ᠮᠠᠨ ᠤ ᠬᠤᠲᠠ ᠭᠡᠷ ᠤᠨ ᠠᠵᠢᠯ ᠤᠨ ᠦᠢᠯᠡᠴᠢᠯᠡᠭᠡ ᠶᠢᠨ ᠬᠥᠮᠥᠰ ︽ᠢᠲᠡᠭᠡᠯ ᠲᠠᠢ ᠦᠢᠯᠡᠴᠢᠯᠡᠬᠦ ᠺᠠᠷᠲ︾ ᠪᠠᠷᠢᠵᠤ ᠦᠢᠯᠡᠴᠢᠯᠡᠬᠦ ᠶᠢ ᠠᠯᠬᠤᠮ ᠠᠯᠬᠤᠮ ᠢᠶᠠᠷ ᠪᠡᠶᠡᠯᠡᠭᠦᠯᠬᠦ ᠪᠣᠯᠣᠨ᠎ᠠ
ᠨᠡᠶᠢᠲᠡᠯᠡᠭᠰᠡᠨ ᠴᠠᠭ᠄
2020-08-11
      ︵ᠰᠤᠷᠪᠤᠯᠵᠢᠯᠠᠭᠴᠢ ᠴᠡᠪᠡᠷᠬᠠᠰ︶ ᠣᠷᠴᠢᠮᠬᠠᠨ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ  ᠵᠣᠬᠢᠶᠠᠨ ᠪᠠᠶᠢᠭᠤᠯᠤᠨ ᠬᠤᠷᠠᠯᠳᠤᠭᠤᠯᠤᠭᠰᠠᠨ ᠭᠡᠷ ᠤᠨ ᠠᠵᠢᠯ ᠤᠨ ᠦᠢᠯᠡᠴᠢᠯᠡᠭᠡᠨ ᠤ ᠦᠢᠯᠡᠰ ᠤᠨ ᠢᠲᠡᠭᠡᠮᠵᠢ ᠶᠢᠨ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠵᠢᠴᠢ ᠬᠤᠳᠠᠯᠳᠤᠭᠠᠨ ᠤ ᠶᠠᠪᠤᠳᠠᠯ ᠤᠨ ᠶᠠᠮᠤᠨ ᠤ ᠭᠡᠷ ᠤᠨ ᠠᠵᠢᠯ ᠤᠨ ᠦᠢᠯᠡᠴᠢᠯᠡᠭᠡᠨ ᠤ ᠢᠲᠡᠭᠡᠮᠵᠢ ᠶᠢᠨ ᠮᠡᠳᠡᠭᠡ ᠵᠠᠩᠭᠢ ᠶᠢ ᠣᠷᠣᠭᠤᠯᠬᠤ ᠪᠣᠯᠪᠠᠰᠤᠷᠠᠭᠤᠯᠤᠯ ᠤᠨ ᠬᠤᠷᠠᠯ ᠠᠴᠠ ᠣᠶᠢᠯᠠᠭᠠᠭᠰᠠᠨ ᠢᠶᠠᠷ᠂ ᠡᠨᠡ ᠵᠢᠯ ᠮᠠᠨ ᠤ ᠬᠤᠲᠠ ᠭᠡᠷ ᠤᠨ ᠠᠵᠢᠯ ᠤᠨ ᠦᠢᠯᠡᠴᠢᠯᠡᠭᠡᠨ ᠤ ᠢᠲᠡᠭᠡᠮᠵᠢ ᠶᠢᠨ ᠰᠡᠳᠦᠪ ᠤᠨ ᠲᠣᠭᠤᠷᠢᠨ ᠳᠤ 200 ᠠᠴᠠ ᠳᠡᠭᠡᠭᠰᠢ ᠭᠡᠷ ᠤᠨ ᠠᠵᠢᠯ ᠤᠨ ᠦᠢᠯᠡᠴᠢᠯᠡᠭᠡ ᠶᠢᠨ ᠠᠵᠤ ᠠᠬᠤᠶᠢᠯᠠᠯ᠂ 4400 ᠠᠴᠠ ᠳᠡᠭᠡᠭᠰᠢ ᠭᠡᠷ ᠤᠨ ᠠᠵᠢᠯ ᠤᠨ ᠦᠢᠯᠡᠴᠢᠯᠡᠭᠡᠨ ᠤ ᠬᠥᠮᠥᠰ ᠲᠤ ᠪᠣᠯᠪᠠᠰᠤᠷᠠᠭᠤᠯᠤᠯ ᠬᠦᠷᠲᠡᠭᠡᠬᠦ  ᠪᠠᠷ ᠲᠦᠯᠦᠪᠯᠡᠵᠦ ᠪᠠᠶᠢᠬᠤ ᠶᠢᠨ ᠬᠠᠮᠲᠤ᠂ ᠬᠤᠳᠠᠯᠳᠤᠭᠠᠨ ᠤ ᠶᠠᠪᠤᠳᠠᠯ ᠤᠨ ᠶᠠᠮᠤᠨ ᠤ ᠭᠡᠷ ᠤᠨ ᠠᠵᠢᠯ ᠤᠨ ᠦᠢᠯᠡᠴᠢᠯᠡᠭᠡᠨ ᠤ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠳᠤ ᠣᠷᠣᠭᠤᠯᠤᠨ ᠬᠠᠮᠢᠶᠠᠷᠴᠤ᠂ ᠭᠡᠷ ᠤᠨ ᠠᠵᠢᠯ ᠤᠨ ᠦᠢᠯᠡᠴᠢᠯᠡᠭᠡᠨ ᠤ ᠬᠥᠮᠥᠰ ᠭᠡᠷ ᠤᠨ ᠠᠵᠢᠯ ᠤᠨ ᠦᠢᠯᠡᠴᠢᠯᠡᠭᠡᠨ ᠤ ᠢᠲᠡᠭᠡᠯ ᠲᠠᠢ ᠦᠢᠯᠡᠴᠢᠯᠡᠬᠦ ᠺᠠᠷᠲ ᠪᠠᠷᠢᠵᠤ ᠭᠡᠷ ᠲᠤ ᠨᠢ ᠬᠦᠷᠴᠦ ᠦᠢᠯᠡᠴᠢᠯᠡᠬᠦ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ ᠡᠭᠦᠨ ᠤ ᠬᠠᠮᠲᠤ᠂ ᠭᠡᠷ ᠤᠨ ᠠᠵᠢᠯ ᠤᠨ ᠦᠢᠯᠡᠴᠢᠯᠡᠭᠡ ᠶᠢᠨ ᠢᠲᠡᠭᠡᠮᠵᠢ ᠶᠢᠨ ᠨᠡᠶᠢᠭᠡᠮ ᠤᠨ ᠨᠦᠯᠦᠭᠡᠯᠡᠬᠦ ᠬᠦᠴᠦᠨ ᠪᠠ ᠣᠯᠠᠨ ᠲᠦᠮᠡᠨ ᠤ ᠲᠠᠨᠢᠨ ᠮᠡᠳᠡᠷᠡᠬᠦ ᠬᠡᠮᠵᠢᠶ᠎ᠡ ᠶᠢ ᠥᠷᠭᠡᠳᠬᠡᠬᠦ ᠶᠢᠨ ᠲᠥᠯᠥᠭᠡ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ ᠬᠢᠨ ᠲᠧᠯᠸᠢᠰ᠂ ᠰᠣᠨᠢᠨ᠂ ᠤᠬᠤᠷ ᠪᠢᠴᠢᠯᠭᠡ ᠵᠡᠷᠭᠡ ᠡᠯ᠎ᠡ ᠵᠦᠢᠯ ᠤᠨ ᠵᠠᠭᠤᠴᠢᠯᠠᠭᠤᠷ ᠢ ᠠᠰᠢᠭᠯᠠᠵᠤ᠂ ᠨᠡᠶᠢᠭᠡᠮ ᠲᠣᠭᠤᠷᠢᠭ ᠲᠤ ᠭᠦᠨᠵᠡᠭᠡᠶᠢᠷᠡᠨ ᠤᠬᠠᠭᠤᠯᠤᠨ ᠲᠠᠶᠢᠯᠪᠤᠷᠢᠯᠠᠬᠤ ᠵᠡᠷᠭᠡ ᠠᠷᠭ᠎ᠠ ᠮᠠᠶ᠋ᠢᠭ ᠢᠶᠠᠷ ᠬᠤᠳᠠᠯᠳᠤᠭᠠᠨ ᠤ ᠶᠠᠪᠤᠳᠠᠯ ᠤᠨ ᠶᠠᠮᠤᠨ ᠤ ᠭᠡᠷ ᠤᠨ ᠠᠵᠢᠯ ᠤᠨ ᠦᠢᠯᠡᠴᠢᠯᠡᠭᠡᠨ ᠤ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠢ ᠲᠠᠨᠢᠯᠴᠠᠭᠤᠯᠤᠨ᠂ ᠢᠲᠡᠭᠡᠯ ᠲᠠᠢ ᠶᠢ ᠨᠢ ᠭᠦᠬᠢᠭᠦᠯᠦᠨ ᠱᠠᠩᠨᠠᠬᠤ ᠪᠠ ᠢᠲᠡᠭᠡᠯ ᠠᠯᠳᠠᠭᠰᠠᠨ ᠢ ᠵᠠᠯᠬᠠᠭᠠᠨ ᠰᠢᠢᠳᠬᠡᠬᠦ ᠠᠷᠭ᠎ᠠ ᠬᠡᠮᠵᠢᠶ᠎ᠡ ᠶᠢᠨ ᠲᠣᠭᠲᠠᠴᠠ ᠶᠢ ᠤᠬᠠᠭᠤᠯᠵᠤ᠂ ᠬᠡᠷᠡᠭᠯᠡᠭᠴᠢᠳ ᠤᠨ ᠭᠡᠷ ᠤᠨ ᠠᠵᠢᠯ ᠤᠨ ᠦᠢᠯᠡᠴᠢᠯᠡᠭᠡ ᠰᠣᠩᠭᠤᠬᠤ ᠳᠠᠭᠠᠨ ᠭᠡᠷ ᠤᠨ ᠠᠵᠢᠯ ᠤᠨ ᠦᠢᠯᠡᠴᠢᠯᠡᠭᠡᠨ ᠤ ᠢᠲᠡᠭᠡᠮᠵᠢ ᠶᠢᠨ ᠳᠠᠩᠰᠠ ᠲᠠᠢ ᠮᠥᠷᠲᠡᠭᠡᠨ ᠮᠠᠭᠤ ᠲᠡᠮᠳᠡᠭᠯᠡᠯ ᠦᠭᠡᠢ ᠠᠵᠤ ᠠᠬᠤᠶᠢᠯᠠᠯ ᠪᠠ ᠦᠢᠯᠡᠴᠢᠯᠡᠭᠴᠢ ᠶᠢ ᠰᠣᠩᠭᠤᠬᠤ ᠶᠢ ᠵᠣᠷᠢᠭᠵᠢᠭᠤᠯᠤᠨ᠂ ᠭᠡᠷ ᠤᠨ ᠠᠵᠢᠯ ᠤᠨ ᠦᠢᠯᠡᠴᠢᠯᠡᠭᠡᠨ ᠤ ᠠᠵᠤ ᠠᠬᠤᠶᠢᠯᠠᠯ ᠪᠠ ᠦᠢᠯᠡᠴᠢᠯᠡᠭᠡᠨ ᠤ ᠬᠥᠮᠥᠰ ᠢ ᠢᠲᠡᠭᠡᠮᠵᠢ ᠶᠢᠨ ᠳᠠᠩᠰᠠ ᠪᠠᠶᠢᠭᠤᠯᠤᠨ᠂ ᠢᠲᠡᠭᠡᠯ ᠲᠠᠢ ᠵᠢᠷᠤᠮᠵᠢᠭᠰᠠᠨ ᠡᠵᠡᠩᠨᠡᠯᠲᠡ ᠪᠠ ᠦᠢᠯᠡᠴᠢᠯᠡᠭᠡ ᠬᠠᠩᠭᠠᠬᠤ ᠶᠢ ᠵᠢᠯᠣᠭᠤᠳᠣᠨ᠂ ᠭᠡᠷ ᠤᠨ ᠠᠵᠢᠯ ᠤᠨ ᠦᠢᠯᠡᠴᠢᠯᠡᠭᠡ ᠶᠢᠨ ᠠᠵᠤ ᠠᠬᠤᠶᠢᠯᠠᠯ᠂ ᠦᠢᠯᠡᠴᠢᠯᠡᠭᠴᠢ᠂ ᠬᠡᠷᠡᠭᠯᠡᠭᠴᠢ ᠵᠡᠷᠭᠡ ᠨᠡᠶᠢᠭᠡᠮ ᠢᠶᠠᠷ ᠢᠶᠠᠨ ᠣᠷᠣᠯᠴᠠᠭᠰᠠᠨ ᠭᠡᠷ ᠤᠨ ᠠᠵᠢᠯ ᠤᠨ ᠦᠢᠯᠡᠴᠢᠯᠡᠭᠡ ᠶᠢᠨ ᠢᠲᠡᠭᠡᠮᠵᠢ ᠶᠢᠨ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢᠨ ᠠᠭᠤᠷ ᠠᠮᠢᠰᠬᠤᠯ ᠢ ᠪᠣᠢ ᠪᠣᠯᠭᠠᠨ᠂ ᠮᠠᠨ ᠤ ᠬᠤᠲᠠ ᠶᠢᠨ ᠭᠡᠷ ᠤᠨ ᠠᠵᠢᠯ ᠤᠨ ᠦᠢᠯᠡᠴᠢᠯᠡᠭᠡ ᠶᠢᠨ ᠦᠢᠯᠡᠰ ᠤᠨ ᠵᠢᠷᠤᠮᠵᠢᠭᠰᠠᠨ ᠬᠥᠭᠵᠢᠯᠲᠡ ᠶᠢ ᠪᠡᠶᠡᠯᠡᠭᠦᠯᠬᠦ ᠶᠢ ᠵᠣᠷᠢᠪᠠ᠃      ᠲᠠᠨᠢᠯᠴᠠᠭᠤᠯᠤᠭᠰᠠᠨ ᠢᠶᠠᠷ᠂ ᠲᠤᠰ ᠤᠳᠠᠭᠠᠨ ᠤ ᠪᠣᠯᠪᠠᠰᠤᠷᠠᠭᠤᠯᠤᠯ ᠨᠢ ᠮᠠᠨ ᠤ ᠬᠤᠲᠠ ᠶᠢᠨ ᠭᠡᠷ‌‍ᠤᠨ ᠠᠵᠢᠯ ᠤᠨ ᠦᠢᠯᠡᠴᠢᠯᠡᠭᠡᠨ ᠤ ᠢᠲᠡᠭᠡᠮᠵᠢ ᠶᠢᠨ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢᠨ ᠰᠢᠷᠢᠰ ᠠᠵᠢᠯᠯᠠᠭ᠎ᠠ ᠶᠢᠨ ᠨᠢᠭᠡ ᠪᠣᠯᠣᠨ᠎ᠠ᠃ ᠪᠣᠯᠪᠠᠰᠤᠷᠠᠭᠤᠯᠤᠯ ᠤᠨ ᠬᠤᠷᠠᠯ ᠤᠨ ᠳᠠᠷᠠᠭ᠎ᠠ᠂ ᠢᠲᠡᠭᠡᠮᠵᠢ ᠶᠢᠨ ᠳᠠᠩᠰᠠ  ᠪᠠᠶᠢᠭᠤᠯᠤᠭᠰᠠᠨ ᠭᠡᠷ ᠤᠨ ᠠᠵᠢᠯ ᠤᠨ ᠦᠢᠯᠡᠴᠢᠯᠡᠭᠡ ᠶᠢᠨ ᠠᠵᠤ ᠠᠬᠤᠶᠢᠯᠠᠯ ᠳᠤ ᠭᠡᠷ ᠤᠨ ᠠᠵᠢᠯ ‍ᠤᠨ‌ᠦᠢᠯᠡᠴᠢᠯᠡᠭᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠳᠤ ᠨᠤᠲᠤᠭᠰᠢᠭᠰᠠᠨ ᠭᠡᠷᠡᠴᠢ ᠣᠯᠭᠤᠪᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号