ᠥᠪᠥᠷ ᠮᠣᠩᠭᠤᠯ ᠤᠨ 2020 ᠣᠨ ᠤ ︽ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠡᠳᠦᠷ︾ ᠤᠨ ᠤᠬᠠᠭᠤᠯᠭ᠎ᠠ ᠶᠢᠨ ᠠᠵᠢᠯᠯᠠᠭ᠎ᠠ ᠵᠢᠩᠬᠢᠨᠢ ᠪᠠᠷ ᠡᠬᠢᠯᠡᠪᠡ
ᠨᠡᠶᠢᠲᠡᠯᠡᠭᠰᠡᠨ ᠴᠠᠭ᠄
2020-08-10
     ᠬᠦᠬᠡᠬᠤᠲᠠ ᠶᠢᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠮᠢᠶᠣᠣ ᠰᠢᠨ︶ 8 ᠳ᠋ᠤᠭᠠᠷ ᠰᠠᠷ᠎ᠠ ᠶᠢᠨ 8 ᠤ ᠡᠳᠦᠷ ᠤᠨ ᠦᠳᠡ ᠶᠢᠨ ᠡᠮᠦᠨ᠎ᠡ᠂ ᠥᠪᠥᠷ ᠮᠣᠩᠭᠤᠯ ᠤᠨ 2020 ᠣᠨ ᠤ ︽ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠡᠳᠦᠷ︾ ᠤᠨ ᠤᠬᠠᠭᠤᠯᠭ᠎ᠠ ᠶᠢᠨ ᠠᠵᠢᠯᠯᠠᠭ᠎ᠠ ᠦᠪᠦᠷ ᠮᠤᠩᠭᠤᠯ ᠤᠨ ᠪᠦᠬᠦ ᠠᠷᠠᠳ ᠤᠨ ᠪᠡᠶ᠎ᠡ ᠴᠢᠬᠢᠷᠠᠭᠵᠢᠭᠤᠯᠬᠤ ᠦᠢᠯᠡᠴᠢᠯᠡᠭᠡᠨ ᠤ ᠲᠥᠪ ᠲᠤ ᠵᠢᠩᠭᠢᠨᠢ ᠪᠠᠷ ᠡᠬᠢᠯᠡᠪᠡ᠃      ᠣᠶᠢᠯᠠᠭᠠᠭᠰᠠᠨ ᠢᠶᠠᠷ᠂ ᠡᠨᠡ ᠵᠢᠯ ᠪᠣᠯ ᠮᠠᠨ ᠤ ᠤᠯᠤᠰ ᠤᠨ 12 ᠳᠠᠬᠢ ︽ᠪᠥᠬᠦ ᠠᠷᠠᠳ ᠤᠨ ᠪᠡᠶ᠎ᠡ ᠴᠢᠬᠢᠷᠠᠭᠵᠢᠭᠤᠯᠬᠤ ᠡᠳᠦᠷ︾ ᠪᠣᠯᠤᠨ᠎ᠠ᠂ ᠭᠤᠤᠯ ᠰᠡᠳᠦᠪ ᠨᠢ ︽ᠪᠥᠬᠦ ᠠᠷᠠᠳ ᠤᠨ ᠪᠡᠶ᠎ᠡ ᠴᠢᠭᠢᠷᠠᠭᠵᠢᠭᠤᠯᠤᠯᠲᠠ ᠶᠢ ᠠᠬᠢᠭᠤᠯᠵᠤ ᠪᠥᠬᠦ ᠲᠠᠯ᠎ᠠ ᠪᠠᠷ ᠴᠢᠨᠡᠭᠡᠯᠢᠭᠵᠢᠬᠦ ᠳᠤ ᠬᠦᠴᠦᠨ ᠨᠡᠮᠡᠷᠢᠯᠡᠶ᠎ᠡ︾᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠦᠢᠯᠡᠴᠢᠯᠡᠭᠡᠨ ᠤ ᠲᠥᠪ ᠨᠢ ᠥᠩᠭᠡᠷᠡᠭᠰᠡᠨ ᠵᠢᠯ ᠤᠨ ᠰᠠᠭᠤᠷᠢᠨ ᠳᠡᠭᠡᠷ᠎ᠡ᠂ ᠠᠵᠢᠯᠯᠠᠭ᠎ᠠ ᠪᠠᠨ ᠳᠡᠰ ᠳᠡᠪᠰᠢᠭᠦᠯᠦᠨ ︽ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠡᠳᠦᠷ︾ ᠤᠨ ᠤᠬᠠᠭᠤᠯᠭ᠎ᠠ ᠶᠢᠨ ᠠᠵᠢᠯᠯᠠᠭ᠎ᠠ ᠶᠢᠨ ᠭᠠᠷᠠᠭ ᠪᠣᠯᠭᠠᠪᠠ᠃ ᠲᠤᠰ ᠤᠳᠠᠭᠠᠨ ᠤ ᠠᠵᠢᠯᠯᠠᠭ᠎ᠠ 8 ᠳ᠋ᠤᠭᠠᠷ ᠰᠠᠷ᠎ᠠ ᠶᠢᠨ 8 ᠤ ᠡᠳᠦᠷ ᠠᠴᠠ 8 ᠳ᠋ᠤᠭᠠᠷ ᠰᠠᠷ᠎ᠠ ᠶᠢᠨ 14 ᠤ ᠡᠳᠦᠷ ᠪᠣᠯᠲᠠᠯ᠎ᠠ  ᠶᠠᠪᠤᠭᠳᠠᠵᠤ᠂ ᠣᠯᠠᠨ ᠲᠦᠮᠡᠨ ᠤ ᠪᠡᠶ᠎ᠡ ᠶᠢᠨ ᠲᠠᠮᠢᠷ ᠤᠨ ᠲᠥᠷᠥᠯ ᠵᠦᠢᠯ ᠤᠨ ᠦᠵᠡᠭᠦᠯᠦᠯᠭᠡ ᠶᠢᠨ ᠲᠣᠭᠯᠠᠯᠲᠠ᠂ ᠪᠡᠶ᠎ᠡ ᠲᠠᠮᠢᠷ ᠤᠨ ᠰᠤᠨᠢᠷᠬᠠᠯᠳᠤ ᠤᠷᠤᠯᠳᠤᠭᠠᠨ᠂ ᠪᠥᠮᠪᠥᠭᠡᠨ ᠤ ᠲᠥᠷᠥᠯ ᠤᠨ  ᠰᠣᠨᠢᠷᠬᠠᠯᠳᠤ ᠪᠣᠭᠤᠮᠲᠠ ᠳᠠᠪᠠᠭ᠋ᠤ ᠤᠷᠤᠯᠳᠤᠭᠠᠨ᠂ ᠲᠠᠮᠢᠷ ᠤᠨ ᠬᠦᠴᠦᠳᠡᠨ ᠤ ᠤᠷᠤᠯᠳᠤᠭᠠᠨ ᠵᠡᠷᠭᠡ  ᠰᠣᠨᠢᠷᠬᠠᠯᠳᠤ ᠬᠦᠳᠡᠯᠭᠡᠭᠡᠨ ᠵᠢᠴᠢ  ᠪᠡᠶ᠎ᠡ ᠮᠠᠬᠠᠪᠣᠳ ᠢ ᠦᠨ᠎ᠡ ᠲᠥᠯᠥᠪᠦᠷᠢ ᠥᠬᠡᠶ ᠰᠢᠯᠭᠠᠨ ᠪᠠᠶᠢᠴᠠᠭᠠᠬᠤ᠂ ᠪᠥᠬᠦ ᠠᠷᠠᠳ ᠤᠨ ᠪᠡᠶ᠎ᠡ ᠴᠢᠬᠢᠷᠠᠭᠵᠢᠭᠤᠯᠬᠤ ᠶᠠᠷᠢᠶᠠᠨ ᠤ ᠲᠠᠩᠬᠢᠮ᠂ ᠲᠠᠯᠠᠪᠤᠷ ᠣᠷᠳᠣᠨ ᠢ ᠦᠨ᠎ᠡ ᠲᠥᠯᠥᠪᠦᠷᠢ ᠥᠬᠡᠶ ᠭᠠᠳᠠᠭᠰᠢ ᠨᠡᠭᠡᠭᠡᠬᠦ ᠵᠡᠷᠭᠡ 10 ᠭᠠᠷᠤᠶ ᠵᠦᠢᠯ ᠤᠨ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠶᠢ ᠲᠣᠬᠢᠷᠠᠭᠤᠯᠵᠤ᠂ ᠠᠭᠤᠯᠭ᠎ᠠ ᠪᠠᠷ ᠪᠠᠶᠠᠯᠢᠭ᠂ ᠬᠡᠯᠪᠡᠷᠢ ᠨᠢ ᠰᠢᠨ᠎ᠡ ᠰᠡᠪᠡᠭᠦᠨ ᠪᠠᠶᠢᠵᠤ᠂ ᠪᠥᠬᠦ ᠠᠷᠠᠳ ᠢᠶᠠᠷ ᠢᠶᠠᠨ ᠪᠡᠶ᠎ᠡ  ᠴᠢᠬᠢᠷᠠᠭᠵᠢᠭᠤᠯᠬᠤ᠂ ᠪᠥᠬᠦ ᠠᠷᠠᠳ ᠢᠶᠠᠷ  ᠢᠶᠠᠨ ᠡᠷᠡᠬᠦᠯ ᠴᠢᠬᠢᠷᠠᠭ ᠪᠠᠶᠢᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠪᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号