᠤᠨ ︽ᠭᠤᠷᠪᠠᠨ ᠬᠡᠪ ᠴᠢᠨᠠᠷ ᠨᠢᠭᠡ ᠮᠠᠶ᠋ᠢᠭ︾ ᠤᠨ ᠬᠡᠪ ᠴᠢᠨᠠᠷ ᠪᠠ ᠴᠢᠳᠠᠪᠤᠷᠢ ᠶᠢ ᠪᠦᠬᠦ ᠲᠠᠯ᠎ᠠ ᠪᠠᠷ  ᠳᠡᠭᠡᠭᠰᠢᠯᠡᠭᠦᠯᠵᠦ᠂ ᠠᠵᠤ ᠦᠢᠯᠡᠰ ᠤᠨ ᠨᠡᠭᠡᠭᠡᠯᠲᠡ ᠪᠠᠷ ᠬᠤᠲᠠ ᠶᠢᠨ ᠨᠡᠭᠡᠭᠡᠯᠲᠡ ᠶᠢ ᠳᠠᠶᠢᠴᠢᠯᠠᠵᠤ᠂ ᠳᠡᠯᠡᠬᠡᠶ ᠶᠢᠨ ᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ ᠶᠢᠨ ᠬᠤᠲᠠ ᠶᠢ ᠪᠦᠬᠦ ᠬᠦᠴᠦᠨ ᠢᠶᠠᠷ ᠢᠶᠠᠨ ᠴᠤᠭᠴᠠᠯᠠᠵᠤ ᠪᠠᠶᠢᠨ᠎ᠠ᠃ ᠬᠥᠬᠡᠬᠤᠲᠠ ᠪᠣᠯᠤᠨ ᠴᠢᠩᠳᠣᠤ ᠴᠦᠮ ᠬᠠᠲᠤᠨ ᠭᠤᠤᠯ ᠤᠨ ᠰᠠᠪᠠ ᠭᠠᠵᠠᠷ ᠲᠤ ᠣᠷᠣᠰᠢᠵᠤ ᠪᠠᠶᠢᠨ᠎ᠠ᠂ ᠬᠤᠶᠠᠷ ᠲᠠᠯ᠎ᠠ ᠪᠠᠷ ᠢᠶᠠᠨ  ᠨᠡᠪᠲᠡᠷᠡᠯᠴᠡᠭᠡ ᠵᠤᠯᠭᠠᠯᠴᠠᠭ᠎ᠠ ᠪᠠᠨ ᠴᠢᠩᠭᠠᠳᠬᠠᠵᠤ᠂ ᠡᠬᠡ ᠬᠠᠭᠤᠷᠠᠶ ᠲᠡᠯᠡᠶ ᠬᠤᠯᠪᠣᠭᠠᠯᠠᠨ ᠬᠥᠳᠡᠯᠦᠯᠴᠡᠵᠦ ᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ᠂ ᠵᠠᠮ ᠬᠠᠷᠢᠯᠴᠠᠭ᠎ᠠ ᠪᠠᠷᠠᠭᠠᠨ ᠤ ᠬᠦᠢᠯᠭᠡᠭᠡ᠂ ᠰᠣᠶᠣᠯ ᠵᠢᠭᠤᠯᠴᠢᠯᠠᠯ ᠵᠡᠷᠭᠡ ᠣᠯᠠᠨ ᠬᠦᠷᠢᠶᠡᠨ ᠳᠠᠬᠢ ᠨᠡᠭᠡᠭᠡᠯᠳᠡᠳᠡᠢ ᠬᠠᠮᠳᠤᠷᠠᠨ ᠠᠵᠢᠯᠯᠠᠬᠤ ᠪᠠᠨ ᠠᠬᠢᠭᠤᠯᠵᠤ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠬᠠᠮᠲᠤ ᠪᠠᠷ ᠨᠠᠶᠢᠳᠠᠪᠤᠷᠢᠵᠢᠭᠤᠯᠬᠤ ᠳᠤᠮᠳᠠ  ᠬᠠᠷᠢᠯᠴᠠᠨ ᠠᠰᠢᠭᠲᠠᠶ ᠬᠠᠮᠲᠤ ᠪᠠᠷ ᠠᠰᠢᠭ ᠭᠥᠷᠳᠡᠬᠦ ᠶᠢ ᠬᠦᠰᠡᠵᠦ ᠪᠠᠶᠢᠨ᠎ᠠ ᠭᠡᠵᠡᠢ᠃      ᠸᠠᠩ ᠯᠢ ᠰᠢᠶᠠ ᠬᠥᠬᠡᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ ᠲᠠᠨᠢᠯᠴᠠᠭᠤᠯᠪᠠ ᠃ ᠲᠡᠷᠡ ᠬᠡᠯᠡᠬᠦ ᠳᠡᠭᠡᠨ᠂ ᠬᠥᠬᠡ ᠬᠤᠲᠠ ᠠᠴᠠ ᠴᠢᠩᠳᠤᠤ ᠠᠷᠠᠯ ᠬᠦᠷᠲᠡᠯ᠎ᠡ᠂ ᠲᠠᠯ᠎ᠠ ᠨᠤᠲᠤᠭ ᠤᠨ ᠬᠤᠲᠠ ᠠᠴᠠ ᠳᠠᠯᠠᠶ ᠶᠢᠨ ᠬᠥᠪᠡᠭᠡ ᠶᠢᠨ ᠬᠤᠲᠠ ᠬᠦᠷᠲᠡᠯ᠎ᠡ ᠬᠤᠶᠠᠷ ᠡᠳᠦᠷ ᠤᠨ ᠪᠠᠶᠢᠴᠠᠭᠠᠯᠳᠠ ᠰᠤᠷᠤᠯᠴᠠᠯᠭ᠎ᠠ ᠪᠠᠷ ᠳᠠᠮᠵᠢᠨ ᠴᠢᠩᠳᠣᠤ ᠶᠢᠨ ᠤᠢᠢᠷ᠎ᠠ ᠶᠢᠨ ᠵᠢᠯ ᠳᠤ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠱᠠᠭᠠᠷᠳᠠᠯᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠳᠤᠮᠳᠠ ᠢᠯᠡᠷᠡᠭᠦᠯᠦᠭᠰᠡᠨ ᠥᠷᠨᠢᠭᠦᠨ ᠪᠠᠳᠠᠷᠠᠩᠭᠤᠢ ᠠᠮᠢᠵᠢᠷᠠᠯ ᠤᠨ ᠬᠦᠴᠦᠨ ᠪᠠ ᠨᠡᠭᠡᠭᠡᠯᠳᠡ ᠲᠠᠢ᠂ ᠤᠳᠤ ᠦᠶ᠎ᠡ ᠶᠢᠨ᠂ ᠠᠮᠢᠵᠢᠷᠠᠯ ᠤᠨ ᠬᠦᠴᠦᠨ ᠲᠠᠢ᠂ ᠴᠠᠭ ᠤᠨ ᠦᠩᠭᠡ ᠶᠢ ᠳᠠᠭᠠᠭᠰᠠᠨ ᠬᠤᠳᠠ ᠶᠢᠨ ᠴᠢᠨᠠᠷ ᠬᠡᠪ ᠨᠠᠮᠪᠠ ᠶᠢ ᠦᠨᠡᠨ ᠬᠦ ᠣᠶᠢᠯᠠᠭᠠᠪᠠ᠃ ᠣᠳᠣᠬᠠᠨ ᠳᠤ᠂ ᠬᠥᠬᠡᠬᠤᠲᠠ ᠶᠠᠭ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠮᠢ ᠠᠬᠤᠢ ᠶᠢ ᠤᠷᠢᠳᠠᠪᠡᠷ ᠪᠣᠳᠤᠯᠬᠢᠯᠠᠵᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠪᠠ ᠡᠬᠡ ᠤᠯᠤᠰ ᠤᠨ ᠤᠮᠠᠷᠠᠳᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠦᠨᠡᠨ ᠬᠦ ᠪᠠᠲᠤ ᠴᠣᠭᠴᠠᠯᠠᠬᠤ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠵᠦ ᠪᠠᠶᠢᠨ᠎ᠠ᠃ ᠪᠢᠳᠡ ᠥᠪᠡᠷ ᠢ  ᠪᠠᠨ ᠰᠢᠨᠵᠢᠵᠦ ᠵᠥᠷᠢᠶ᠎ᠡ ᠪᠠᠨ ᠡᠷᠢᠵᠦ᠂ ᠳᠠᠯᠠᠢ ᠳᠠᠭᠠᠤ ᠣᠷᠣᠨ ᠢ ᠬᠠᠷᠠᠵᠤ  ᠭᠦᠭᠵᠢᠯᠲᠡ ᠶᠢ ᠡᠷᠢᠯᠬᠢᠯᠡᠵᠦ ᠪᠠᠶᠢᠨ᠎ᠠ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠶ ᠬᠥᠭᠵᠢᠯᠲᠡ ᠶᠢᠨ ᠤᠯᠤᠰ ᠤᠨ ᠪᠠᠶᠢᠯᠳᠤᠬᠤ ᠪᠣᠳᠣᠯᠭ᠎ᠠ ᠶᠢᠨ ᠶᠡᠭᠡ ᠠᠬᠤᠶ ᠪᠠᠶᠢᠳᠠᠯ ᠳᠣᠤᠷ᠎ᠠ᠂ ᠡᠬᠡ ᠬᠠᠭᠤᠷᠠᠢ ᠲᠠᠯᠠᠢ ᠬᠤᠯᠪᠤᠭᠠᠯᠠᠨ ᠬᠦᠳᠡᠯᠦᠯᠴᠡᠵᠦ᠂ ᠬᠤᠶᠠᠷ ᠬᠤᠲᠠ ᠶᠢᠨ ᠠᠵᠤ ᠦᠢᠯᠡᠰ ᠤᠨ ᠬᠥᠭᠵᠢᠯᠲᠡ ᠪᠣᠯᠤᠨ ᠬᠦᠮᠦᠨ ᠠᠷᠠᠳ ᠤᠨ ᠶᠠᠪᠤᠯᠴᠠᠭ᠎ᠠ ᠶᠢ ᠠᠬᠢᠭᠤᠯᠵᠤ᠂ ᠢᠯᠠᠩᠭᠤᠶ᠎ᠠ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠳᠤᠮᠳᠠ ᠰᠣᠯᠢᠯᠴᠠᠭ᠎ᠠ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠬᠤᠶᠠᠷ ᠬᠤᠳᠠ ᠶᠢᠨ ᠬᠤᠭᠤᠷᠣᠨᠳᠣᠬᠢ ᠬᠠᠮᠲᠤᠷᠠᠯᠴᠠᠭ᠎ᠠ ᠶᠢᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠵᠤ᠂ ᠬᠠᠮᠳᠤᠷᠠᠯᠴᠠᠭᠠᠨ ᠤ ᠦᠷ᠎ᠡ ᠪᠦᠲᠦᠮᠵᠢ ᠶᠢ ᠬᠠᠮᠲᠤ ᠪᠠᠷ ᠳᠡᠭᠡᠭᠰᠢᠯᠡᠭᠦᠯᠵᠦ᠂ ᠬᠠᠮᠲᠤᠷᠠᠯᠴᠠᠭᠠᠨ ᠤ ᠨᠥᠬᠦᠷᠯᠡᠯ ᠢᠶᠠᠨ ᠤᠷᠳᠤᠳᠬᠠᠬᠤ ᠶᠢ ᠬᠦᠰᠡᠵᠦ ᠪᠠᠶᠢᠨ᠎ᠠ ᠭᠡᠵᠡᠢ᠃      ᠶᠠᠷᠢᠯᠴᠠᠬᠤ ᠬᠤᠷᠠᠯ ᠳᠡᠭᠡᠷ᠎ᠡ᠂ ᠴᠢᠩᠳᠣᠤ ᠬᠤᠳᠠ ᠶᠢᠨ ᠵᠠᠰᠠᠭ ᠤᠨ ᠣᠷᠳᠣᠨ ᠪᠣᠯᠤᠨ ᠬᠥᠬᠡᠬᠤᠲᠠ ᠶᠢᠨ ᠵᠠᠰᠠᠭ ᠤᠨ ᠤᠷᠳᠤᠨ ︽ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠢ ᠬᠥᠭᠵᠢᠯᠲᠡ ᠶᠢ ᠬᠠᠮᠵᠢᠯᠴᠠᠨ ᠠᠬᠢᠭᠤᠯᠬᠤ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ︾ ᠳᠤᠬᠢᠷᠠᠯᠴᠠᠪᠠ᠃      ᠴᠢᠩᠳᠣᠤ ᠳᠤ ᠪᠠᠶᠢᠬᠤ ᠬᠤᠭᠤᠴᠠᠭᠠᠨ ᠳᠠᠭᠠᠨ᠂ ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ  ᠬᠠᠢ ᠡᠯ ᠤᠨ ᠺᠠ ᠣᠥ ᠰᠧ ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠲᠠᠪᠴᠠᠩ᠂ ᠪᠦᠬᠦ ᠪᠥᠮᠪᠥᠷᠴᠡᠭ ︵ᠴᠢᠩᠳᠣᠤ︶ ᠤᠨ ᠰᠢᠨ᠎ᠡ ᠶᠢ ᠡᠭᠦᠳᠬᠦ ᠪᠡᠯᠡ ᠣᠷᠣᠭᠤᠯᠤᠯᠲᠠ ᠶᠢᠨ ᠲᠥᠪ ᠵᠡᠷᠭᠡ ᠶᠢ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠪᠠ᠃      ᠬᠥᠬᠡᠬᠤᠲᠠ ᠶᠢᠨ ᠤᠳᠤᠷᠢᠳᠤᠯᠭ᠎ᠠ ᠯᠢᠦ ᠴᠧᠩ ᠮᠢᠨ᠂ ᠸᠠᠩ ᠬᠤᠤ ᠯᠸᠢ᠂ ᠡᠦ ᠸᠧᠨ ᠮᠢᠩ᠂ ᠴᠢᠶᠣᠤ ᠶᠦᠨ ᠯᠢ᠂ ᠴᠢᠩᠳᠣᠤ ᠬᠤᠳᠠ ᠶᠢᠨ ᠤᠳᠤᠷᠢᠳᠤᠯᠭ᠎ᠠ ᠰᠢᠤᠸᠠᠢ ᠴᠢᠩ ᠭᠦᠸᠧ᠂ ᠵᠦ ᠬᠤᠸᠠ ᠶᠠᠷᠢᠯᠴᠠᠬᠤ ᠬᠤᠷᠠᠯ ᠳᠤ ᠣᠷᠣᠯᠴᠠᠪᠠ᠃                
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号