︽ᠦᠵᠡᠰᠬᠦᠯᠡᠩᠲᠦ ᠰᠠᠶᠢᠬᠠᠨ ᠬᠥᠬᠡᠬᠤᠲᠠ  ᠲᠠᠯ᠎ᠠ ᠨᠤᠲᠤᠭ ᠤᠨ ᠬᠤᠲᠠ︾ ᠨᠡᠷᠡᠮᠵᠢᠳᠦ ᠬᠥᠬᠡᠬᠤᠲᠠ ︵ᠴᠢᠩᠳᠣᠤ︶ ᠶᠢᠨ ᠠᠵᠤ ᠠᠬᠤᠶᠢᠯᠠᠯᠲᠠᠳ ᠤᠨ ᠴᠢᠩ ᠦᠨᠡᠨᠴᠢ ᠪᠠᠷ ᠶᠠᠷᠢᠯᠴᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020-08-10
      ᠠᠷᠠᠳ ᠤᠨ ᠰᠦᠯᠵᠢᠶ᠎ᠡ ᠶᠢᠨ ᠴᠢᠩᠳᠣᠤ ᠶᠢᠨ 8 ᠰᠠᠷ᠎ᠠ ᠶᠢᠨ 9 ᠤ ᠡᠳᠦᠷ ᠤᠨ ᠮᠡᠳᠡᠭᠡ ︵ᠹᠦ᠋ ᠯᠢ ᠵᠢᠦᠸᠠᠨ  ᠴᠧᠨ ᠯᠢ ᠭᠧᠩ︶ 8 ᠰᠠᠷ᠎ᠠ ᠶᠢᠨ 9 ᠤ ᠡᠳᠦᠷ᠂ ︽ᠦᠵᠡᠰᠬᠦᠯᠡᠩᠲᠦ ᠰᠠᠶᠢᠬᠠᠨ ᠬᠥᠬᠡᠬᠤᠲᠠ  ᠲᠠᠯ᠎ᠠ ᠨᠤᠲᠤᠭ ᠤᠨ ᠬᠤᠲᠠ︾ ᠨᠡᠷᠡᠮᠵᠢᠳᠦ ᠬᠥᠬᠡᠬᠤᠲᠠ ᠶᠢᠨ ᠠᠵᠤ ᠠᠬᠤᠶᠢᠯᠠᠯᠲᠠᠨ ᠤ ᠴᠢᠩ ᠦᠨᠡᠨᠴᠢ ᠪᠠᠷ ᠶᠠᠷᠢᠯᠴᠠᠬᠤ ᠬᠤᠷᠠᠯ ᠴᠢᠩᠳᠣᠤ ᠶᠢᠨ ᠣᠯᠠᠨ ᠤᠯᠤᠰ ᠤᠨ ᠬᠤᠷᠠᠯ ᠤᠨ ᠲᠥᠪ ᠲᠤ ᠬᠤᠷᠠᠯᠳᠤᠵᠠᠶ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠥᠬᠡᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠸᠠᠩ ᠯᠢ ᠰᠢᠶᠠ ᠬᠤᠷᠠᠯ ᠳᠤ ᠣᠷᠣᠯᠴᠠᠭᠰᠠᠨ ᠪᠥᠭᠡᠳ ᠲᠠᠨᠢᠯᠴᠠᠭᠤᠯᠭ᠎ᠠ ᠶᠢᠨ ᠦᠭᠡ ᠶᠠᠷᠢᠵᠤ᠂ ᠱᠠᠨᠳᠦ᠋ᠩ ᠮᠤᠵᠢ ᠠᠴᠠ ᠢᠷᠡᠭᠰᠡᠨ ᠥᠪᠥᠷ ᠮᠣᠩᠭᠤᠯ ᠤᠨ ᠬᠤᠳᠠᠯᠳᠤᠭᠠᠴᠢᠳ ᠤᠨ ᠡᠪᠯᠡᠯ ᠵᠡᠷᠭᠡ 50 ᠭᠠᠷᠤᠶ ᠬᠤᠳᠠᠯᠳᠤᠭᠠᠴᠢᠳ ᠤᠨ ᠨᠡᠶᠢᠭᠡᠮᠯᠢᠭ ᠤᠨ ᠲᠥᠯᠥᠭᠡᠯᠡᠭᠴᠢ᠂ 200 ᠭᠠᠷᠤᠶ ᠱᠠᠨᠳᠦ᠋ᠩ ᠤᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠴᠢᠩ ᠦᠨᠡᠨᠴᠢ ᠪᠠᠷ ᠶᠠᠷᠢᠯᠴᠠᠬᠤ ᠬᠤᠷᠠᠯ ᠳᠤ ᠣᠷᠣᠯᠴᠠᠵᠤ᠂ ᠬᠤᠳᠠᠯᠳᠤᠭᠠᠨ ᠤ ᠲᠣᠬᠢᠶᠠᠯ ᠡᠷᠢᠵᠦ᠂ ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠬᠦᠷᠲᠡᠵᠦ᠂ ᠭᠠᠷ ᠢᠶᠠᠨ ᠬᠥᠲᠥᠯᠥᠯᠴᠡᠨ ᠲᠠᠯ᠎ᠠ ᠨᠤᠲᠤᠭ ᠢᠶᠠᠨ ᠬᠥᠭᠵᠢᠬᠦᠯᠬᠦ ᠶᠡᠭᠡ ᠪᠣᠳᠣᠯᠭ᠎ᠠ ᠶᠢ ᠬᠠᠮᠲᠤᠪᠠᠷ ᠰᠦᠪᠡᠭᠴᠢᠯᠡᠵᠦ᠂ ᠬᠠᠮᠲᠤ ᠪᠠᠷ  ᠭᠤᠶᠢᠳᠠ ᠰᠠᠶᠢᠬᠠᠨ ᠢᠷᠡᠭᠡᠳᠦᠶ ᠶᠢ ᠴᠣᠭᠴᠠᠯᠠᠨ᠎ᠠ ᠬᠡᠵᠡᠬᠡᠪᠡ᠃      ᠸᠠᠩ ᠯᠢ ᠰᠢᠶᠠ᠄ ᠥᠨᠢ ᠤᠳᠠᠭᠠᠨ ᠲᠡᠤᠬᠡ ᠲᠠᠢ ᠬᠤᠲᠠ᠂ ᠠᠮᠢ ᠠᠬᠤᠶ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠶ ᠬᠤᠲᠠ᠂  ᠶᠠᠪᠤᠵᠤ ᠰᠠᠭᠤᠬᠤ ᠳᠤ ᠲᠥᠭᠦᠮ ᠬᠤᠲᠠ᠂ ᠠᠷᠠᠯᠵᠢᠶᠠᠨ ᠤ ᠲᠣᠬᠢᠶᠠᠯ ᠶᠡᠬᠡᠳᠡᠢ ᠬᠤᠲᠠ ᠪᠣᠯᠤᠭᠰᠠᠨ ᠤ ᠬᠤᠪᠢ ᠳᠤ᠂ ᠥᠨᠥᠳᠦᠷ ᠤᠨ ᠬᠥᠬᠡᠬᠤᠲᠠ ᠳᠤ᠂ ᠡᠯ᠎ᠡ ᠵᠦᠢᠯ ᠤᠨ ᠳᠠᠪᠠᠭᠤᠯᠢᠭ ᠲᠣᠬᠢᠶᠠᠯ ᠳᠠᠪᠬᠤᠴᠠᠵᠤ᠂ ᠡᠯ᠎ᠡ ᠵᠦᠢᠯ ᠤᠨ ᠠᠰᠢᠭᠲᠠᠢ ᠬᠦᠴᠦᠨ ᠵᠦᠢᠯ ᠲᠦᠪᠯᠡᠷᠡᠵᠦ᠂ ᠨᠡᠩ ᠪᠠᠭᠲᠠᠭᠠᠮᠵᠢᠲᠠᠢ᠂ ᠨᠡᠩ ᠨᠡᠭᠡᠭᠡᠯᠲᠡᠲᠡᠢ᠂ ᠨᠡᠩ ᠲᠠᠯᠲᠠ ᠬᠦᠴᠦᠨ ᠲᠠᠢ᠂ ᠨᠡᠩ ᠴᠢᠨᠠᠷ ᠰᠠᠶᠢᠲᠠᠢ ᠪᠠᠷ ᠬᠥᠭᠵᠢᠬᠦᠯᠵᠦ ᠭᠤᠶᠢᠳᠠ ᠰᠠᠶᠢᠬᠠᠨ ᠬᠤᠪᠢᠷᠠᠯᠲᠠ ᠶᠢ ᠭᠠᠷᠭᠠᠬᠤ ᠪᠠᠷ ᠪᠡᠯᠡᠳᠬᠡᠵᠦ ᠪᠤᠢ᠃ ᠪᠢᠳᠡ ︽ᠰᠠᠭᠠᠳ ᠦᠭᠡᠢ ᠨᠡᠪᠲᠡᠷᠡᠬᠦ ᠵᠠᠮ︾ ᠢ ᠨᠡᠭᠡᠭᠡᠵᠦ᠂ ︽ᠲᠣᠮᠣ ᠲᠥᠷᠥᠯ ᠵᠦᠢᠯ ᠢ ᠣᠷᠣᠯᠠᠨ ᠭᠦᠢᠴᠡᠳᠬᠡᠬᠦ ᠦᠢᠯᠡᠴᠢᠯᠡᠭᠡᠨ ᠤ ᠴᠣᠩᠬᠤᠪᠴᠢ︾ ᠶᠢ ᠪᠠᠶᠢᠭᠤᠯᠵᠤ᠂ ᠠᠵᠤ  ᠦᠢᠯᠡᠳᠪᠦᠷᠢ ᠳᠤ ᠬᠡᠷᠡᠭᠯᠡᠬᠦ ᠭᠠᠵᠠᠷ ᠲᠤ ︽ᠭᠠᠵᠠᠷ ᠠᠪᠤᠪᠠᠯ ᠳᠠᠷᠤᠶ ᠠᠵᠢᠯ ᠡᠬᠢᠯᠡᠬᠦᠯᠬᠦ︾ ︽ᠠᠵᠤ ᠠᠬᠤᠶᠢᠯᠠᠯ ᠢ ᠭᠦᠶᠦᠯᠭᠡᠬᠦ ᠥᠬᠡᠶ︾ ᠵᠡᠷᠭᠡ ᠬᠠᠮᠤᠭ ᠤᠨ ᠪᠦᠷᠢᠨ ᠲᠦᠬᠦᠷ ᠬᠦᠴᠦᠨ ᠵᠦᠢᠯ ᠤᠨ ᠪᠠᠲᠤᠯᠠᠭ᠎ᠠ ᠶᠢ ᠪᠥᠬᠦ ᠲᠠᠯ᠎ᠠ ᠪᠠᠷ ᠬᠡᠷᠡᠭᠵᠢᠭᠦᠯᠦᠨ᠎ᠡ︔ ᠪᠢᠳᠡ ︽ᠭᠠᠳᠠᠷ ᠣᠷᠣᠨ ᠳᠤ ᠪᠠᠶᠢᠬᠤ ᠲᠥᠷᠥ ᠶᠢᠨ ᠪᠣᠳᠣᠯᠭ᠎ᠠ ᠶᠢ ᠬᠥᠬᠡᠬᠤᠲᠠ ᠳᠤ ᠴᠦ  ᠪᠠᠶᠢᠯᠭᠠᠬᠤ ᠪᠤᠯᠭᠠᠵᠤ᠂ ᠭᠠᠳᠠᠷ ᠣᠷᠣᠨ ᠳᠤ ᠪᠠᠶᠢᠬᠤ ᠦᠭᠡᠢ ᠵᠦᠢᠯᠡᠰ ᠲᠤ ᠣᠯᠠᠨ ᠢᠶᠠᠷ ᠢᠶᠠᠨ ᠬᠡᠷᠡᠭᠴᠡᠭᠡ ᠲᠠᠢ ᠯᠡ ᠶᠤᠮ ᠪᠣᠯ ᠪᠢᠳᠡ ᠬᠠᠤᠯᠢ ᠶᠣᠰᠣᠭᠠᠷ ᠪᠥᠬᠦ ᠬᠦᠴᠦᠨ ᠢᠶᠠᠷ ᠢᠶᠠᠨ ᠳᠡᠮᠵᠢᠵᠦ᠂  ᠲᠠᠨᠠᠷ ᠢ ᠬᠥᠬᠡᠬᠤᠲᠠ ᠳᠤ ᠨᠢᠭᠡ ᠰᠡᠳᠬᠢᠯ ᠢᠶᠠᠷ ᠠᠳᠠᠯ ᠦᠢᠯᠡᠰ ᠪᠤᠰᠬᠠᠵᠤ᠂ ᠰᠠᠨᠠᠭ᠎ᠠ ᠠᠮᠤᠷ ᠪᠠᠯᠠ ᠣᠷᠣᠭᠤᠯᠵᠤ᠂ ᠰᠠᠨᠠᠭ᠎ᠠ ᠠᠮᠤᠷ ᠬᠥᠭᠵᠢᠭᠦᠯᠬᠦ ᠪᠤᠯᠭᠠᠨ᠎ᠠ︾︔ ᠪᠢᠳᠡ ᠤᠳᠤᠷᠢᠳᠬᠤ ᠺᠠᠳ᠋ᠷ ᠠᠵᠤ ᠠᠬᠤᠶᠢᠯᠠᠯ ᠢ ᠳᠠᠭᠠᠭᠠᠴᠢᠯᠠᠬᠤ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠠᠵᠤ ᠠᠬᠤᠶᠢᠯᠠᠯ ᠨᠢ ᠶᠡᠭᠡ ᠪᠤᠶᠤ ᠪᠠᠭ᠎ᠠ ᠬᠡᠰᠡᠨ ᠦᠭᠡᠢ᠂ ᠦᠢᠯᠡᠰ ᠪᠣᠰᠬᠠᠭᠴᠢᠳ ᠨᠢ ᠬᠠᠮᠢᠭᠠᠬᠢ ᠠᠴᠠ ᠢᠷᠡᠭᠰᠡᠨ ᠬᠡᠰᠡᠨ ᠦᠭᠡᠢ᠂ ᠴᠥᠮ ᠦᠨᠡᠨ ᠰᠡᠳᠬᠢᠯ ᠠᠴᠠ ᠪᠠᠨ ᠪᠢᠳᠡ ︽ᠦᠢᠯᠡᠴᠢᠯᠡᠭᠴᠢ︾ ᠪᠠ  ᠰᠠᠶᠢᠨ︽ᠳᠣᠲᠣᠨᠣ ᠬᠥᠮᠦᠨ︾ ᠪᠤᠯᠵᠤ᠂ ᠥᠷᠭᠡᠨ ᠤᠯᠠᠨ ᠠᠵᠤ ᠠᠬᠤᠶᠢᠯᠠᠯ ᠳᠤ ︽ᠬᠡᠷᠡᠭᠴᠡᠭᠡ ᠪᠠᠷ ᠨᠢ ᠦᠢᠯᠡᠴᠢᠯᠡᠭᠡ ᠬᠠᠨᠭ᠍ᠭᠠᠬᠤ︾᠂ ︽ᠴᠠᠭ ᠢᠮᠠᠭᠲᠠ ᠰᠦᠯᠵᠢᠶᠡᠨ ᠤ︾  ᠦᠢᠯᠡᠴᠢᠯᠡᠭᠡ ᠬᠠᠩᠭᠠᠨ᠎ᠠ︔ ᠪᠢᠳᠡ ᠣᠶᠤᠨᠴᠢ ᠬᠤᠲᠠ ᠶᠢᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠰᠦᠯᠵᠢᠶᠡᠨ ᠳᠡᠭᠡᠷ᠎ᠡ ᠬᠦᠢᠴᠡᠳᠭᠡᠬᠦ᠂ ᠭᠠᠷ ᠤᠳᠠᠰᠤ ᠪᠠᠷ ᠬᠦᠢᠴᠡᠳᠭᠡᠬᠦ ᠶᠢ ᠬᠡᠪ ᠤᠨ ᠪᠠᠶᠢᠳᠠᠯ ᠪᠣᠯᠭᠠᠵᠤ᠂ ︽ᠭᠠᠷ ᠤᠲᠠᠰᠤ ᠪᠠᠷ ᠢᠶᠠᠨ ᠬᠥᠬᠡᠬᠤᠲᠠ ᠳᠤ ᠤᠴᠢᠷ ᠶᠠᠪᠤᠳᠠᠯ ᠬᠦᠢᠴᠡᠳᠭᠡᠬᠦ︾ ᠶᠢ ᠪᠣᠳᠠᠲᠠᠶ ᠪᠣᠯᠭᠠᠵᠤ᠂ ︽ᠠᠵᠢᠯ ᠶᠠᠪᠤᠳᠠᠯ ᠪᠦᠲᠦᠭᠡᠬᠦ ᠳᠤ ᠬᠥᠮᠦᠨ ᠡᠷᠢᠬᠦ ᠦᠭᠡᠢ᠂ ᠲᠥᠷᠥᠯ ᠵᠦᠢᠯ ᠢ ᠨᠠᠶᠢᠳᠠᠪᠤᠷᠢᠵᠢᠭᠤᠯᠵᠤ ᠴᠢᠳᠠᠬᠤ︾ ᠶᠢ ᠬᠥᠬᠡᠬᠤᠲᠠ ᠶᠢᠨ ᠰᠢᠨ᠎ᠡ ᠨᠡᠷ᠎ᠡ ᠶᠢᠨ ᠬᠠᠭᠤᠳᠠᠰᠤ ᠪᠣᠯᠭᠠᠵᠤ᠂ ᠲᠠᠨᠠᠷ ᠤᠨ ᠢᠶᠠᠨ ᠲᠠᠯ᠎ᠠ ᠨᠤᠲᠤᠭ ᠤᠨ ᠬᠦᠬᠡᠬᠤᠳᠠ ᠳᠤ ᠢᠷᠡᠵᠦ᠂ ᠣᠶᠢᠯᠠᠭᠠᠯᠴᠠᠭ᠎ᠠ ᠪᠠᠨ ᠭᠦᠨᠵᠡᠭᠡᠶᠢᠷᠡᠭᠦᠯᠵᠦ᠂ ᠬᠠᠶᠢᠷ᠎ᠠ ᠰᠡᠳᠬᠢᠯᠭᠡ ᠪᠠᠨ ᠵᠤᠵᠠᠭᠠᠳᠬᠠᠬᠤ ᠶᠢ ᠦᠨᠡᠨ ᠰᠡᠳᠬᠢᠯ ᠠᠴᠠ ᠪᠠᠨ ᠤᠷᠢᠵᠦ ᠪᠠᠶᠢᠨ᠎ᠠ᠂ ᠣᠯᠠᠨ ᠢᠶᠠᠷ ᠢᠶᠠᠨ ᠦᠵᠡᠰᠬᠦᠯᠡᠩᠲᠦ ᠰᠠᠶᠢᠬᠠᠨ ᠬᠥᠬᠡᠬᠤᠲᠠ ᠳᠤ ᠢᠷᠡᠵᠦ᠂ ᠲᠠᠯ᠎ᠠ ᠨᠤᠲᠤᠭ ᠲᠤ ᠦᠨᠳᠦᠰᠦ ᠬᠠᠳᠬᠤᠵᠤ ᠦᠷᠡᠯᠡᠨ ᠵᠢᠮᠢᠰᠯᠠᠵᠤ ᠲᠡᠯᠭᠡᠷᠡᠬᠦ ᠶᠢ ᠴᠢᠩ ᠰᠡᠳᠬᠢᠯ ᠠᠴᠠ ᠪᠠᠨ ᠬᠦᠰᠡᠵᠦ ᠪᠠᠶᠢᠨ᠎ᠠ︕ ᠴᠡᠯᠡᠭᠡᠷ ᠲᠠᠯ᠎ᠠ ᠳᠤ ᠠᠭᠤᠯᠵᠠᠨ ᠤᠴᠠᠷᠠᠬᠤ ᠶᠢ ᠬᠠᠯᠠᠭᠤᠨ ᠢᠶᠠᠷ ᠬᠦᠰᠡᠨ ᠬᠦᠯᠢᠶᠡᠵᠦ ᠪᠠᠶᠢᠨ᠎ᠠ ︕  ᠬᠡᠵᠦ ᠬᠡᠯᠡᠪᠡ᠃      ᠲᠠᠨᠢᠯᠴᠠᠭᠤᠯᠭ᠎ᠠ ᠶᠢᠨ ᠶᠣᠰᠣᠯᠠᠯ ᠢ ᠬᠥᠬᠡᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ ᠯᠢᠦ ᠴᠧᠩ ᠮᠢᠨ ᠡᠷᠬᠢᠯᠡᠵᠦ᠂ ᠬᠦᠬᠡᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠸᠠᠩ ᠬᠤᠤ ᠯᠸᠢ ᠬᠥᠬᠡᠬᠤᠲᠠ ᠶᠢᠨ ᠲᠣᠮᠣ ᠳ᠋ᠠᠶᠢᠲ᠋ᠠ ᠶᠢᠨ ᠲᠤᠬᠠᠢ ᠲᠠᠨᠢᠯᠴᠠᠭᠤᠯᠭ᠎ᠠ ᠬᠢᠵᠦ᠂ ︽ᠬᠥᠬᠡᠬᠤᠲᠠ ᠲᠠᠨ ᠢ ᠵᠤᠷᠢᠬᠵᠢᠭᠤᠯᠤᠨ ᠲᠡᠮᠵᠢᠵᠦ ᠪᠤᠢ  ᠲᠠᠨ ᠤ ᠰᠠᠶᠢᠨ ᠰᠠᠶᠢᠬᠠᠨ ᠢᠷᠡᠭᠡᠳᠦᠶ ᠶᠢᠨ ᠠᠮᠢᠳᠤᠷᠠᠯ ᠴᠢᠨᠢ ᠠᠳᠡ ᠠᠴᠠ ᠴᠤᠬᠴᠠᠯᠠᠬᠳᠠᠨ᠎ᠠ︾ ᠭᠡᠵᠦ ᠠᠵᠤ ᠠᠬᠤᠶᠢᠯᠠᠯᠲᠠᠳ ᠢ ᠤᠷᠢᠵᠤ᠂ ᠬᠤᠲᠠ ᠶᠢᠨ ᠳᠡᠳ᠋ ᠳᠠᠷᠤᠭ᠎ᠠ ᠴᠢᠶᠣᠤ ᠶᠦᠨ ᠯᠢ ︽ᠤᠷᠲᠤ ᠴᠠᠭᠠᠨ ᠬᠡᠷᠡᠮ  ᠪᠤᠯᠤᠨ ᠬᠠᠲᠤᠨ ᠭᠤᠤᠯ  ᠤᠨ ᠵᠤᠯᠭᠠᠯᠴᠠᠬᠰᠠᠨ ᠭᠠᠵᠠᠷ︾ ᠬᠡᠳᠡᠭ ᠢᠶᠠᠷ ᠬᠠᠲᠤᠨ ᠭᠤᠤᠯ ᠤᠨ ᠰᠠᠪᠠ ᠭᠠᠵᠠᠷ ᠤᠨ ᠰᠣᠶᠣᠯ ᠵᠢᠭᠤᠯᠴᠢᠯᠠᠯ ᠤᠨ ᠲᠠᠨᠢᠯᠴᠠᠭᠤᠯᠭ᠎ᠠ ᠬᠢᠵᠡᠶ᠃ ᠱᠠᠨᠳᠦ᠋ᠩ ᠮᠤᠵᠢ ᠶᠢᠨ ᠥᠪᠥᠷ ᠮᠣᠩᠭᠤᠯ ᠤᠨ ᠬᠤᠳᠠᠯᠳᠤᠭᠠᠴᠢᠳ ᠤᠨ ᠡᠪᠯᠡᠯ ᠤᠨ ᠳᠠᠷᠤᠭ᠎ᠠ᠂ ᠴᠢᠩᠳᠣᠤ ᠶᠢᠨ ᠳ᠋ᠢᠩ ᠪᠠᠩ ᠪᠡᠯᠡ ᠣᠷᠣᠭᠤᠯᠤᠯᠲᠠ ᠶᠢᠨ ᠬᠠᠮᠢᠶᠠᠷᠤᠯᠲᠠ ᠶᠢᠨ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠶᠠᠨ ᠳ᠋ᠦᠩ᠂ ᠲᠷᠢᠳ᠋ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠢᠦᠶ ᠳ᠋ᠧ ᠰᠢᠶᠠᠩ ᠦᠭᠡ ᠬᠡᠯᠡᠵᠦ᠂ ᠲᠠᠯ᠎ᠠ ᠨᠤᠲᠤᠭ ᠤᠨ ᠬᠤᠲᠠ ᠶᠢᠨ ᠬᠥᠭᠵᠢᠯᠲᠡ ᠪᠦᠲᠦᠭᠡᠨ ᠪᠠᠶᠢᠭᠤᠯᠤᠯᠲᠠ ᠳᠤ ᠢᠳᠡᠪᠬᠢᠲᠡᠶ ᠪᠠᠷ ᠣᠷᠣᠯᠴᠠᠵᠤ᠂ ᠬᠠᠮᠳᠤ ᠪᠠᠷ ᠬᠦᠭᠵᠢᠵᠦ᠂ ᠬᠠᠮᠳᠤ ᠪᠠᠷ ᠢᠷᠡᠭᠡᠳᠦᠢ ᠪᠠᠨ ᠴᠤᠬᠴᠠᠯᠠᠬᠤ ᠳᠤᠷᠠᠲᠠᠶ ᠭᠡᠵᠦ ᠢᠯᠡᠷᠬᠡᠶᠢᠯᠡᠪᠡ᠃
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号