ᠠᠷᠪᠠᠨ ᠳᠣᠯᠣᠳᠤᠭᠠᠷ ᠬᠤᠭᠤᠴᠠᠭᠠᠨ ᠤ ᠳᠤᠮᠳᠠᠳᠤ ᠤᠯᠤᠰ · ᠥᠪᠥᠷ ᠮᠣᠩᠭᠤᠯ ᠤᠨ ᠲᠠᠯ᠎ᠠ ᠨᠤᠲᠤᠭ ᠤᠨ ᠰᠣᠶᠣᠯ ᠤᠨ ᠨᠠᠶᠢᠷ ᠡᠬᠢᠯᠡᠪᠡ
ᠨᠡᠶᠢᠲᠡᠯᠡᠭᠰᠡᠨ ᠴᠠᠭ᠄
2020-08-10
     
     8 ᠳ᠋ᠤᠭᠠᠷ ᠰᠠᠷ᠎ᠠ ᠶᠢᠨ 8 ᠤ ᠡᠳᠦᠷ᠂ ᠠᠷᠪᠠᠨ ᠳᠣᠯᠣᠳᠤᠭᠠᠷ ᠬᠤᠭᠤᠴᠠᠭᠠᠨ ᠤ ᠳᠤᠮᠳᠠᠳᠤ ᠤᠯᠤᠰ · ᠥᠪᠥᠷ ᠮᠣᠩᠭᠤᠯ ᠤᠨ ᠲᠠᠯ᠎ᠠ ᠨᠤᠲᠤᠭ ᠤᠨ ᠰᠣᠶᠣᠯ ᠤᠨ ᠨᠠᠶᠢᠷ ᠬᠥᠬᠡᠬᠤᠲᠠ ᠳᠤ ᠵᠢᠭᠰᠠᠭᠠᠯ ᠡᠩᠨᠡᠭᠡ ᠲᠣᠭᠤᠷᠢᠨ ᠲᠣᠭᠯᠠᠬᠤ ᠪᠠ ᠲᠤᠭᠯᠠᠯᠲᠠ ᠭᠠᠷᠭᠠᠬᠤ ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢᠶᠠᠷ ᠡᠬᠢᠯᠡᠪᠡ᠃ ᠡᠨᠡ ᠤᠳᠠᠭᠠᠨ ᠤ ᠲᠠᠯ᠎ᠠ ᠨᠤᠲᠤᠭ ᠤᠨ ᠰᠣᠶᠣᠯ ᠤᠨ ᠨᠠᠶᠢᠷ ᠨᠢ ︽ᠳᠠᠭᠤᠨ ᠤ ᠠᠶᠠᠯᠭᠤ ᠲᠠᠢ ᠨᠠᠢᠮᠠᠨ ᠰᠠᠷ᠎ᠠ — ᠲᠠᠯ᠎ᠠ ᠨᠤᠲᠤᠭ ᠤᠨ ᠳᠠᠭᠤᠤ ᠬᠥᠭᠵᠢᠮ ᠰᠠᠶᠢᠨ ᠰᠠᠶᠢᠬᠠᠨ ᠠᠮᠢᠳᠤᠷᠠᠯ ᠢ ᠴᠣᠭᠴᠠᠯᠠᠨ᠎ᠠ︾ ᠪᠠᠷ ᠭᠤᠤᠯ ᠰᠡᠳᠦᠪ  ᠪᠣᠯᠭᠠᠵᠤ᠂ ᠲᠥᠪᠯᠡᠷᠡᠩᠭᠦᠶ ᠠᠵᠢᠯᠯᠠᠭ᠎ᠠ ᠨᠢ 8 ᠳ᠋ᠤᠭᠠᠷ ᠰᠠᠷ᠎ᠠ ᠶᠢᠨ 20 ᠤ ᠡᠳᠦᠷ ᠪᠣᠯᠲᠠᠯ᠎ᠠ  ᠥᠷᠬᠦᠯᠵᠢᠯᠡᠨ᠎ᠡ᠃ ᠡᠨᠡᠬᠦ ᠬᠤᠭᠤᠴᠠᠭᠠᠨ ᠳᠤ ᠠᠭᠤᠳᠠᠮ ᠲᠠᠯᠠᠪᠠᠶ ᠶᠢᠨ ᠵᠤᠨ ᠤ ᠲᠣᠭᠯᠠᠯᠲᠠ ᠶᠢᠨ ᠨᠠᠶᠢᠷ᠂ ᠲᠠᠯ᠎ᠠ ᠨᠤᠲᠤᠭ ᠤᠨ ᠡᠭᠦᠯᠡ · 2020 ᠣᠨ ᠤ ᠥᠪᠥᠷ ᠮᠣᠩᠭᠤᠯ ᠤᠨ ᠠᠷᠠᠳ ᠤᠨ ᠳᠠᠭᠤᠨ ᠤ ᠤᠷᠤᠯᠳᠤᠭᠠᠨ᠂ ︽ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ︾ ᠭᠤᠤᠯ ᠰᠡᠳᠦᠪᠲᠦ ᠤᠷᠠᠨ ᠵᠢᠷᠤᠭ ᠤᠷᠠᠨ ᠪᠢᠴᠢᠯᠭᠡ ᠬᠡᠷᠡᠯ ᠵᠢᠷᠤᠭ ᠤᠨ ᠦᠵᠡᠰᠬᠦᠯᠡᠩ᠂ ᠮᠣᠩᠭᠤᠯ ᠬᠡᠷ ᠤᠨ ᠪᠠᠶᠠᠰᠬᠤᠯᠠᠩᠲᠤ ᠰᠥᠨᠢ ᠵᠡᠷᠭᠡ 18 ᠵᠦᠢᠯ ᠤᠨ ᠠᠵᠢᠯᠯᠠᠭ᠎ᠠ ᠶᠢ ᠡᠷᠭᠢᠯᠡᠬᠦ ᠪᠣᠯᠤᠨ᠎ᠠ᠃      ᠣᠶᠢᠯᠠᠭᠠᠭᠰᠠᠨ ᠢᠶᠠᠷ᠂ ᠲᠣᠰ ᠬᠤᠭᠤᠴᠠᠭᠠᠨ ᠤ ᠲᠠᠯ᠎ᠠ ᠨᠤᠲᠤᠭ ᠤᠨ ᠰᠣᠶᠣᠯ ᠤᠨ ᠨᠠᠶᠢᠷ ᠨᠢ ᠰᠣᠳᠣᠨ ᠪᠦᠲᠦᠭᠡᠯ ᠢ ᠳᠡᠯᠭᠡᠨ ᠦᠵᠡᠭᠦᠯᠬᠦ᠂ ᠣᠯᠠᠮᠵᠢᠯᠠᠨ ᠵᠠᠯᠭᠠᠮᠵᠢᠯᠠᠬᠤ᠂ ᠰᠣᠶᠣᠯ ᠢ ᠬᠠᠮᠲᠤ ᠪᠠᠷ  ᠰᠣᠨᠢᠷᠬᠠᠬᠤ ᠪᠠ ᠬᠠᠷᠢᠯᠴᠠᠨ ᠰᠣᠯᠢᠯᠴᠠᠵᠤ ᠬᠠᠷᠢᠯᠴᠠᠨ ᠰᠤᠷᠤᠯᠴᠠᠬᠤ  ᠪᠠᠷ ᠭᠤᠤᠯ ᠠᠭᠤᠯᠭ᠎ᠠ ᠪᠣᠯᠭᠠᠵᠤ᠂ ᠣᠯᠠᠨ ᠲᠦᠮᠡᠨ ᠣᠷᠣᠯᠴᠠᠬᠤ᠂ ᠣᠯᠠᠨ ᠲᠠᠯ᠎ᠠ ᠪᠠᠷ ᠬᠠᠷᠢᠯᠴᠠᠨ ᠬᠥᠳᠡᠯᠦᠯᠴᠡᠬᠦ ᠪᠠ ᠠᠶᠢᠮᠠᠭ ᠬᠤᠲᠠ  ᠬᠠᠮᠳᠤᠷᠠᠨ ᠠᠵᠢᠯᠯᠠᠬᠤ ᠶᠢ ᠳᠣᠪᠤᠶᠢᠯᠭᠠᠨ᠎ᠠ᠃ ᠰᠣᠶᠣᠯ ᠤᠨ ᠨᠠᠶᠢᠷ ᠨᠢ ︽ᠲᠦᠪᠯᠡᠷᠡᠭᠦᠯᠬᠦ᠂ ᠲᠠᠷᠠᠬᠠᠢ ᠪᠣᠳᠠᠷᠬᠠᠢ᠂ ᠦᠷᠬᠦᠯᠵᠢᠯᠡᠬᠦᠯᠬᠦ  ︾  ᠠᠷᠭ᠎ᠠ ᠮᠠᠶ᠋ᠢᠭ ᠢᠶᠠᠷ  ᠪᠦᠬᠦ ᠤᠷᠤᠨ ᠤ ᠭᠡᠪᠴᠢᠶᠡᠨ ᠳᠤ  ᠶᠠᠪᠤᠭᠳᠠᠨ᠎ᠠ᠃ ᠤᠤᠯ ᠤᠨ ᠪᠠᠶᠢᠭᠰᠠᠨ 2020 ᠣᠨ ᠤ ᠥᠪᠥᠷ ᠮᠣᠩᠭᠤᠯ ᠤᠨ ᠨᠠᠶᠢᠷᠠᠯ ᠳᠠᠭᠤᠤ ᠶᠢᠨ ᠤᠷᠤᠯᠳᠤᠭᠠᠨ᠂ ︽ᠪᠦᠵᠢᠭ ᠤᠨ ᠬᠥᠭ ᠲᠠᠢ ᠤᠮᠠᠷᠠᠲᠤ ᠬᠢᠯᠢ︾ ᠪᠦᠬᠦ ᠣᠷᠣᠨ ᠤ ᠠᠭᠤᠳᠠᠮ ᠲᠠᠯᠠᠪᠠᠶ ᠶᠢᠨ ᠪᠥᠵᠢᠭ ᠤᠨ ᠤᠷᠤᠯᠳᠤᠭᠠᠨ᠂ ᠳᠠᠭᠤᠨ ᠤ ᠠᠶᠠᠯᠭᠤ ᠲᠠᠢ ᠨᠠᠢᠮᠠᠨ ᠰᠠᠷ᠎ᠠ — ᠡᠭᠦᠯᠡᠨ ᠳᠡᠭᠡᠷᠡᠬᠢ ᠳᠠᠭᠤᠤ ᠶᠢᠨ ᠤᠷᠤᠯᠳᠤᠭᠠᠨ ᠵᠢᠴᠢ ︽ᠲᠠᠯ᠎ᠠ ᠨᠤᠲᠤᠭ ᠲᠤ ᠰᠠᠭᠠᠳᠠᠵᠤ ᠠᠶ᠎ᠠ ᠲᠠᠭᠤᠤ ᠪᠠᠨ ᠬᠠᠩᠭᠢᠨᠠᠭᠤᠯᠬᠤ︾᠂ ᠰᠢᠯᠢᠳᠡᠭ ᠺᠢᠨᠣ᠋ ᠶᠢᠨ ᠦᠵᠡᠭᠦᠯᠦᠯᠭᠡ ᠵᠡᠷᠭᠡ 14  ᠵᠦᠢᠯ ᠤᠨ ᠠᠵᠢᠯᠯᠠᠭ᠎ᠠ ᠶᠢᠨ ᠰᠠᠭᠤᠷᠢᠨ ᠳᠡᠭᠡᠷ᠎ᠡ ᠪᠠᠰᠠ 4  ᠵᠦᠢᠯ ᠤᠨ ᠠᠵᠢᠯᠯᠠᠭ᠎ᠠ  ᠨᠡᠮᠡᠵᠦ᠂ ᠰᠦᠯᠵᠢᠶᠡᠨ ᠳᠡᠭᠡᠷ᠎ᠡ ᠪᠠ ᠠᠬᠤᠢ ᠲᠠᠯᠠᠪᠠᠢ ᠳᠤ ᠢᠵᠢᠯ ᠠᠯᠬᠤᠮ ᠢᠶᠠᠷ ᠶᠠᠪᠤᠭᠳᠠᠭᠤᠯᠤᠨ᠎ᠠ᠃         ᠰᠤᠷᠪᠤᠯᠵᠢᠯᠠᠭᠴᠢ ᠰᠦᠨ ᠶᠤᠸᠠᠢ ᠯᠦᠩ ᠰᠡᠭᠦᠳᠡᠷᠯᠡᠪᠡ
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号