| | 8 ᠳ᠋ᠤᠭᠠᠷ ᠰᠠᠷ᠎ᠠ ᠶᠢᠨ 8 ᠤ ᠡᠳᠦᠷ᠂ ᠠᠷᠪᠠᠨ ᠳᠣᠯᠣᠳᠤᠭᠠᠷ ᠬᠤᠭᠤᠴᠠᠭᠠᠨ ᠤ ᠳᠤᠮᠳᠠᠳᠤ ᠤᠯᠤᠰ · ᠥᠪᠥᠷ ᠮᠣᠩᠭᠤᠯ ᠤᠨ ᠲᠠᠯ᠎ᠠ ᠨᠤᠲᠤᠭ ᠤᠨ | ᠰᠣᠶᠣᠯ ᠤᠨ ᠨᠠᠶᠢᠷ ᠬᠥᠬᠡᠬᠤᠲᠠ ᠳᠤ ᠵᠢᠭᠰᠠᠭᠠᠯ ᠡᠩᠨᠡᠭᠡ ᠲᠣᠭᠤᠷᠢᠨ ᠲᠣᠭᠯᠠᠬᠤ ᠪᠠ ᠲᠤᠭᠯᠠᠯᠲᠠ ᠭᠠᠷᠭᠠᠬᠤ ᠶᠢ ᠬᠠᠷᠢᠯᠴᠠᠨ ᠤᠶᠠᠯᠳᠤᠭᠤᠯᠬᠤ ᠠᠷᠭ᠎ᠠ | ᠮᠠᠶ᠋ᠢᠭ ᠢᠶᠠᠷ ᠡᠬᠢᠯᠡᠪᠡ᠃ ᠡᠨᠡ ᠤᠳᠠᠭᠠᠨ ᠤ ᠲᠠᠯ᠎ᠠ ᠨᠤᠲᠤᠭ ᠤᠨ ᠰᠣᠶᠣᠯ ᠤᠨ ᠨᠠᠶᠢᠷ ᠨᠢ ︽ᠳᠠᠭᠤᠨ ᠤ ᠠᠶᠠᠯᠭᠤ ᠲᠠᠢ ᠨᠠᠢᠮᠠᠨ ᠰᠠᠷ᠎ᠠ — ᠲᠠᠯ᠎ᠠ | ᠨᠤᠲᠤᠭ ᠤᠨ ᠳᠠᠭᠤᠤ ᠬᠥᠭᠵᠢᠮ ᠰᠠᠶᠢᠨ ᠰᠠᠶᠢᠬᠠᠨ ᠠᠮᠢᠳᠤᠷᠠᠯ ᠢ ᠴᠣᠭᠴᠠᠯᠠᠨ᠎ᠠ︾ ᠪᠠᠷ ᠭᠤᠤᠯ ᠰᠡᠳᠦᠪ ᠪᠣᠯᠭᠠᠵᠤ᠂ ᠲᠥᠪᠯᠡᠷᠡᠩᠭᠦᠶ ᠠᠵᠢᠯᠯᠠᠭ᠎ᠠ ᠨᠢ 8 | ᠳ᠋ᠤᠭᠠᠷ ᠰᠠᠷ᠎ᠠ ᠶᠢᠨ 20 ᠤ ᠡᠳᠦᠷ ᠪᠣᠯᠲᠠᠯ᠎ᠠ ᠥᠷᠬᠦᠯᠵᠢᠯᠡᠨᠡ᠃ ᠡᠨᠡᠬᠦ ᠬᠤᠭᠤᠴᠠᠭᠠᠨ ᠳᠤ ᠠᠭᠤᠳᠠᠮ ᠲᠠᠯᠠᠪᠠᠶ ᠶᠢᠨ ᠵᠤᠨ ᠤ ᠲᠣᠭᠯᠠᠯᠲᠠ ᠶᠢᠨ ᠨᠠᠶᠢᠷ᠂ ᠲᠠᠯ᠎ᠠ | ᠨᠤᠲᠤᠭ ᠤᠨ ᠡᠭᠦᠯᠡ · 2020 ᠣᠨ ᠤ ᠥᠪᠥᠷ ᠮᠣᠩᠭᠤᠯ ᠤᠨ ᠠᠷᠠᠳ ᠤᠨ ᠳᠠᠭᠤᠨ ᠤ ᠤᠷᠤᠯᠳᠤᠭᠠᠨ᠂ ︽ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ︾ ᠭᠤᠤᠯ ᠰᠡᠳᠦᠪᠲᠦ ᠤᠷᠠᠨ ᠵᠢᠷᠤᠭ ᠤᠷᠠᠨ ᠪᠢᠴᠢᠯᠭᠡ ᠬᠡᠷᠡᠯ ᠵᠢᠷᠤᠭ ᠤᠨ ᠦᠵᠡᠰᠬᠦᠯᠡᠩ᠂ ᠮᠣᠩᠭᠤᠯ ᠬᠡᠷ ᠤᠨ ᠪᠠᠶᠠᠰᠬᠤᠯᠠᠩᠲᠤ ᠰᠥᠨᠢ ᠵᠡᠷᠭᠡ | 18 ᠵᠦᠢᠯ ᠤᠨ ᠠᠵᠢᠯᠯᠠᠭ᠎ᠠ ᠶᠢ ᠡᠷᠭᠢᠯᠡᠬᠦ ᠪᠣᠯᠤᠨ᠎ᠠ᠃ | ᠣᠶᠢᠯᠠᠭᠠᠭᠰᠠᠨ ᠢᠶᠠᠷ᠂ ᠲᠣᠰ ᠬᠤᠭᠤᠴᠠᠭᠠᠨ ᠤ ᠲᠠᠯ᠎ᠠ ᠨᠤᠲᠤᠭ ᠤᠨ ᠰᠣᠶᠣᠯ ᠤᠨ ᠨᠠᠶᠢᠷ ᠨᠢ ᠰᠣᠳᠣᠨ ᠪᠦᠲᠦᠭᠡᠯ ᠢ ᠳᠡᠯᠭᠡᠨ ᠦᠵᠡᠭᠦᠯᠬᠦ᠂ ᠣᠯᠠᠮᠵᠢᠯᠠᠨ | ᠵᠠᠯᠭᠠᠮᠵᠢᠯᠠᠬᠤ᠂ ᠰᠣᠶᠣᠯ ᠢ ᠬᠠᠮᠲᠤ ᠪᠠᠷ ᠰᠣᠨᠢᠷᠬᠠᠬᠤ ᠪᠠ ᠬᠠᠷᠢᠯᠴᠠᠨ ᠰᠣᠯᠢᠯᠴᠠᠵᠤ ᠬᠠᠷᠢᠯᠴᠠᠨ ᠰᠤᠷᠤᠯᠴᠠᠬᠤ ᠪᠠᠷ ᠭᠤᠤᠯ ᠠᠭᠤᠯᠭ᠎ᠠ ᠪᠣᠯᠭᠠᠵᠤ᠂ ᠣᠯᠠᠨ | ᠲᠦᠮᠡᠨ ᠣᠷᠣᠯᠴᠠᠬᠤ᠂ ᠣᠯᠠᠨ ᠲᠠᠯ᠎ᠠ ᠪᠠᠷ ᠬᠠᠷᠢᠯᠴᠠᠨ ᠬᠥᠳᠡᠯᠦᠯᠴᠡᠬᠦ ᠪᠠ ᠠᠶᠢᠮᠠᠭ ᠬᠤᠲᠠ ᠬᠠᠮᠳᠤᠷᠠᠨ ᠠᠵᠢᠯᠯᠠᠬᠤ ᠶᠢ ᠳᠣᠪᠤᠶᠢᠯᠭᠠᠨ᠎ᠠ᠃ ᠰᠣᠶᠣᠯ ᠤᠨ | ᠨᠠᠶᠢᠷ ᠨᠢ ︽ᠲᠦᠪᠯᠡᠷᠡᠭᠦᠯᠬᠦ᠂ ᠲᠠᠷᠠᠬᠠᠢ ᠪᠣᠳᠠᠷᠬᠠᠢ᠂ ᠦᠷᠬᠦᠯᠵᠢᠯᠡᠬᠦᠯᠬᠦ ︾ ᠠᠷᠭ᠎ᠠ ᠮᠠᠶ᠋ᠢᠭ ᠢᠶᠠᠷ ᠪᠦᠬᠦ ᠤᠷᠤᠨ ᠤ ᠭᠡᠪᠴᠢᠶᠡᠨ ᠳᠤ ᠶᠠᠪᠤᠭᠳᠠᠨ᠎ᠠ᠃ | ᠤᠤᠯ ᠤᠨ ᠪᠠᠶᠢᠭᠰᠠᠨ 2020 ᠣᠨ ᠤ ᠥᠪᠥᠷ ᠮᠣᠩᠭᠤᠯ ᠤᠨ ᠨᠠᠶᠢᠷᠠᠯ ᠳᠠᠭᠤᠤ ᠶᠢᠨ ᠤᠷᠤᠯᠳᠤᠭᠠᠨ᠂ ︽ᠪᠦᠵᠢᠭ ᠤᠨ ᠬᠥᠭ ᠲᠠᠢ ᠤᠮᠠᠷᠠᠲᠤ ᠬᠢᠯᠢ︾ ᠪᠦᠬᠦ | ᠣᠷᠣᠨ ᠤ ᠠᠭᠤᠳᠠᠮ ᠲᠠᠯᠠᠪᠠᠶ ᠶᠢᠨ ᠪᠥᠵᠢᠭ ᠤᠨ ᠤᠷᠤᠯᠳᠤᠭᠠᠨ᠂ ᠳᠠᠭᠤᠨ ᠤ ᠠᠶᠠᠯᠭᠤ ᠲᠠᠢ ᠨᠠᠢᠮᠠᠨ ᠰᠠᠷ᠎ᠠ — ᠡᠭᠦᠯᠡᠨ ᠳᠡᠭᠡᠷᠡᠬᠢ ᠳᠠᠭᠤᠤ ᠶᠢᠨ | ᠤᠷᠤᠯᠳᠤᠭᠠᠨ ᠵᠢᠴᠢ ︽ᠲᠠᠯ᠎ᠠ ᠨᠤᠲᠤᠭ ᠲᠤ ᠰᠠᠭᠠᠳᠠᠵᠤ ᠠᠶ᠎ᠠ ᠲᠠᠭᠤᠤ ᠪᠠᠨ ᠬᠠᠩᠭᠢᠨᠠᠭᠤᠯᠬᠤ︾᠂ ᠰᠢᠯᠢᠳᠡᠭ ᠺᠢᠨᠣ᠋ ᠶᠢᠨ ᠦᠵᠡᠭᠦᠯᠦᠯᠭᠡ ᠵᠡᠷᠭᠡ 14 | ᠵᠦᠢᠯ ᠤᠨ ᠠᠵᠢᠯᠯᠠᠭ᠎ᠠ ᠶᠢᠨ ᠰᠠᠭᠤᠷᠢᠨ ᠳᠡᠭᠡᠷ᠎ᠡ ᠪᠠᠰᠠ 4 ᠵᠦᠢᠯ ᠤᠨ ᠠᠵᠢᠯᠯᠠᠭ᠎ᠠ ᠨᠡᠮᠡᠵᠦ᠂ ᠰᠦᠯᠵᠢᠶᠡᠨ ᠳᠡᠭᠡᠷ᠎ᠡ ᠪᠠ ᠠᠬᠤᠢ ᠲᠠᠯᠠᠪᠠᠢ ᠳᠤ ᠢᠵᠢᠯ | ᠠᠯᠬᠤᠮ ᠢᠶᠠᠷ ᠶᠠᠪᠤᠭᠳᠠᠭᠤᠯᠤᠨ᠎ᠠ᠃ | ᠰᠤᠷᠪᠤᠯᠵᠢᠯᠠᠭᠴᠢ ᠰᠦᠨ ᠶᠤᠸᠠᠢ ᠯᠦᠩ ᠰᠡᠭᠦᠳᠡᠷᠯᠡᠪᠡ |