| | | ᠠᠷᠠᠳ ᠤᠨ ᠰᠦᠯᠵᠢᠶ᠎ᠡ ᠶᠢᠨ ᠬᠥᠬᠡᠬᠤᠲᠠ ᠶᠢᠨ 8 ᠰᠠᠷ᠎ᠠ ᠶᠢᠨ 10 ᠤ ᠡᠳᠦᠷ ᠤᠨ ᠮᠡᠳᠡᠭᠡ ︵ᠸᠠᠩ ᠾᠦᠢ | ︶ 10 ᠤ ᠡᠳᠦᠷ ᠤᠨ ᠦᠳᠡ ᠶᠢᠨ ᠬᠤᠶᠢᠨ᠎ᠠ᠂ ᠬᠥᠬᠡᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ | ᠬᠥᠬᠡᠬᠤᠲᠠ ᠶᠢᠨ ᠰᠤᠷᠭᠠᠨ ᠬᠥᠮᠦᠵᠢᠯ ᠤᠨ ᠲᠤᠪᠴᠢᠶ᠎ᠠ᠂ ᠬᠥᠬᠡᠬᠤᠲᠠ ᠶᠢᠨ ᠷᠠᠳᠢᠣ᠋ ᠲᠧᠯᠸᠢᠰ ᠬᠤᠷᠢᠶ᠎ᠠ᠂ | ᠬᠥᠬᠡᠬᠤᠲᠠ ᠶᠢᠨ ᠡᠮᠡᠭᠳᠡᠶᠢᠴᠦᠳ ᠤᠨ ᠬᠤᠯᠪᠣᠭᠠᠲᠤ ᠬᠤᠷᠠᠯ᠂ ᠬᠥᠬᠡᠬᠤᠲᠠ ᠶᠢᠨ ᠤᠳᠬ᠎ᠠ ᠤᠷᠠᠯᠢᠭ ᠤᠨ ᠬᠢᠨ ᠤ | ᠬᠤᠯᠪᠣᠭᠠᠲᠤ ᠬᠤᠷᠠᠯ ᠠᠴᠠ ᠬᠠᠮᠲᠤᠷᠠᠨ ᠡᠷᠬᠢᠯᠡᠭᠰᠡᠨ ︽ᠴᠠᠭ ᠦᠶ᠎ᠡ ᠶᠢᠨ ᠳᠠᠭᠤᠤ ᠬᠥᠭᠵᠢᠮ ᠤᠨ ᠰᠢᠨ᠎ᠡ ᠬᠥᠮᠦᠨ ᠢ | ᠬᠦᠮᠦᠵᠢᠬᠦᠯᠵᠦ᠂ ᠪᠠᠭᠠᠴᠤᠳ ᠤᠨ ᠭᠤᠸ᠎ᠠ ᠰᠠᠶᠢᠬᠠᠨ ᠤ ᠬᠥᠮᠦᠵᠢᠯ ᠤᠨ ᠴᠤᠭ ᠵᠢᠪᠬᠤᠭ᠎ᠠ ᠶᠢ ᠲᠡᠯᠭᠡᠨ ᠬᠠᠷᠠᠭᠤᠯᠬᠤ︾ | ᠬᠥᠬᠡᠬᠤᠲᠠ ᠶᠢᠨ ︽ᠪᠠᠭᠠᠴᠤᠳ ᠤᠨ ᠲᠠᠭᠤᠨ︾ ᠰᠦᠯᠵᠢᠶᠡᠨ ᠤ ᠲᠠᠭᠤᠤ ᠶᠢᠨ ᠤᠷᠤᠯᠳᠤᠭᠠᠨ ᠤ ᠡᠬᠢᠯᠡᠯᠲᠡ ᠶᠢᠨ | ᠶᠣᠰᠣᠯᠠᠯ ᠬᠥᠬᠡᠬᠤᠲᠠ ᠶᠢᠨ ᠵᠠᠯᠠᠭᠤᠴᠤᠳ ᠪᠠᠭᠠᠴᠤᠳ ᠤᠨ ᠬᠥᠳᠡᠯᠭᠡᠭᠡᠨ ᠤ ᠲᠥᠪ ᠲᠤ ᠶᠠᠪᠤᠭᠳᠠᠪᠠ᠃ | ᠬᠥᠬᠡᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ ᠶᠦᠨ ᠯᠢ ᠴᠢᠨ | ᠪᠠᠶᠠᠷ ᠤᠨ ᠦᠭᠡ ᠬᠡᠯᠡᠬᠦ ᠳᠡᠭᠡᠨ᠂ ᠡᠨᠡ ᠤᠳᠠᠭᠠᠨ ᠤ ᠬᠥᠬᠡᠬᠤᠲᠠ ᠶᠢᠨ ︽ᠪᠠᠭᠠᠴᠤᠳ ᠤᠨ ᠳᠠᠭᠤᠨ︾ | ᠰᠦᠯᠵᠢᠶᠡᠨ ᠤ ᠳᠠᠭᠤᠤ ᠶᠢᠨ ᠤᠷᠤᠯᠳᠤᠭᠠᠨ ᠳᠤ ᠪᠠᠭᠠᠴᠤᠳ ᠣᠷᠣᠯᠴᠠᠬᠤ᠂ ᠣᠯᠠᠨ ᠲᠠᠯ᠎ᠠ ᠪᠠᠷ ᠬᠠᠷᠢᠯᠴᠠᠨ | ᠲᠠᠶᠢᠴᠢᠯᠠᠨ ᠬᠦᠳᠡᠯᠦᠯᠴᠡᠬᠦ ᠪᠠ ᠬᠤᠰᠢᠭᠤ ᠰᠢᠶᠠᠨ ᠲᠣᠭᠤᠷᠢᠭ ᠬᠤᠯᠪᠣᠭᠠᠯᠠᠨ ᠬᠥᠳᠡᠯᠦᠯᠴᠡᠬᠦ ᠶᠢ | ᠭᠤᠤᠯᠳᠠᠯᠭ᠎ᠠ ᠲᠠᠢ ᠪᠠᠷ ᠳᠣᠪᠤᠶᠢᠯᠭᠠᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠢᠵᠢᠯ | ᠠᠯᠬᠤᠮ ᠢᠶᠠᠷ ᠨᠢᠭᠡᠳᠦᠯᠳᠡᠢ ᠬᠠᠮᠵᠢᠯᠴᠠᠨ ᠶᠠᠪᠤᠬᠳᠠᠭᠤᠯᠵᠤ᠂ ᠰᠣᠶᠣᠯ ᠤᠨ ᠠᠮᠢᠳᠤᠷᠠᠯ ᠤᠨ ᠰᠠᠶᠢᠨ ᠰᠠᠶᠢᠬᠠᠨ ᠠᠭᠤᠷ | ᠠᠮᠢᠰᠬᠤᠯ ᠢ ᠶᠡᠬᠡᠪᠡᠷ ᠪᠤᠢ ᠪᠣᠯᠭᠠᠵᠤ᠂ ︽ᠦᠵᠡᠰᠬᠦᠯᠡᠩᠲᠦ ᠰᠠᠶᠢᠬᠠᠨ ᠬᠥᠬᠡᠬᠤᠳᠠ ᠲᠠᠯ᠎ᠠ ᠨᠤᠲᠤᠭ ᠤᠨ ᠬᠤᠲᠠ | ᠰᠣᠶᠣᠯ ᠤᠨ ᠲᠥᠪ︾ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠪᠠᠭᠠᠴᠤᠳ ᠨᠥᠬᠦᠳ ᠨᠠᠷ ᠣᠷᠭᠢᠯᠤᠮ᠎ᠠ | ᠬᠠᠯᠠᠭᠤᠨ ᠰᠡᠳᠬᠢᠯᠭᠡ ᠪᠠ ᠰᠠᠶᠢᠨ ᠰᠠᠶᠢᠬᠠᠨ ᠣᠶᠤᠨ ᠰᠠᠨᠠᠭᠠᠨ ᠤ ᠳᠦᠷᠰᠦ ᠪᠠᠶᠢᠳᠠᠯ ᠢᠶᠠᠷ ᠤᠷᠤᠯᠳᠤᠭᠠᠨ ᠳᠤ | ᠢᠳᠡᠪᠬᠢᠲᠡᠢ ᠣᠷᠣᠯᠴᠠᠵᠤ᠂ ᠭᠤᠣᠯ ᠬᠥᠭ ᠠᠶᠠᠰ ᠢ ᠬᠠᠩᠭᠢᠨᠠᠭᠤᠯᠵᠤ᠂ ᠢᠳᠡᠪᠬᠢ ᠬᠦᠴᠦᠨ ᠢ ᠪᠠᠳᠠᠷᠠᠭᠤᠯᠵᠤ᠂ ᠴᠠᠭ | ᠦᠶ᠎ᠡ ᠶᠢᠨ ᠳᠠᠭᠤᠤ ᠬᠥᠭᠵᠢᠮ ᠤᠨ ᠰᠢᠨ᠎ᠡ ᠬᠥᠮᠦᠨ ᠪᠣᠯᠬᠤ ᠪᠠᠷ ᠴᠢᠷᠮᠠᠶᠢᠵᠤ᠂ ᠥᠪᠡᠷ ᠤᠨ ᠠᠮᠢᠳᠤᠷᠠᠯ ᠤᠨ | ᠠᠩᠬᠠᠨ ᠤ ᠠᠯᠬᠤᠮ ᠳᠠᠭᠠᠨ ᠬᠤᠪᠢᠰᠬᠠᠯᠳᠤ ᠥᠩᠭᠡ ᠪᠤᠳᠤᠭ ᠢ ᠤᠷᠤᠭᠤᠯᠬᠤ ᠶᠢ ᠬᠦᠰᠡᠵᠦ ᠪᠠᠶᠢᠨ᠎ᠠ ᠬᠡᠪᠡ᠃ | ᠣᠶᠢᠯᠠᠭᠠᠭᠰᠠᠨ ᠢᠶᠠᠷ᠂ ︽ᠴᠠᠭ ᠦᠶ᠎ᠡ ᠶᠢᠨ ᠳᠠᠭᠤᠤ ᠬᠥᠭᠵᠢᠮ ᠤᠨ ᠰᠢᠨ᠎ᠡ ᠬᠥᠮᠦᠨ ᠢ ᠬᠦᠮᠦᠵᠢᠬᠦᠯᠵᠦ᠂ | ᠪᠠᠭᠠᠴᠤᠳ ᠤᠨ ᠭᠤᠸ᠎ᠠ ᠰᠠᠶᠢᠬᠠᠨ ᠤ ᠬᠥᠮᠦᠵᠢᠯ ᠤᠨ ᠴᠤᠭ ᠵᠢᠪᠬᠤᠭ᠎ᠠ ᠶᠢ ᠳᠡᠯᠭᠡᠨ ᠬᠠᠷᠠᠭᠤᠯᠬᠤ︾ ᠪᠠᠷ ᠭᠤᠤᠯ | ᠰᠡᠳᠦᠪ ᠪᠤᠯᠭᠠᠬᠰᠠᠨ ᠪᠠᠭᠠᠴᠤᠳ ᠤᠨ ᠲᠠᠭᠤᠤ ᠶᠢᠨ ᠤᠷᠤᠯᠳᠤᠭᠠᠨ ᠢ ᠬᠡᠤᠬᠡᠳ ᠤᠨ ᠳᠠᠭᠤᠤ ᠶᠢᠨ ᠳᠤᠭᠤᠶᠢᠯᠠᠩ ︵7 | — 13 ᠨᠠᠰᠤ︶᠂ ᠪᠠᠭᠠᠴᠤᠳ ᠤᠨ ᠳᠤᠭᠤᠶᠢᠯᠠᠩ ︵14 — 18 ᠨᠠᠰᠤ︶ ᠭᠡᠵᠦ ᠬᠤᠶᠠᠷ ᠳᠤᠭᠤᠶᠢᠯᠠᠩ | ᠬᠤᠪᠢᠶᠠᠵᠤ᠂ 8 ᠰᠠᠷ᠎ᠠ ᠶᠢᠨ 10 ᠤ ᠡᠳᠦᠷ ᠲᠠᠭᠤᠤ ᠶᠢᠨ ᠤᠷᠤᠯᠳᠤᠭᠠᠨ ᠤ ᠡᠬᠢᠯᠡᠯᠲᠡ ᠶᠢᠨ ᠶᠣᠰᠣᠯᠠᠯ | ᠶᠠᠪᠤᠬᠳᠠᠬᠰᠠᠨ ᠲᠣᠰ ᠡᠳᠦᠷ ᠠᠴᠠ ᠥᠪᠥᠷ ᠮᠣᠩᠭᠤᠯ ᠤᠨ ᠤᠳᠬ᠎ᠠ ᠤᠷᠠᠯᠢᠭ ᠤᠨ ᠰᠦᠯᠵᠢᠶ᠎ᠡ ︵www. | Nmgwyw. Com︶ ᠳᠤ ᠭᠠᠷᠬᠤ ᠪᠤᠶᠤ ᠡᠰᠡᠬᠦᠯ᠎ᠡ ᠥᠪᠥᠷ ᠮᠣᠩᠭᠤᠯ ᠤᠨ ᠤᠳᠬ᠎ᠠ ᠤᠷᠠᠯᠢᠭ ᠤᠨ | ᠰᠦᠯᠵᠢᠶᠡᠨ ᠤ ᠬᠤᠶᠠᠷ ᠬᠡᠮᠵᠢᠯᠳᠦ ᠺᠣᠳ᠋ ᠢ ᠰᠢᠷᠪᠢᠵᠦ ᠰᠦᠯᠵᠢᠶᠡᠨ ᠳᠡᠭᠡᠷ᠎ᠡ ᠨᠡᠷ᠎ᠡ ᠮᠡᠳᠡᠭᠦᠯᠵᠦ ᠪᠤᠯᠤᠨ᠎ᠠ᠂ ᠨᠡᠷ᠎ᠡ | ᠮᠡᠳᠡᠭᠦᠯᠬᠦ ᠠᠰᠠᠭᠤᠨ ᠯᠠᠪᠯᠠᠬᠤ ᠤᠲᠠᠰᠤ᠄ 0471 — 6980843᠃ ᠨᠡᠷ᠎ᠡ ᠮᠡᠳᠡᠭᠦᠯᠬᠦ ᠱᠠᠭᠠᠷᠳᠠᠯᠭ᠎ᠠ᠄ | ᠬᠡᠤᠬᠡᠳ ᠤᠨ ᠲᠠᠭᠤᠤ ᠶᠢᠨ ᠲᠤᠭᠤᠢᠯᠠᠩ᠂ ᠪᠠᠭᠠᠴᠤᠳ ᠤᠨ ᠳᠤᠭᠤᠶᠢᠯᠠᠩ ᠤᠨ ᠬᠢᠨ ᠤ ᠳᠠᠭᠤᠯᠠᠬᠤ ᠠᠷᠭ᠎ᠠ ᠭᠡᠵᠦ | ᠬᠤᠪᠢᠶᠠᠬᠤ ᠥᠬᠡᠶ᠃ ᠨᠡᠷ᠎ᠡ ᠮᠡᠳᠡᠭᠦᠯᠬᠦ ᠸᠢᠳᠢᠣ᠋ ᠳᠠᠭᠤᠤ ᠬᠥᠭᠵᠢᠮ᠂ ᠳᠦᠷᠰᠦ ᠰᠢᠩᠭᠡᠭᠡᠯᠲᠡ ᠨᠢ ᠲᠣᠳᠣᠷᠬᠠᠶ | ᠮᠦᠷᠳᠡᠭᠡᠨ ᠬᠤᠪᠢ ᠬᠥᠮᠦᠨ ᠤ ᠪᠦᠬᠦᠯᠢ ᠴᠤᠬᠴᠠᠳᠤ ᠸᠢᠳᠢᠣ᠋ ᠵᠢᠷᠤᠭ ᠳᠦᠷᠰᠦ ᠪᠠᠶᠢᠵᠤ᠂ ᠸᠢᠳᠢᠣ᠋᠂ ᠳᠠᠭᠤᠨ | ᠳᠠᠪᠲᠠᠮᠵᠢ ᠠᠮᠠᠨ ᠤ ᠬᠡᠯᠪᠡᠷᠢ ᠨᠢ ᠨᠢᠬᠡᠳᠦᠯᠳᠡᠢ᠂ ᠬᠤᠪᠴᠠᠰᠤ ᠵᠠᠰᠠᠯ ᠨᠢ ᠪᠡᠶ᠎ᠡ ᠳᠡᠭᠡᠨ ᠲᠤᠬᠢᠷᠠᠬᠰᠠᠨ᠂ | ᠳᠠᠭᠤᠯᠠᠬᠤ ᠳᠠᠭᠠᠨ ᠦᠭᠡ ᠨᠢ ᠲᠣᠳᠣᠷᠬᠠᠶ ᠪᠠᠶᠢᠵᠤ᠂ ᠡᠬᠡ ᠤᠯᠤᠰ ᠢᠶᠠᠨ ᠬᠠᠶᠢᠷᠠᠯᠠᠬᠤ᠂ ᠨᠤᠲᠤᠭ ᠤᠰᠤ ᠪᠠᠨ | ᠳᠠᠭᠤᠯᠠᠬᠤ᠂ ᠡᠷᠡᠭᠦᠯ ᠰᠠᠷᠠᠭᠤᠯ ᠪᠥᠭᠡᠳ ᠢᠳᠡᠪᠬᠢᠲᠡᠶ ᠥᠭᠡᠳᠡᠯᠡᠨ ᠳᠠᠪᠰᠢᠬᠤ ᠠᠭᠤᠯᠭ᠎ᠠ ᠲᠠᠢ ᠪᠠᠶᠢᠬᠤ ᠬᠡᠷᠡᠭᠳᠡᠢ᠃ | ᠨᠡᠷ᠎ᠡ ᠮᠡᠳᠡᠭᠦᠯᠬᠦ ᠪᠠ ᠠᠩᠬᠠᠨ ᠤ ᠤᠷᠤᠯᠳᠤᠭᠠᠨ 9 ᠰᠠᠷ᠎ᠠ ᠶᠢᠨ 20 ᠤ ᠡᠳᠦᠷ ᠳᠠᠭᠤᠰᠤᠨ᠎ᠠ᠂ | ᠤᠷᠤᠯᠳᠤᠭᠠᠨ ᠤ ᠰᠢᠯᠭᠠᠷᠠᠭᠤᠯᠬᠤ ᠪᠦᠯᠬᠦᠮ ᠢ ᠬᠥᠬᠡᠬᠤᠲᠠ ᠶᠢᠨ ᠳᠠᠭᠤᠤ ᠬᠥᠭᠵᠢᠮᠴᠢᠳ ᠤᠨ ᠨᠡᠶᠢᠭᠡᠮᠯᠢᠭ ᠠᠴᠠ | ᠵᠣᠬᠢᠶᠠᠨ ᠪᠠᠶᠢᠭᠤᠯᠵᠤ᠂ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠠᠷᠭ᠎ᠠ ᠶᠢ ᠠᠪᠴᠤ᠂ ᠨᠡᠷ᠎ᠡ ᠮᠡᠳᠡᠭᠦᠯᠬᠦ ᠮᠠᠲ᠋ᠧᠷᠢᠶᠠᠯ | ᠵᠢᠴᠢ ᠤᠷᠤᠯᠳᠤᠭᠠᠨ ᠳᠤ ᠣᠷᠣᠯᠴᠠᠬᠤ ᠸᠢᠳᠢᠣ᠋ ᠳᠤ ᠠᠩᠬ᠎ᠠ ᠤᠳᠠᠭᠠᠨ ᠤ ᠰᠢᠯᠭᠠᠷᠠᠭᠤᠯᠤᠯᠲᠠ ᠬᠢᠵᠦ᠂ ᠬᠤᠶᠠᠳᠠᠬᠢ | ᠤᠷᠤᠯᠳᠤᠭᠠᠨ ᠳᠤ ᠣᠷᠣᠯᠴᠠᠬᠤ ᠪᠠᠭᠠᠴᠤᠳ ᠤᠨ ᠨᠡᠷᠡᠰ ᠢ 2020 ᠣᠨ ᠤ 9 ᠰᠠᠷ᠎ᠠ ᠶᠢᠨ 21 ᠤ ᠡᠳᠦᠷ ᠠᠴᠠ | ᠡᠮᠦᠨ᠎ᠡ ᠥᠪᠥᠷ ᠮᠣᠩᠭᠤᠯ ᠤᠨ ᠤᠳᠬ᠎ᠠ ᠤᠷᠠᠯᠢᠭ ᠤᠨ ᠰᠦᠯᠵᠢᠶ᠎ᠡ ︵www. Nmgwyw. Com︶ ᠳᠤ | ᠨᠡᠶᠢᠲᠡᠯᠡᠨ᠎ᠡ᠃ | ᠬᠤᠶᠠᠳᠠᠬᠢ ᠤᠷᠤᠯᠳᠤᠭᠠᠨ 9 ᠰᠠᠷ᠎ᠠ ᠶᠢᠨ 26 ᠤ ᠡᠳᠦᠷ ᠠᠴᠠ 28 ᠤ ᠡᠳᠦᠷ ᠪᠣᠯᠲᠠᠯ᠎ᠠ ᠬᠥᠬᠡᠬᠤᠲᠠ ᠶᠢᠨ | ᠵᠠᠯᠠᠭᠤᠴᠤᠳ ᠪᠠᠭᠠᠴᠤᠳ ᠤᠨ ᠬᠥᠳᠡᠯᠭᠡᠭᠡᠨ ᠤ ᠲᠥᠪ ᠲᠤ ᠶᠠᠪᠤᠭᠳᠠᠨ᠎ᠠ᠃ ᠬᠤᠶᠠᠳᠠᠬᠢ ᠤᠷᠤᠯᠳᠤᠭᠠᠨ ᠳᠤ ᠲᠡᠰ | ᠲᠡᠪᠰᠢᠭᠰᠡᠨ ᠤ ᠳᠠᠷᠠᠭ᠎ᠠ ᠬᠡᠦᠬᠡᠳ ᠤᠨ ᠳᠠᠭᠤᠤ ᠶᠢᠨ ᠲᠤᠭᠤᠶᠢᠯᠠᠩ᠂ ᠪᠠᠭᠠᠴᠤᠳ ᠤᠨ ᠳᠤᠭᠤᠶᠢᠯᠠᠩ ᠳᠤ ᠠᠯᠲᠠᠨ | ᠱᠠᠩᠨᠠᠯ ᠲᠤᠰ ᠲᠤᠰ 1 ᠭᠠᠷᠭᠠᠨ᠎ᠠ︔ ᠮᠥᠩᠭᠦᠨ ᠱᠠᠩᠨᠠᠯ ᠲᠤᠰ ᠲᠤᠰ 3 ᠭᠠᠷᠭᠠᠨ᠎ᠠ︔ ᠭᠠᠤᠯᠢᠨ ᠱᠠᠩᠨᠠᠯ ᠲᠤᠰ | ᠲᠤᠰ 6 ᠭᠠᠷᠭᠠᠨ᠎ᠠ︔ ᠰᠢᠯᠢᠳᠡᠭ ᠱᠠᠩᠨᠠᠯ ᠲᠤᠰ ᠲᠤᠰ 10 ᠭᠠᠷᠭᠠᠨ᠎ᠠ᠃ ᠰᠢᠯᠢᠭᠳᠡᠨ ᠡᠯᠰᠡᠭᠳᠡᠭᠰᠡᠨ ᠱᠠᠩᠨᠠᠯ ᠲᠤᠰ | ᠲᠤᠰ 10 ᠭᠠᠷᠭᠠᠨ᠎ᠠ᠂ ᠱᠠᠩᠨᠠᠯ ᠣᠯᠤᠭᠰᠠᠳ ᠲᠤ ᠪᠠᠰᠠ ᠬᠠᠮᠢᠶ᠎ᠠ ᠪᠦᠬᠦᠢ ᠳᠡᠮᠵᠢᠯᠭᠡ ᠦᠵᠡᠬᠦᠯᠵᠦ ᠪᠠᠶᠢᠭ᠎ᠠ | ᠨᠢᠭᠡᠴᠡ ᠠᠴᠠ ᠬᠠᠨᠭ᠍ᠭᠠᠬᠰᠠᠨ ᠮᠢᠩᠭᠠᠨ ᠲᠥᠭᠦᠷᠢᠭ ᠤᠨ ᠥᠷᠲᠡᠭ ᠲᠠᠢ ᠤᠷᠠᠯᠢᠭ ᠤᠨ ᠵᠢᠭᠠᠨ ᠰᠤᠷᠭᠠᠯᠲᠠ ᠶᠢᠨ | ᠪᠡᠯᠡᠭ ᠤᠨ ᠪᠣᠭᠴᠣ ᠦᠭᠭᠦᠨ᠎ᠡ︔ ᠲᠡᠷᠡᠴᠢᠯᠡᠨ ᠬᠠᠮᠢᠶ᠎ᠠ ᠪᠥᠬᠦᠶ ᠳᠠᠭᠤᠤ ᠬᠥᠭᠵᠢᠮᠴᠢᠳ ᠥᠪᠡᠷ ᠤᠨ ᠪᠡᠶ᠎ᠡ ᠳᠤᠨᠢ | ᠲᠠᠭᠠᠷᠠᠭᠤᠯᠤᠨ ᠳᠠᠭᠤᠤ ᠬᠥᠭᠵᠢᠮ ᠵᠣᠬᠢᠶᠠᠵᠤ ᠪᠥᠬᠦ ᠰᠦᠯᠵᠢᠶ᠎ᠡ ᠳᠤ ᠲᠠᠷᠬᠠᠭᠠᠨ᠎ᠠ︔ ᠱᠠᠩᠨᠠᠯ ᠬᠦᠷᠲᠡᠭᠰᠡᠨ | ᠲᠠᠭᠤᠤ ᠶᠢ 2020 ᠣᠨ ᠤ 10 ᠰᠠᠷ᠎ᠠ ᠶᠢᠨ 5 ᠤ ᠡᠳᠦᠷ ᠠᠴᠠ ᠡᠬᠢᠯᠡᠨ ᠥᠪᠥᠷ ᠮᠣᠩᠭᠤᠯ ᠤᠨ ᠤᠳᠬ᠎ᠠ | ᠤᠷᠠᠯᠢᠭ ᠤᠨ ᠰᠦᠯᠵᠢᠶ᠎ᠡ᠂ ᠠᠶ ᠴᠢ ᠤᠷᠠᠯᠢᠭ ᠤᠨ ᠰᠤᠪᠠᠭ᠂ ᠬᠥᠬᠡᠬᠤᠲᠠ ᠶᠢᠨ ᠰᠣᠨᠢᠨ ᠮᠡᠳᠡᠭᠡᠨ ᠤ ᠰᠦᠯᠵᠢᠶ᠎ᠡ | ᠳᠡᠭᠡᠷ᠎ᠡ ᠨᠡᠪᠳᠡᠷᠡᠬᠦᠯᠬᠦ ᠶᠢᠨ ᠬᠠᠮᠳᠤ ᠥᠪᠥᠷ ᠮᠣᠩᠭᠤᠯ ᠤᠨ ᠤᠳᠬ᠎ᠠ ᠤᠷᠠᠯᠢᠭ ᠤᠨ ᠰᠦᠯᠵᠢᠶ᠎ᠡ᠂ ᠬᠥᠬᠡᠬᠤᠲᠠ ᠶᠢᠨ | ᠰᠣᠨᠢᠨ ᠮᠡᠳᠡᠭᠡᠨ ᠤ ᠰᠦᠯᠵᠢᠶ᠎ᠡ ᠠᠴᠠ ᠱᠠᠩᠨᠠᠯ ᠭᠥᠷᠳᠡᠭᠰᠡᠨ ᠫᠷᠤᠭ᠍ᠷᠠᠮ ᠵᠢᠴᠢ ᠱᠠᠩᠨᠠᠯ ᠭᠥᠷᠳᠡᠭᠰᠡᠨ ᠪᠠᠭᠠᠴᠤᠳ ᠢ | ᠲᠤᠰᠬᠠᠶ ᠰᠤᠷᠪᠤᠯᠵᠢᠯᠠᠬᠤ ᠵᠢᠴᠢ ᠤᠳᠬ᠎ᠠ ᠤᠷᠠᠯᠢᠭ ᠤᠨ ᠲᠤᠰᠬᠠᠶ ᠪᠤᠯᠤᠩ ᠳᠤ ᠰᠢᠷᠢᠰ ᠮᠡᠳᠡᠭᠡᠯᠡᠯ ᠬᠢᠨ᠎ᠠ︔ | ᠬᠠᠮᠤᠭ ᠤᠨ ᠰᠠᠶᠢᠨ ᠰᠦᠯᠵᠢᠶᠡᠨ ᠤ ᠰᠢᠯᠢᠳᠡᠭ ᠫᠷᠤᠭ᠍ᠷᠠᠮ ᠢ ᠪᠠᠰᠠ ᠪᠦᠬᠦ ᠤᠯᠤᠰ ᠤᠨ ᠲᠧᠯᠸᠢᠰ ᠬᠤᠷᠢᠶᠠᠨ ᠤ ᠬᠠᠮᠢᠶ᠎ᠠ | ᠪᠦᠬᠦᠢ ᠪᠤᠯᠤᠩ ᠢᠶᠠᠷ ᠨᠡᠪᠳᠡᠷᠡᠭᠦᠯᠦᠨ᠎ᠡ᠃ |