ᠬᠤᠷᠢᠨᠭᠡᠷ ᠰᠢᠶᠠᠨ ᠤ ᠣᠯᠠᠨ ᠰᠠᠯᠠᠭ᠎ᠠ ᠮᠥᠴᠢᠷ ᠬᠠᠮᠲᠤᠷᠠᠨ ᠲᠦᠷᠭᠡᠨ ᠬᠦᠷᠭᠡᠯᠲᠡ ᠶᠢᠨ ᠪᠠᠷᠠᠭ᠎ᠠ ᠶᠢᠨ ᠭᠦᠢᠯᠭᠡᠭᠡᠨ ᠤ ᠴᠡᠭ ᠲᠤ ᠲᠤᠰᠬᠠᠶ ᠰᠢᠮᠳᠠᠭᠤᠯᠣᠨ ᠪᠠᠶᠢᠴᠠᠭᠠᠯᠲᠠ ᠬᠢᠪᠡ
ᠨᠡᠶᠢᠲᠡᠯᠡᠭᠰᠡᠨ ᠴᠠᠭ᠄
2020-08-11
     ᠲᠦᠷᠭᠡᠨ ᠬᠦᠷᠭᠡᠯᠲᠡ ᠶᠢᠨ ᠪᠠᠷᠠᠭ᠎ᠠ ᠶᠢᠨ ᠭᠦᠢᠯᠭᠡᠭᠡᠨ ᠤ ᠠᠵᠢᠯ ᠲᠥᠷᠥᠯ ᠤᠨ ᠡᠷᠡᠭᠦᠯ ᠬᠠᠮᠠᠭᠠᠯᠠᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠡᠷᠴᠢᠮ ᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠣᠰᠠᠳᠠ᠂ 8 ᠳ᠋ᠤᠭᠠᠷ ᠰᠠᠷ᠎ᠠ ᠶᠢᠨ 4 ᠤ ᠡᠳᠦᠷ᠂ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠶᠡᠷᠦᠩᠬᠡᠶᠢᠯᠡᠭᠰᠡᠨ ᠬᠢᠨᠠᠯᠲᠠ ᠲᠠᠯᠪᠢᠬᠤ ᠬᠠᠤᠯᠢ ᠬᠡᠷᠡᠭᠵᠢᠭᠦᠯᠬᠦ ᠲᠣᠪᠴᠢᠶ᠎ᠠ᠂ ᠡᠪᠡᠳᠴᠢᠨ ᠡᠮᠭᠡᠭ ᠢ ᠬᠢᠵᠠᠭᠠᠷᠯᠠᠬᠤ ᠲᠥᠪ᠂ ᠡᠬᠡ ᠨᠢᠯᠬᠠᠰ ᠤᠨ ᠡᠷᠡᠭᠦᠯ ᠮᠡᠨᠳᠦ ᠶᠢ ᠬᠠᠮᠠᠭᠠᠯᠠᠬᠤ ᠲᠥᠪ ᠵᠡᠷᠭᠡ ᠰᠠᠯᠠᠭ᠎ᠠ ᠮᠥᠴᠢᠷ ᠬᠠᠮᠲᠤᠷᠠᠨ ᠬᠠᠤᠯᠢ ᠬᠡᠷᠡᠭᠵᠢᠭᠦᠯᠵᠦ᠂ ᠬᠠᠷᠢᠶ᠎ᠠ ᠣᠷᠣᠨ ᠤ ᠰᠢᠤᠳᠠᠨ ᠤ ᠲᠦᠷᠭᠡᠨ ᠬᠦᠷᠭᠡᠯᠲᠡ᠂ ᠵᠦᠩ ᠲᠦᠩ ᠲᠦᠷᠭᠡᠨ ᠬᠦᠷᠭᠡᠯᠲᠡ ᠵᠡᠷᠭᠡ ᠣᠯᠠᠨ ᠲᠦᠷᠭᠡᠨ ᠬᠦᠷᠭᠡᠯᠲᠡ ᠶᠢᠨ ᠪᠠᠷᠠᠭ᠎ᠠ ᠶᠢᠨ ᠭᠦᠢᠯᠭᠡᠭᠡᠨ ᠤ ᠴᠡᠭ ᠲᠤ ᠲᠤᠰᠬᠠᠶ ᠬᠢᠨᠠᠯᠲᠠ ᠪᠠᠶᠢᠴᠠᠭᠠᠯᠲᠠ ᠬᠢᠪᠡ᠃      ᠲᠣᠰ ᠤᠳᠠᠭᠠᠨ ᠤ ᠪᠠᠶᠢᠴᠠᠭᠠᠯᠲᠠ ᠳᠤ ᠬᠢᠵᠢᠭ ᠰᠡᠷᠭᠡᠶᠢᠯᠡᠬᠦ ᠡᠳ᠋ ᠪᠣᠳᠠᠰ ᠤᠨ ᠨᠥᠭᠡᠴᠡ᠂ ᠠᠵᠢᠯᠲᠠᠨ ᠠᠵᠢᠯᠴᠢᠨ ᠤ ᠬᠤᠪᠢ ᠬᠥᠮᠦᠨ ᠤ ᠬᠠᠮᠠᠭᠠᠯᠠᠯᠲᠠ᠂ ᠲᠦᠷᠭᠡᠨ ᠬᠦᠷᠭᠡᠯᠲᠡ ᠶᠢᠨ ᠪᠠᠭᠠᠵᠢ ᠬᠡᠷᠡᠭᠰᠡᠯ ᠢ ᠠᠷᠢᠭᠤᠳᠬᠠᠭᠰᠠᠨ ᠪᠠᠶᠢᠳᠠᠯ᠂ ᠬᠡᠷ ᠳᠣᠲᠣᠷᠠᠬᠢ ᠰᠠᠯᠬᠢ ᠨᠡᠪᠲᠡᠷᠡᠭᠦᠯᠦᠨ ᠠᠷᠢᠭᠤᠳᠬᠠᠭᠰᠠᠨ᠂ ᠬᠢᠵᠢᠭ ᠰᠡᠷᠭᠡᠶᠢᠯᠡᠬᠦ ᠮᠡᠳᠡᠯᠭᠡ ᠶᠢᠨ ᠪᠣᠯᠪᠠᠰᠤᠷᠠᠭᠤᠯᠤᠯ ᠥᠷᠨᠢᠭᠦᠯᠦᠭᠰᠡᠨ᠂ ᠲᠦᠷᠭᠡᠨ ᠬᠦᠷᠭᠡᠬᠦ ᠵᠦᠢᠯ ᠢ ᠠᠷᠢᠭᠤᠳᠬᠠᠭᠰᠠᠨ ᠵᠡᠷᠭᠡ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠪᠠ᠃      ᠪᠠᠶᠢᠴᠠᠭᠠᠯᠲᠠ ᠶᠢᠨ ᠳᠤᠮᠳᠠ ᠣᠯᠵᠤ ᠮᠡᠳᠡᠭᠰᠡᠨ ᠠᠰᠠᠭᠤᠳᠠᠯ ᠳᠤ ᠴᠢᠭᠯᠡᠭᠦᠯᠦᠨ᠂ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠭᠴᠢ ᠠᠴᠠ ︽ᠡᠷᠡᠭᠦᠯ ᠬᠠᠮᠠᠭᠠᠯᠠᠯ ᠳᠤ ᠬᠢᠨᠠᠯᠲᠠ ᠲᠠᠯᠪᠢᠬᠤ ᠰᠠᠨᠠᠯ ᠤᠨ ᠪᠢᠴᠢᠭ︾ ᠢ ᠪᠠᠭᠤᠯᠭᠠᠭᠰᠠᠨ ᠪᠥᠭᠡᠳ ᠡᠯ᠎ᠡ ᠡᠳ᠋ ᠪᠠᠷᠠᠭ᠎ᠠ ᠶᠢᠨ ᠭᠦᠢᠯᠭᠡᠭᠡᠨ ᠤ ᠨᠢᠭᠡᠴᠡ ᠶᠢᠨ ᠠᠵᠢᠯᠯᠠᠭᠰᠠᠳ ᠠᠵᠢᠯᠯᠠᠬᠤ ᠳᠤ ᠬᠠᠯᠠᠭᠤᠷᠠᠬᠤ᠂ ᠬᠠᠭᠤᠷᠠᠶ ᠪᠠᠷ ᠬᠠᠨᠢᠶᠠᠬᠤ᠂ ᠲᠠᠮᠢᠷᠳᠠᠬᠤ᠂ ᠬᠠᠮᠠᠷ ᠪᠥᠭᠯᠡᠷᠡᠬᠦ᠂ ᠨᠢᠰᠤ ᠭᠤᠭᠤᠵᠢᠬᠤ᠂ ᠵᠠᠯᠭᠢᠭᠤᠷ ᠡᠪᠡᠳᠬᠦ᠂ ᠰᠠᠭᠤᠯᠭᠠᠬᠤ ᠵᠡᠷᠭᠡ ᠰᠡᠵᠢᠭ ᠲᠠᠢ ᠪᠠᠶᠢᠳᠠᠯ ᠢᠯᠡᠷᠡᠪᠡᠯ᠂ ᠰᠠᠨᠠᠭᠠᠴᠢᠯᠠᠭ᠎ᠠ ᠠᠴᠠ ᠪᠠᠨ ᠨᠢᠭᠡᠴᠡ ᠳᠤ ᠮᠡᠳᠡᠭᠦᠯᠬᠦ ᠶᠢᠨ ᠬᠠᠮᠲᠤ ᠴᠠᠭ ᠲᠤᠬᠠᠶ ᠳᠤᠨᠢ ᠪᠠᠶᠢᠴᠠᠭᠠᠵᠤ ᠡᠮᠴᠢᠯᠡᠭᠦᠯᠬᠦ ᠬᠡᠷᠡᠭᠲᠡᠶ ᠭᠡᠵᠦ ᠰᠠᠨᠠᠭᠤᠯᠣᠭᠰᠠᠨ ᠪᠠᠶᠢᠨ᠎ᠠ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号