ᠮᠠᠨ ᠤ ᠬᠤᠲᠠ 25782.3 ᠲᠦᠮᠡᠨ ᠲᠥᠭᠦᠷᠢᠭ ᠤᠨ ᠲᠤᠰᠬᠠᠢ ᠲᠥᠷᠥᠯ ᠤᠨ ᠪᠡᠯᠡ ᠮᠥᠩᠭᠦ ᠪᠠᠭᠤᠯᠭᠠᠵᠤ  ︽ᠠᠮᠤ ᠪᠤᠳᠠᠭᠠᠨ ᠤ ᠠᠮᠤᠷ ᠲᠦᠪᠰᠢᠨ ᠤ ᠢᠨᠵᠧᠨᠧᠷᠢᠩ︾ ᠢ ᠪᠦᠬᠦ ᠬᠦᠴᠦᠨ ᠢᠶᠠᠷ ᠢᠶᠠᠨ ᠪᠠᠲᠤᠯᠠᠪᠠ
ᠨᠡᠶᠢᠲᠡᠯᠡᠭᠰᠡᠨ ᠴᠠᠭ᠄
2020-08-11
      ︵ᠰᠤᠷᠪᠤᠯᠵᠢᠯᠠᠭᠴᠢ ᠰᠦᠩ ᠰᠢᠶᠠᠩ ᠬᠤᠸᠠ︶ ᠣᠷᠴᠢᠮᠬᠠᠨ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠬᠢᠨ ᠡᠯ᠎ᠡ ᠬᠤᠰᠢᠭᠤ ᠰᠢᠶᠠᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶᠠᠨ ᠤ ᠠᠮᠤ ᠪᠤᠳᠠᠭᠠᠨ ᠤ ᠲᠦᠭᠰᠢᠭᠦᠷᠢ ᠶᠢᠨ ᠰᠠᠭᠤᠷᠢ ᠮᠥᠩᠭᠦ ᠶᠢᠨ ᠲᠤᠰᠬᠠᠢ ᠲᠠᠩᠰᠠᠨ ᠡᠷᠦᠭᠡ ᠳᠤ ᠡᠷᠳᠡᠨᠢ ᠰᠢᠰᠢ᠂ ᠰᠢᠷ᠎ᠠ ᠪᠤᠷᠴᠠᠭ ᠪᠣᠯᠣᠨ ᠲᠥᠮᠥᠰᠥ ᠶᠢᠨ ᠠᠷᠠᠳ ᠤᠨ ᠠᠮᠢᠳᠤᠷᠠᠯ ᠤᠨ ᠪᠡᠯᠡ ᠮᠥᠩᠭᠦ ᠨᠡᠶᠢᠲᠡ 25782.3 ᠲᠦᠮᠡᠨ ᠲᠥᠭᠦᠷᠢᠭ ᠢ ᠴᠠᠭ ᠲᠤᠬᠠᠢ ᠳᠤᠨᠢ ᠪᠠᠭᠤᠯᠭᠠᠵᠤ᠂ ᠮᠠᠨ ᠤ ᠬᠤᠲᠠ ᠶᠢᠨ ︽ᠠᠮᠤ ᠪᠤᠳᠠᠭᠠᠨ ᠤ ᠠᠮᠤᠷ ᠲᠦᠪᠰᠢᠨ ᠤ ᠢᠨᠵᠧᠨᠧᠷᠢᠩ︾ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠪᠡ᠃      ᠡᠨᠡ ᠵᠢᠯ ᠠᠴᠠ ᠨᠠᠭᠠᠰᠢ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠬᠢᠨ ᠡᠷᠳᠡᠨᠢ ᠰᠢᠰᠢ᠂ ᠰᠢᠷ᠎ᠠ ᠪᠤᠷᠴᠠᠭ ᠪᠣᠯᠣᠨ ᠲᠥᠮᠥᠰᠥ ᠶᠢᠨ ᠲᠠᠷᠢᠶᠠᠴᠢᠨ ᠤ ᠨᠥᠬᠦᠪᠦᠷᠢ ᠶᠢᠨ ᠲᠤᠬᠠᠢ ᠥᠪᠡᠷᠲᠡᠭᠡᠨ ᠵᠠᠰᠠᠬᠤ ᠣᠷᠣᠨ ᠤ ᠲᠥᠷᠥ ᠶᠢᠨ ᠪᠣᠳᠣᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ 6 ᠳ᠋ᠤᠭᠠᠷ ᠰᠠᠷ᠎ᠠ ᠳᠤ ︽ᠡᠷᠳᠡᠨᠢ ᠰᠢᠰᠢ᠂ ᠰᠢᠷ᠎ᠠ ᠪᠤᠷᠴᠠᠭ ᠪᠣᠯᠣᠨ ᠲᠥᠮᠥᠰᠥ ᠶᠢᠨ ᠲᠠᠷᠢᠶᠠᠴᠢᠨ ᠤ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠬᠦ ᠲᠤᠬᠠᠢ ᠮᠡᠳᠡᠭᠳᠡᠯ︾ ᠢ ᠴᠠᠭ ᠲᠤᠬᠠᠢ ᠳᠤᠨᠢ ᠡᠯ᠎ᠡ ᠬᠤᠰᠢᠭᠤ ᠰᠢᠶᠠᠨ ᠲᠣᠭᠤᠷᠢᠭ ᠲᠤ ᠤᠯᠠᠮᠵᠢᠯᠠᠨ ᠶᠠᠪᠤᠭᠤᠯᠪᠠ᠃ ᠡᠭᠦᠨ ᠤ ᠬᠠᠮᠲᠤ᠂ ᠬᠤᠲᠠ ᠶᠢᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠨ᠂ ᠮᠠᠨ ᠤ ᠬᠤᠲᠠ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠲᠠᠢ ᠬᠠᠮᠲᠤᠷᠠᠨ ︽ᠬᠥᠬᠡᠬᠤᠲᠠ ᠶᠢᠨ ᠡᠷᠳᠡᠨᠢ ᠰᠢᠰᠢ᠂ ᠰᠢᠷ᠎ᠠ ᠪᠤᠷᠴᠠᠭ ᠪᠣᠯᠣᠨ ᠲᠥᠮᠥᠰᠥ ᠶᠢᠨ ᠲᠠᠷᠢᠶᠠᠴᠢᠨ ᠤ ᠨᠦᠬᠦᠪᠦᠷᠢ  ᠪᠠᠶᠢᠭᠤᠯᠬᠤ ᠲᠤᠬᠠᠢ ᠬᠡᠷᠡᠭᠵᠢᠭᠦᠯᠬᠦ ᠲᠥᠰᠥᠯ︾ ᠢ ᠲᠣᠭᠲᠠᠭᠠᠪᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号