ᠬᠥᠬᠡᠬᠤᠲᠠ᠄ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢᠶᠠᠨ ᠰᠠᠶᠢᠵᠢᠷᠠᠭᠤᠯᠵᠤ ᠠᠷᠠᠯᠵᠢᠶᠠᠴᠢᠨ ᠴᠢᠳᠠᠪᠤᠷᠢᠳᠠᠨ ᠢ ᠤᠷᠮᠠᠰᠢᠭᠤᠯᠤᠨ ᠲᠠᠳᠠᠬᠤ ᠰᠢᠨ᠎ᠡ ᠪᠠᠶᠢᠷᠢᠰᠢᠯ ᠢ ᠴᠣᠭᠴᠠᠯᠠᠵᠦ ᠪᠠᠶᠢᠨ᠎ᠠ
ᠨᠡᠶᠢᠲᠡᠯᠡᠭᠰᠡᠨ ᠴᠠᠭ᠄
2020-08-11
      ︽ᠬᠤᠳᠠᠯᠳᠤᠭ᠎ᠠ ᠡᠵᠡᠩᠨᠡᠬᠦ ᠰᠠᠶᠢᠨ ᠰᠠᠶᠢᠬᠠᠨ ᠣᠷᠴᠢᠨ ᠲᠣᠭᠤᠷᠢᠨ ᠨᠢ ᠶᠠᠭ ᠬᠤᠷ᠎ᠠ ᠤᠰᠤ ᠲᠠᠩᠴᠡᠭᠰᠡᠨ ᠲᠡᠩᠰᠤᠭ ᠰᠠᠶᠢᠬᠠᠨ ᠲᠠᠯ᠎ᠠ ᠨᠤᠲᠤᠭ ᠰᠢᠭ᠋ ᠶᠤᠮ᠂ ᠲᠠᠯ᠎ᠠ ᠨᠤᠲᠤᠭ ᠡᠪᠡᠰᠦ ᠪᠡᠯᠴᠢᠭᠡᠷ ᠦᠡᠭ ᠰᠢᠮᠡᠯᠢᠭ ᠯᠡ ᠶᠤᠮ ᠪᠤᠯ ︿ᠠᠵᠢᠨᠠᠶ ᠬᠦᠯᠦᠭ﹀ ᠰᠠᠶ᠋ᠢ ᠲᠠᠪᠬᠢᠨ ᠬᠦᠷᠴᠦ ᠢᠷᠡᠨ᠎ᠡ ᠭᠡᠳᠡᠭ ᠢ ᠪᠢᠳᠡ ᠪᠠᠳᠤ ᠢᠳᠡᠭᠡᠵᠦ ᠪᠠᠶᠢᠨ᠎ᠠ︔ ᠦᠢᠯᠡᠴᠢᠯᠡᠭᠡ ᠨᠢ ᠬᠠᠷᠠᠭᠠᠯᠵᠠᠯ ᠠᠴᠠ ᠨᠡᠩ ᠢᠯᠡᠬᠦᠦ ᠴᠢᠬᠤᠯᠠ᠂ ᠦᠨᠡᠨᠴᠢ ᠢᠲᠡᠭᠡᠮᠵᠢ ᠨᠢ ᠠᠮᠠᠯᠠᠯᠲᠠ ᠠᠴᠠ ᠨᠡᠩ ᠢᠯᠡᠬᠦᠦ ᠴᠢᠬᠤᠯᠠ ᠭᠡᠳᠡᠭ ᠶᠢ ᠪᠢᠳᠡ ᠰᠠᠶᠢᠨ ᠮᠡᠳᠡᠳᠡᠭ ᠪᠤᠯᠬᠤᠷ ᠠᠵᠤ ᠠᠬᠤᠶᠢᠯᠠᠯ ᠤᠨ ᠬᠥᠭᠵᠢᠯᠲᠡ ᠳᠤ ᠪᠦᠬᠦ ᠦᠶᠡᠯᠡᠯ ᠤᠨ ᠬᠤᠭᠤᠴᠠᠭ᠎ᠠ  ᠪᠦᠬᠦᠢ᠂ ᠬᠠᠮᠤᠭ ᠤᠨ ᠳᠥᠭᠦᠮ ᠦᠢᠯᠡᠴᠢᠯᠡᠭᠡ ᠶᠢ ᠪᠦᠬᠦ ᠬᠦᠴᠦᠨ ᠢᠶᠠᠷ ᠢᠶᠠᠨ ᠬᠠᠩᠭᠠᠨ᠎ᠠ︾᠃ 8 ᠰᠠᠷ᠎ᠠ ᠶᠢᠨ 9 ᠤ ᠡᠳᠦᠷ ᠤᠨ ᠦᠳᠡ ᠶᠢᠨ ᠡᠮᠦᠨ᠎ᠡ᠂ ︽ᠦᠵᠡᠰᠬᠦᠯᠡᠩᠲᠦ ᠰᠠᠶᠢᠬᠠᠨ ᠬᠥᠬᠡᠬᠤᠲᠠ ᠲᠠᠯ᠎ᠠ ᠨᠤᠲᠤᠭ ᠤᠨ ᠬᠤᠲᠠ︾ ᠨᠡᠷᠡᠮᠵᠢᠳᠦ ᠬᠥᠬᠡᠬᠤᠲᠠ ︵ᠴᠢᠩᠳᠣᠤ︶ ᠶᠢᠨ ᠠᠵᠤ ᠠᠬᠤᠶᠢᠯᠠᠯᠲᠠᠳ ᠤᠨ ᠴᠢᠩ ᠦᠨᠡᠨᠴᠢ ᠪᠠᠷ ᠶᠠᠷᠢᠯᠴᠠᠬᠤ ᠬᠤᠷᠠᠯ ᠴᠢᠩᠳᠣᠤ ᠶᠢᠨ ᠣᠯᠠᠨ ᠤᠯᠤᠰ ᠤᠨ ᠬᠤᠷᠠᠯ ᠤᠨ ᠲᠥᠪ ᠲᠤ ᠬᠤᠷᠠᠯᠳᠤᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠥᠬᠡᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠯᠢ ᠰᠢᠶᠠ ᠲᠠᠨᠢᠯᠴᠠᠭᠤᠯᠭ᠎ᠠ ᠶᠢᠨ ᠦᠭᠡ ᠬᠡᠯᠡᠬᠦ ᠳᠡᠭᠡᠨ ᠢᠡᠭᠭᠢᠵᠦ ᠬᠡᠯᠡᠭᠰᠡᠨ ᠶᠤᠮ᠃      ᠱᠠᠨᠳᠦ᠋ᠩ ᠮᠤᠵᠢ ᠠᠴᠠ ᠢᠷᠡᠭᠰᠡᠨ 300 ᠰᠢᠬᠠᠮ ᠠᠵᠤ ᠠᠬᠤᠶᠢᠯᠠᠯ ᠤᠨ ᠬᠠᠷᠢᠭᠤᠴᠠᠯᠭᠠᠲᠠᠨ ᠴᠢᠩ ᠦᠨᠡᠨᠴᠢ ᠪᠠᠷ ᠶᠠᠷᠢᠯᠴᠠᠵᠤ᠂ ᠠᠷᠠᠯᠵᠢᠶᠠᠨ ᠤ ᠲᠣᠬᠢᠶᠠᠯ ᠡᠷᠢᠵᠦ᠂ ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠬᠦᠷᠲᠡᠬᠦ ᠪᠠᠷ ᠭᠠᠷ ᠢᠶᠠᠨ ᠬᠥᠲᠥᠯᠥᠯᠴᠡᠨ ᠲᠠᠯ᠎ᠠ ᠨᠤᠲᠤᠭ ᠢᠶᠠᠨ ᠬᠥᠭᠵᠢᠬᠦᠯᠬᠦ ᠶᠡᠭᠡ ᠪᠣᠳᠣᠯᠭ᠎ᠠ ᠶᠢ ᠬᠠᠮᠲᠤ ᠪᠠᠷ ᠰᠦᠪᠡᠭᠴᠢᠯᠡᠵᠦ᠂ ᠬᠠᠮᠲᠤ ᠪᠠᠷ  ᠭᠤᠶᠢᠳᠠ ᠰᠠᠶᠢᠬᠠᠨ ᠢᠷᠡᠭᠡᠳᠦᠶ ᠶᠢ ᠴᠣᠭᠴᠠᠯᠠᠨ᠎ᠠ ᠬᠡᠵᠡᠬᠡᠪᠡ᠃      ᠸᠠᠩ ᠯᠢ ᠰᠢᠶᠠ᠂ ᠠᠵᠤ ᠠᠬᠤᠶᠢᠯᠠᠯ ᠳᠤ ᠪᠦᠷᠢᠨ ᠲᠦᠬᠦᠷ ᠡᠯᠧᠮᠧᠨ᠋ᠲ ᠤᠨ ᠪᠠᠲᠤᠯᠠᠭ᠎ᠠ ᠬᠠᠩᠭᠠᠨ᠎ᠠ᠃ ︽ᠰᠠᠭᠠᠳ ᠥᠬᠡᠶ ᠨᠡᠪᠲᠡᠷᠡᠬᠦ ᠵᠠᠮ︾ ᠢ ᠨᠡᠭᠡᠭᠡᠵᠦ᠂ ︽ᠲᠣᠮᠣ ᠲᠥᠷᠥᠯ ᠵᠦᠢᠯ ᠢ ᠣᠷᠣᠯᠠᠨ ᠬᠦᠢᠴᠡᠳᠭᠡᠬᠦ  ᠦᠢᠯᠡᠴᠢᠯᠡᠭᠡᠨ ᠤ ᠴᠣᠩᠬᠤᠪᠴᠢ︾ ᠶᠢ ᠪᠠᠶᠢᠭᠤᠯᠵᠤ᠂ ᠠᠵᠤ  ᠦᠢᠯᠡᠳᠪᠦᠷᠢ ᠳᠤ ᠬᠡᠷᠡᠭᠯᠡᠬᠦ ᠭᠠᠵᠠᠷ ᠲᠤ ︽ᠭᠠᠵᠠᠷ ᠠᠪᠤᠪᠠᠯ ᠳᠠᠷᠤᠶ ᠠᠵᠢᠯ ᠡᠬᠢᠯᠡᠬᠦᠯᠬᠦ︾ ︽ᠠᠵᠤ ᠠᠬᠤᠶᠢᠯᠠᠯ ᠢ ᠭᠦᠶᠦᠯᠭᠡᠬᠦ ᠥᠬᠡᠶ︾  ᠪᠠᠶᠢᠬᠤ ᠶᠢ ᠪᠥᠬᠦ ᠲᠠᠯ᠎ᠠ ᠪᠠᠷ ᠬᠡᠷᠡᠭᠵᠢᠭᠦᠯᠦᠨ᠎ᠡ᠃ ᠬᠥᠬᠡᠬᠤᠲᠠ ᠶᠢᠨ ᠠᠮᠠᠯᠠᠯᠲᠠ ᠪᠤᠯ᠄ ᠭᠠᠳᠠᠷ ᠣᠷᠣᠨ ᠳᠤ ᠪᠠᠶᠢᠬᠤ ᠲᠥᠷᠥ ᠶᠢᠨ ᠪᠣᠳᠣᠯᠭ᠎ᠠ ᠶᠢ ᠬᠥᠬᠡᠬᠤᠲᠠ ᠳᠤ ᠴᠦ ᠪᠠᠶᠢᠯᠭᠠᠬᠤ ᠪᠤᠯᠭᠠᠨ᠎ᠠ︔ ᠭᠠᠳᠠᠷ ᠣᠷᠣᠨ ᠳᠤ ᠪᠠᠶᠢᠬᠤ ᠦᠭᠡᠢ ᠵᠦᠢᠯᠡᠰ ᠲᠤ ᠠᠵᠤ ᠠᠬᠤᠶᠢᠯᠠᠯ ᠬᠡᠷᠡᠭᠴᠡᠭᠡ ᠲᠠᠢ ᠯᠡ ᠶᠤᠮ ᠪᠣᠯ ᠲᠤᠬᠠᠢ ᠶᠢᠨ ᠭᠠᠵᠠᠷ ᠤᠨ ᠬᠢᠨ ᠬᠠᠤᠯᠢ ᠶᠣᠰᠣᠭᠠᠷ ᠪᠥᠬᠦ ᠬᠦᠴᠦᠨ ᠢᠶᠠᠷ ᠢᠶᠠᠨ ᠳᠡᠮᠵᠢᠵᠦ᠂ ᠠᠵᠤ ᠠᠬᠤᠶᠢᠯᠠᠯ ᠢ ᠬᠥᠬᠡᠬᠤᠲᠠ ᠳᠤ ᠨᠢᠭᠡ ᠰᠡᠳᠬᠢᠯ ᠢᠶᠠᠷ ᠠᠳᠠᠯ ᠦᠢᠯᠡᠰ ᠪᠤᠰᠬᠠᠵᠤ᠂ ᠰᠠᠨᠠᠭ᠎ᠠ ᠠᠮᠤᠷ ᠪᠠᠯᠠ ᠣᠷᠣᠭᠤᠯᠵᠤ᠂ ᠰᠠᠨᠠᠭ᠎ᠠ ᠠᠮᠤᠷ ᠬᠥᠭᠵᠢᠭᠦᠯᠬᠦ ᠪᠤᠯᠭᠠᠬᠤ ᠪᠠᠷ ᠴᠢᠷᠮᠠᠶᠢᠨ᠎ᠠ ᠬᠡᠵᠦ ᠵᠢᠭᠠᠵᠤ ᠭᠠᠷᠭᠠᠪᠠ᠃      ︽ᠪᠢᠳᠡ ᠠᠵᠤ ᠠᠬᠤᠶᠢᠯᠠᠯ ᠤᠨ ᠬᠥᠭᠵᠢᠯᠲᠡ ᠳᠤ ᠪᠥᠬᠦ ᠦᠶᠡᠯᠡᠯ ᠤᠨ ᠬᠤᠭᠤᠴᠠᠭ᠎ᠠ ᠪᠦᠬᠦᠢ᠂ ᠬᠠᠮᠤᠭ ᠤᠨ ᠲᠥᠬᠦᠮ ᠦᠢᠯᠡᠴᠢᠯᠡᠭᠡ ᠪᠦᠬᠦ ᠬᠦᠴᠦᠨ ᠢᠶᠠᠷ ᠢᠶᠠᠨ ᠬᠠᠩᠭᠠᠨ᠎ᠠ︾᠃ ᠸᠠᠩ ᠯᠢ ᠰᠢᠶᠠ ᠬᠡᠯᠡᠬᠦ ᠳᠡᠭᠡᠨ᠂ ᠬᠥᠬᠡᠬᠤᠲᠠ ᠤᠳᠤᠷᠢᠳᠬᠤ ᠺᠠᠳ᠋ᠷ ᠠᠵᠤ ᠠᠬᠤᠶᠢᠯᠠᠯ ᠢ ᠳᠠᠭᠠᠭᠠᠴᠢᠯᠠᠬᠤ ᠲᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠠᠵᠤ ᠠᠬᠤᠶᠢᠯᠠᠯ ᠨᠢ ᠶᠡᠭᠡ ᠪᠤᠶᠤ ᠪᠠᠭ᠎ᠠ ᠪᠠᠶᠢᠬᠰᠠᠨ ᠴᠦ ᠲᠡᠷᠡ᠂ ᠦᠢᠯᠡᠰ ᠪᠣᠰᠬᠠᠭᠴᠢᠳ ᠨᠢ ᠬᠠᠮᠢᠭᠠᠬᠢ  ᠬᠦᠮᠦᠨ ᠪᠠᠶᠢᠬᠰᠠᠨ ᠴᠦ ᠲᠡᠷᠡ᠂  ᠪᠢᠳᠡ ᠦᠨᠡᠨ ᠰᠡᠳᠬᠢᠯ ᠠᠴᠠ ᠪᠠᠨ ᠰᠠᠶᠢᠨ ︽ᠦᠢᠯᠡᠴᠢᠯᠡᠭᠴᠢ︾ ᠪᠠ  ᠰᠠᠶᠢᠨ ︽ᠳᠣᠲᠣᠨᠣ ᠶᠢᠨ ᠬᠥᠮᠦᠨ︾ ᠪᠤᠯᠵᠤ᠂ ᠥᠷᠭᠡᠨ ᠤᠯᠠᠨ ᠠᠵᠤ ᠠᠬᠤᠶᠢᠯᠠᠯ ᠳᠤ ︽ᠬᠡᠷᠡᠭᠴᠡᠭᠡ ᠪᠠᠷ ᠨᠢ ᠦᠢᠯᠡᠴᠢᠯᠡᠭᠡ ᠬᠠᠨᠭ᠍ᠭᠠᠬᠤ︾᠂ ︽ᠴᠠᠭ ᠢᠮᠠᠭᠲᠠ ᠰᠦᠯᠵᠢᠶᠡᠨ ᠤ︾  ᠦᠢᠯᠡᠴᠢᠯᠡᠭᠡ ᠬᠠᠩᠭᠠᠨ᠎ᠠ᠃ ᠪᠦᠬᠦ ᠬᠤᠳᠠ ᠪᠠᠷ ᠢᠶᠠᠨ ᠣᠶᠤᠨᠴᠢ ᠬᠤᠲᠠ ᠶᠢᠨ ᠪᠦᠲᠦᠭᠡᠨ ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ ᠰᠦᠯᠵᠢᠶᠡᠨ ᠳᠡᠭᠡᠷ᠎ᠡ ᠬᠦᠢᠴᠡᠳᠭᠡᠬᠦ᠂ ᠭᠠᠷ ᠤᠳᠠᠰᠤ ᠪᠠᠷ ᠬᠦᠢᠴᠡᠳᠭᠡᠬᠦ ᠶᠢ ᠬᠡᠪ ᠤᠨ ᠪᠠᠶᠢᠳᠠᠯ ᠪᠣᠯᠭᠠᠵᠤ᠂ ︽ᠭᠠᠷ ᠤᠲᠠᠰᠤ ᠪᠠᠷ ᠢᠶᠠᠨ ᠬᠥᠬᠡᠬᠤᠲᠠ ᠳᠤ ᠤᠴᠢᠷ ᠶᠠᠪᠤᠳᠠᠯ ᠬᠦᠢᠴᠡᠳᠭᠡᠬᠦ︾ ᠶᠢ ᠪᠣᠳᠠᠲᠠᠶ ᠶᠠᠪᠤᠳᠠᠯ ᠪᠣᠯᠭᠠᠵᠤ᠂ ︽ᠠᠵᠢᠯ ᠶᠠᠪᠤᠳᠠᠯ ᠪᠦᠲᠦᠭᠡᠬᠦ ᠳᠤ ᠬᠥᠮᠦᠨ ᠡᠷᠢᠬᠦ ᠦᠭᠡᠢ᠂ ᠲᠥᠷᠥᠯ ᠵᠦᠢᠯ ᠢ ᠨᠠᠶᠢᠳᠠᠪᠤᠷᠢᠵᠢᠭᠤᠯᠵᠤ ᠴᠢᠳᠠᠬᠤ︾ ᠶᠢ ᠬᠥᠬᠡᠬᠤᠲᠠ ᠶᠢᠨ ᠰᠢᠨ᠎ᠡ ᠨᠡᠷ᠎ᠡ ᠶᠢᠨ ᠬᠠᠭᠤᠳᠠᠰᠤ ᠪᠣᠯᠭᠠᠨ᠎ᠠ ᠬᠡᠵᠡᠢ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠥᠪ ᠬᠤᠲᠠ ᠪᠣᠯᠤᠭᠰᠠᠨ ᠤ ᠬᠤᠪᠢ ᠳᠤ᠂ ᠣᠶᠢᠷ᠎ᠠ ᠶᠢᠨ ᠵᠢᠯ ᠳᠤ ᠬᠥᠬᠡᠬᠤᠲᠠ ᠨᠢ ᠬᠤᠲᠠ ᠶᠢᠨ ᠲᠥᠪ ᠤᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠠᠶᠢᠵᠢᠷᠠᠭᠤᠯᠬᠤ ᠲᠠᠯ᠎ᠠ ᠪᠠᠷ ᠴᠢᠷᠮᠠᠶᠢᠯᠭ᠎ᠠ ᠭᠠᠷᠭᠠᠬᠰᠠᠨ ᠶᠤᠮ᠃ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠤᠨ ᠬᠢᠨ ᠤ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠰᠢᠢᠳᠪᠦᠷᠢᠯᠡᠬᠦ ᠬᠤᠷᠳᠤᠴᠠ ᠨᠢ ᠲᠦᠷᠭᠡᠳᠴᠦ᠂ ᠡᠷᠴᠢᠮ ᠨᠢ ᠴᠢᠩᠭᠠᠷᠠᠬᠰᠠᠨ ᠪᠦᠭᠡᠳ ᠠᠵᠤ ᠠᠬᠤᠶᠢᠯᠠᠯ ᠴᠦ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠠᠶᠢᠵᠢᠷᠠᠭᠤᠯᠬᠤ ᠡᠷᠡᠰ ᠵᠣᠷᠢᠭ ᠢ ᠦᠨᠡᠨ ᠰᠡᠳᠬᠢᠯ ᠠᠴᠠ ᠪᠠᠨ ᠤᠶᠢᠯᠠᠭᠠᠨ ᠮᠡᠳᠡᠵᠦ᠂ ᠠᠵᠤ ᠠᠬᠤᠶᠢᠯᠠᠯ ᠤᠨ ᠬᠥᠭᠵᠢᠯᠲᠡ ᠪᠠᠨ ᠲᠦᠷᠭᠡᠳᠬᠡᠬᠦ ᠢᠲᠡᠭᠡᠯ ᠵᠣᠷᠢᠭ ᠨᠢ ᠤᠯᠠᠮ ᠢᠶᠠᠷ ᠴᠢᠩᠭᠠᠳᠴᠠᠢ᠃      ︽ᠤᠯᠠᠨ ᠲᠦᠮᠡᠨ ᠢ ᠠᠵᠢᠯ ᠶᠠᠪᠤᠳᠠᠯ ᠪᠦᠲᠦᠭᠡᠬᠦ ᠳᠤ ᠬᠥᠮᠦᠨ ᠡᠷᠢᠬᠦ ᠦᠭᠡᠢ᠂ ᠲᠥᠷᠥᠯ ᠵᠦᠢᠯ ᠢ ᠨᠠᠶᠢᠳᠠᠪᠤᠷᠢᠵᠢᠭᠤᠯᠵᠤ ᠴᠢᠳᠠᠬᠤ ᠪᠤᠯᠭᠠᠨ᠎ᠠ︾᠃ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠯᠢ ᠰᠢᠶᠠ᠂ ᠠᠰᠠᠭᠤᠳᠠᠯ ᠳᠤ ᠰᠢᠭᠤᠳ ᠬᠠᠨᠳᠤᠵᠤ᠂ ᠵᠥᠷᠢᠶ᠎ᠡ ᠳᠤ ᠵᠥᠪ ᠢᠶᠠᠷ ᠬᠠᠨᠳᠤᠵᠤ᠂ ᠲᠡᠷᠢᠭᠦᠨ ᠤ ᠵᠠᠰᠠᠭ ᠤᠨ ᠶᠠᠪᠤᠳᠠᠯ ᠤᠨ ᠣᠷᠴᠢᠨ ᠲᠣᠭᠤᠷᠢᠨ᠂ ᠲᠡᠷᠢᠭᠦᠨ ᠤ ᠡᠵᠡᠩᠨᠡᠯᠲᠡ ᠶᠢᠨ ᠣᠷᠴᠢᠨ ᠲᠣᠭᠤᠷᠢᠨ᠂ ᠲᠡᠷᠢᠬᠦᠨ ᠤ ᠲᠥᠷᠥ ᠶᠢᠨ ᠪᠣᠳᠣᠯᠭ᠎ᠠ ᠶᠢᠨ ᠣᠷᠴᠢᠨ ᠲᠣᠭᠤᠷᠢᠨ ᠢ ᠪᠤᠢ ᠪᠣᠯᠭᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠩ ᠶᠡᠭᠡ ᠡᠷᠴᠢᠮ ᠲᠠᠢ᠂ ᠨᠠᠩ ᠪᠣᠳᠠᠲᠠᠶ ᠠᠷᠭ᠎ᠠ ᠬᠡᠮᠵᠢᠶ᠎ᠡ ᠪᠠᠷ ᠡᠯ᠎ᠡ ᠲᠦᠷᠦᠯ ᠤᠨ ᠠᠵᠢᠯ ᠢᠶᠠᠨ ᠠᠬᠢᠭᠤᠯᠵᠤ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠠᠢᠵᠢᠷᠠᠭᠤᠯᠬᠤ ᠳᠠᠶᠢᠯᠠᠯᠳᠤᠭᠠᠨ ᠢ ᠡᠷᠡᠰ ᠭᠤᠶᠢᠪᠢᠰᠢ ᠥᠬᠡᠶ ᠰᠠᠶᠢᠲᠤᠷ ᠬᠢᠬᠦ ᠬᠡᠷᠡᠭᠳᠡᠢ ᠬᠡᠵᠦ ᠤᠯᠠᠨᠳᠠ  ᠴᠢᠬᠤᠯᠠᠴᠢᠯᠠᠬᠰᠠᠨ ᠪᠠᠶᠢᠨ᠎ᠠ᠃
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号