ᠬᠥᠬᠡᠬᠤᠲᠠ ᠶᠢᠨ ︽ᠪᠠᠭᠠᠴᠤᠳ ᠤᠨ ᠳᠠᠭᠤᠨ︾ ᠰᠦᠯᠵᠢᠶᠡᠨ ᠤ ᠳᠠᠭᠤᠤ ᠶᠢᠨ ᠤᠷᠤᠯᠳᠤᠭᠠᠨ ᠤ ᠡᠬᠢᠯᠡᠯᠳᠡ ᠶᠢᠨ ᠶᠤᠰᠤᠯᠠᠯ ᠶᠠᠪᠤᠬᠳᠠᠪᠠ
ᠨᠡᠶᠢᠲᠡᠯᠡᠭᠰᠡᠨ ᠴᠠᠭ᠄
2020/8/11
      ᠠᠷᠠᠳ ᠤᠨ ᠰᠦᠯᠵᠢᠶ᠎ᠡ ᠶᠢᠨ ᠬᠥᠬᠡᠬᠤᠲᠠ ᠶᠢᠨ 8 ᠰᠠᠷ᠎ᠠ ᠶᠢᠨ 10 ᠤ ᠡᠳᠦᠷ ᠤᠨ ᠮᠡᠳᠡᠭᠡ ︵ᠸᠠᠩ ᠾᠦᠢ︶ 10 ᠤ ᠡᠳᠦᠷ ᠤᠨ ᠦᠳᠡ ᠶᠢᠨ ᠬᠤᠶᠢᠨ᠎ᠠ᠂ ᠬᠥᠬᠡᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠥᠬᠡᠬᠤᠲᠠ ᠶᠢᠨ ᠰᠤᠷᠭᠠᠨ ᠬᠥᠮᠦᠵᠢᠯ ᠤᠨ ᠲᠤᠪᠴᠢᠶ᠎ᠠ᠂ ᠬᠥᠬᠡᠬᠤᠲᠠ ᠶᠢᠨ ᠷᠠᠳᠢᠣ᠋ ᠲᠧᠯᠸᠢᠰ ᠬᠤᠷᠢᠶ᠎ᠠ᠂ ᠬᠥᠬᠡᠬᠤᠲᠠ ᠶᠢᠨ ᠡᠮᠡᠭᠳᠡᠶᠢᠴᠦᠳ ᠤᠨ ᠬᠤᠯᠪᠣᠭᠠᠲᠤ ᠬᠤᠷᠠᠯ᠂ ᠬᠥᠬᠡᠬᠤᠲᠠ ᠶᠢᠨ ᠤᠳᠬ᠎ᠠ ᠤᠷᠠᠯᠢᠭ ᠤᠨ ᠬᠢᠨ ᠤ ᠬᠤᠯᠪᠣᠭᠠᠲᠤ ᠬᠤᠷᠠᠯ ᠠᠴᠠ ᠬᠠᠮᠲᠤᠷᠠᠨ ᠡᠷᠬᠢᠯᠡᠭᠰᠡᠨ ︽ᠴᠠᠭ ᠦᠶ᠎ᠡ ᠶᠢᠨ ᠳᠠᠭᠤᠤ ᠬᠥᠭᠵᠢᠮ ᠤᠨ ᠰᠢᠨ᠎ᠡ ᠬᠥᠮᠦᠨ ᠢ ᠬᠦᠮᠦᠵᠢᠬᠦᠯᠵᠦ᠂ ᠪᠠᠭᠠᠴᠤᠳ ᠤᠨ ᠭᠤᠸ᠎ᠠ ᠰᠠᠶᠢᠬᠠᠨ ᠤ ᠬᠥᠮᠦᠵᠢᠯ ᠤᠨ ᠴᠤᠭ ᠵᠢᠪᠬᠤᠭ᠎ᠠ ᠶᠢ ᠲᠡᠯᠭᠡᠨ ᠬᠠᠷᠠᠭᠤᠯᠬᠤ︾ ᠬᠥᠬᠡᠬᠤᠲᠠ ᠶᠢᠨ ︽ᠪᠠᠭᠠᠴᠤᠳ ᠤᠨ ᠲᠠᠭᠤᠨ︾ ᠰᠦᠯᠵᠢᠶᠡᠨ ᠤ ᠲᠠᠭᠤᠤ ᠶᠢᠨ ᠤᠷᠤᠯᠳᠤᠭᠠᠨ ᠤ ᠡᠬᠢᠯᠡᠯᠲᠡ ᠶᠢᠨ ᠶᠣᠰᠣᠯᠠᠯ ᠬᠥᠬᠡᠬᠤᠲᠠ ᠶᠢᠨ ᠵᠠᠯᠠᠭᠤᠴᠤᠳ ᠪᠠᠭᠠᠴᠤᠳ ᠤᠨ ᠬᠥᠳᠡᠯᠭᠡᠭᠡᠨ ᠤ ᠲᠥᠪ ᠲᠤ ᠶᠠᠪᠤᠭᠳᠠᠪᠠ᠃      ᠬᠥᠬᠡᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ ᠶᠦᠨ ᠯᠢ ᠴᠢᠨ ᠪᠠᠶᠠᠷ ᠤᠨ ᠦᠭᠡ ᠬᠡᠯᠡᠬᠦ ᠳᠡᠭᠡᠨ᠂ ᠡᠨᠡ ᠤᠳᠠᠭᠠᠨ ᠤ ᠬᠥᠬᠡᠬᠤᠲᠠ ᠶᠢᠨ ︽ᠪᠠᠭᠠᠴᠤᠳ ᠤᠨ ᠳᠠᠭᠤᠨ︾ ᠰᠦᠯᠵᠢᠶᠡᠨ ᠤ ᠳᠠᠭᠤᠤ ᠶᠢᠨ ᠤᠷᠤᠯᠳᠤᠭᠠᠨ ᠳᠤ ᠪᠠᠭᠠᠴᠤᠳ ᠣᠷᠣᠯᠴᠠᠬᠤ᠂ ᠣᠯᠠᠨ ᠲᠠᠯ᠎ᠠ ᠪᠠᠷ ᠬᠠᠷᠢᠯᠴᠠᠨ  ᠲᠠᠶᠢᠴᠢᠯᠠᠨ ᠬᠦᠳᠡᠯᠦᠯᠴᠡᠬᠦ ᠪᠠ ᠬᠤᠰᠢᠭᠤ ᠰᠢᠶᠠᠨ ᠲᠣᠭᠤᠷᠢᠭ ᠬᠤᠯᠪᠣᠭᠠᠯᠠᠨ ᠬᠥᠳᠡᠯᠦᠯᠴᠡᠬᠦ ᠶᠢ ᠭᠤᠤᠯᠳᠠᠯᠭ᠎ᠠ ᠲᠠᠢ ᠪᠠᠷ ᠳᠣᠪᠤᠶᠢᠯᠭᠠᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠢᠵᠢᠯ ᠠᠯᠬᠤᠮ ᠢᠶᠠᠷ ᠨᠢᠭᠡᠳᠦᠯᠳᠡᠢ ᠬᠠᠮᠵᠢᠯᠴᠠᠨ ᠶᠠᠪᠤᠬᠳᠠᠭᠤᠯᠵᠤ᠂ ᠰᠣᠶᠣᠯ ᠤᠨ ᠠᠮᠢᠳᠤᠷᠠᠯ ᠤᠨ ᠰᠠᠶᠢᠨ ᠰᠠᠶᠢᠬᠠᠨ ᠠᠭᠤᠷ ᠠᠮᠢᠰᠬᠤᠯ ᠢ ᠶᠡᠬᠡᠪᠡᠷ ᠪᠤᠢ ᠪᠣᠯᠭᠠᠵᠤ᠂ ︽ᠦᠵᠡᠰᠬᠦᠯᠡᠩᠲᠦ ᠰᠠᠶᠢᠬᠠᠨ ᠬᠥᠬᠡᠬᠤᠳᠠ ᠲᠠᠯ᠎ᠠ ᠨᠤᠲᠤᠭ ᠤᠨ ᠬᠤᠲᠠ ᠰᠣᠶᠣᠯ ᠤᠨ ᠲᠥᠪ ︾ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠪᠠᠭᠠᠴᠤᠳ ᠨᠥᠬᠦᠳ ᠨᠠᠷ ᠣᠷᠭᠢᠯᠤᠮ᠎ᠠ ᠬᠠᠯᠠᠭᠤᠨ ᠰᠡᠳᠬᠢᠯᠭᠡ ᠪᠠ ᠰᠠᠶᠢᠨ ᠰᠠᠶᠢᠬᠠᠨ ᠣᠶᠤᠨ ᠰᠠᠨᠠᠭᠠᠨ ᠤ ᠳᠦᠷᠰᠦ ᠪᠠᠶᠢᠳᠠᠯ ᠢᠶᠠᠷ ᠤᠷᠤᠯᠳᠤᠭᠠᠨ ᠳᠤ ᠢᠳᠡᠪᠬᠢᠲᠡᠢ ᠣᠷᠣᠯᠴᠠᠵᠤ᠂ ᠭᠤᠣᠯ ᠬᠥᠭ ᠠᠶᠠᠰ ᠢ ᠬᠠᠩᠭᠢᠨᠠᠭᠤᠯᠵᠤ᠂ ᠢᠳᠡᠪᠬᠢ ᠬᠦᠴᠦᠨ ᠢ ᠪᠠᠳᠠᠷᠠᠭᠤᠯᠵᠤ᠂ ᠴᠠᠭ ᠦᠶ᠎ᠡ ᠶᠢᠨ ᠳᠠᠭᠤᠤ ᠬᠥᠭᠵᠢᠮ ᠤᠨ ᠰᠢᠨ᠎ᠡ ᠬᠥᠮᠦᠨ ᠪᠣᠯᠬᠤ ᠪᠠᠷ ᠴᠢᠷᠮᠠᠶᠢᠵᠤ᠂ ᠥᠪᠡᠷ ᠤᠨ ᠠᠮᠢᠳᠤᠷᠠᠯ ᠤᠨ ᠠᠩᠬᠠᠨ ᠤ ᠠᠯᠬᠤᠮ ᠳᠠᠭᠠᠨ ᠬᠤᠪᠢᠰᠬᠠᠯᠳᠤ ᠥᠩᠭᠡ ᠪᠤᠳᠤᠭ ᠢ ᠤᠷᠤᠭᠤᠯᠬᠤ ᠶᠢ ᠬᠦᠰᠡᠵᠦ ᠪᠠᠶᠢᠨ᠎ᠠ ᠬᠡᠪᠡ᠃      ᠣᠶᠢᠯᠠᠭᠠᠭᠰᠠᠨ ᠢᠶᠠᠷ᠂ ︽ᠴᠠᠭ ᠦᠶ᠎ᠡ ᠶᠢᠨ ᠳᠠᠭᠤᠤ ᠬᠥᠭᠵᠢᠮ ᠤᠨ ᠰᠢᠨ᠎ᠡ ᠬᠥᠮᠦᠨ ᠢ ᠬᠦᠮᠦᠵᠢᠬᠦᠯᠵᠦ᠂ ᠪᠠᠭᠠᠴᠤᠳ ᠤᠨ ᠭᠤᠸ᠎ᠠ ᠰᠠᠶᠢᠬᠠᠨ ᠤ ᠬᠥᠮᠦᠵᠢᠯ ᠤᠨ ᠴᠤᠭ ᠵᠢᠪᠬᠤᠭ᠎ᠠ ᠶᠢ ᠳᠡᠯᠭᠡᠨ ᠬᠠᠷᠠᠭᠤᠯᠬᠤ︾ ᠪᠠᠷ ᠭᠤᠤᠯ ᠰᠡᠳᠦᠪ ᠪᠤᠯᠭᠠᠬᠰᠠᠨ ᠪᠠᠭᠠᠴᠤᠳ ᠤᠨ ᠲᠠᠭᠤᠤ ᠶᠢᠨ ᠤᠷᠤᠯᠳᠤᠭᠠᠨ ᠢ ᠬᠡᠤᠬᠡᠳ ᠤᠨ ᠳᠠᠭᠤᠤ ᠶᠢᠨ ᠳᠤᠭᠤᠶᠢᠯᠠᠩ ︵7 — 13 ᠨᠠᠰᠤ︶᠂ ᠪᠠᠭᠠᠴᠤᠳ ᠤᠨ ᠳᠤᠭᠤᠶᠢᠯᠠᠩ ︵14 — 18 ᠨᠠᠰᠤ︶ ᠭᠡᠵᠦ ᠬᠤᠶᠠᠷ ᠳᠤᠭᠤᠶᠢᠯᠠᠩ ᠬᠤᠪᠢᠶᠠᠵᠤ᠂ 8 ᠰᠠᠷ᠎ᠠ ᠶᠢᠨ 10 ᠤ ᠡᠳᠦᠷ ᠲᠠᠭᠤᠤ ᠶᠢᠨ ᠤᠷᠤᠯᠳᠤᠭᠠᠨ ᠤ ᠡᠬᠢᠯᠡᠯᠲᠡ ᠶᠢᠨ ᠶᠣᠰᠣᠯᠠᠯ ᠶᠠᠪᠤᠬᠳᠠᠬᠰᠠᠨ ᠲᠣᠰ ᠡᠳᠦᠷ ᠠᠴᠠ ᠥᠪᠥᠷ ᠮᠣᠩᠭᠤᠯ ᠤᠨ ᠤᠳᠬ᠎ᠠ ᠤᠷᠠᠯᠢᠭ ᠤᠨ ᠰᠦᠯᠵᠢᠶ᠎ᠡ ︵www. Nmgwyw. Com︶ ᠳᠤ ᠭᠠᠷᠬᠤ ᠪᠤᠶᠤ ᠡᠰᠡᠬᠦᠯ᠎ᠡ ᠥᠪᠥᠷ ᠮᠣᠩᠭᠤᠯ ᠤᠨ ᠤᠳᠬ᠎ᠠ ᠤᠷᠠᠯᠢᠭ ᠤᠨ ᠰᠦᠯᠵᠢᠶᠡᠨ ᠤ ᠬᠤᠶᠠᠷ ᠬᠡᠮᠵᠢᠯᠳᠦ ᠺᠣᠳ᠋ ᠢ ᠰᠢᠷᠪᠢᠵᠦ ᠰᠦᠯᠵᠢᠶᠡᠨ ᠳᠡᠭᠡᠷ᠎ᠡ ᠨᠡᠷ᠎ᠡ ᠮᠡᠳᠡᠭᠦᠯᠵᠦ ᠪᠤᠯᠤᠨ᠎ᠠ᠂ ᠨᠡᠷ᠎ᠡ ᠮᠡᠳᠡᠭᠦᠯᠬᠦ ᠠᠰᠠᠭᠤᠨ ᠯᠠᠪᠯᠠᠬᠤ ᠤᠲᠠᠰᠤ᠄ 0471 — 6980843᠃ ᠨᠡᠷ᠎ᠡ ᠮᠡᠳᠡᠭᠦᠯᠬᠦ ᠱᠠᠭᠠᠷᠳᠠᠯᠭ᠎ᠠ᠄ ᠬᠡᠤᠬᠡᠳ ᠤᠨ ᠲᠠᠭᠤᠤ ᠶᠢᠨ ᠲᠤᠭᠤᠢᠯᠠᠩ᠂ ᠪᠠᠭᠠᠴᠤᠳ ᠤᠨ ᠳᠤᠭᠤᠶᠢᠯᠠᠩ ᠤᠨ ᠬᠢᠨ ᠤ ᠳᠠᠭᠤᠯᠠᠬᠤ ᠠᠷᠭ᠎ᠠ ᠭᠡᠵᠦ ᠬᠤᠪᠢᠶᠠᠬᠤ ᠥᠬᠡᠶ᠃ ᠨᠡᠷ᠎ᠡ ᠮᠡᠳᠡᠭᠦᠯᠬᠦ ᠸᠢᠳᠢᠣ᠋ ᠳᠠᠭᠤᠤ ᠬᠥᠭᠵᠢᠮ᠂ ᠳᠦᠷᠰᠦ ᠰᠢᠩᠭᠡᠭᠡᠯᠲᠡ ᠨᠢ ᠲᠣᠳᠣᠷᠬᠠᠶ ᠮᠦᠷᠳᠡᠭᠡᠨ ᠬᠤᠪᠢ ᠬᠥᠮᠦᠨ ᠤ ᠪᠦᠬᠦᠯᠢ ᠴᠤᠬᠴᠠᠳᠤ ᠸᠢᠳᠢᠣ᠋ ᠵᠢᠷᠤᠭ ᠳᠦᠷᠰᠦ ᠪᠠᠶᠢᠵᠤ᠂ ᠸᠢᠳᠢᠣ᠋᠂ ᠳᠠᠭᠤᠨ ᠳᠠᠪᠲᠠᠮᠵᠢ ᠠᠮᠠᠨ ᠤ ᠬᠡᠯᠪᠡᠷᠢ ᠨᠢ ᠨᠢᠬᠡᠳᠦᠯᠳᠡᠢ᠂ ᠬᠤᠪᠴᠠᠰᠤ ᠵᠠᠰᠠᠯ ᠨᠢ ᠪᠡᠶ᠎ᠡ ᠳᠡᠭᠡᠨ ᠲᠤᠬᠢᠷᠠᠬᠰᠠᠨ᠂ ᠳᠠᠭᠤᠯᠠᠬᠤ ᠳᠠᠭᠠᠨ ᠦᠭᠡ ᠨᠢ ᠲᠣᠳᠣᠷᠬᠠᠶ ᠪᠠᠶᠢᠵᠤ᠂ ᠡᠬᠡ ᠤᠯᠤᠰ ᠢᠶᠠᠨ ᠬᠠᠶᠢᠷᠠᠯᠠᠬᠤ᠂ ᠨᠤᠲᠤᠭ ᠤᠰᠤ ᠪᠠᠨ ᠳᠠᠭᠤᠯᠠᠬᠤ᠂ ᠡᠷᠡᠭᠦᠯ ᠰᠠᠷᠠᠭᠤᠯ ᠪᠥᠭᠡᠳ ᠢᠳᠡᠪᠬᠢᠲᠡᠶ ᠥᠭᠡᠳᠡᠯᠡᠨ ᠳᠠᠪᠰᠢᠬᠤ ᠠᠭᠤᠯᠭ᠎ᠠ ᠲᠠᠢ  ᠪᠠᠶᠢᠬᠤ ᠬᠡᠷᠡᠭᠳᠡᠢ᠃      ᠨᠡᠷ᠎ᠡ ᠮᠡᠳᠡᠭᠦᠯᠬᠦ ᠪᠠ ᠠᠩᠬᠠᠨ ᠤ ᠤᠷᠤᠯᠳᠤᠭᠠᠨ 9 ᠰᠠᠷ᠎ᠠ ᠶᠢᠨ 20 ᠤ ᠡᠳᠦᠷ ᠳᠠᠭᠤᠰᠤᠨ᠎ᠠ᠂ ᠤᠷᠤᠯᠳᠤᠭᠠᠨ ᠤ ᠰᠢᠯᠭᠠᠷᠠᠭᠤᠯᠬᠤ ᠪᠦᠯᠬᠦᠮ ᠢ ᠬᠥᠬᠡᠬᠤᠲᠠ ᠶᠢᠨ ᠳᠠᠭᠤᠤ ᠬᠥᠭᠵᠢᠮᠴᠢᠳ ᠤᠨ ᠨᠡᠶᠢᠭᠡᠮᠯᠢᠭ ᠠᠴᠠ ᠵᠣᠬᠢᠶᠠᠨ ᠪᠠᠶᠢᠭᠤᠯᠵᠤ᠂ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠠᠷᠭ᠎ᠠ ᠶᠢ ᠠᠪᠴᠤ᠂ ᠨᠡᠷ᠎ᠡ ᠮᠡᠳᠡᠭᠦᠯᠬᠦ ᠮᠠᠲ᠋ᠧᠷᠢᠶᠠᠯ ᠵᠢᠴᠢ ᠤᠷᠤᠯᠳᠤᠭᠠᠨ ᠳᠤ ᠣᠷᠣᠯᠴᠠᠬᠤ ᠸᠢᠳᠢᠣ᠋ ᠳᠤ ᠠᠩᠬ᠎ᠠ ᠤᠳᠠᠭᠠᠨ ᠤ ᠰᠢᠯᠭᠠᠷᠠᠭᠤᠯᠤᠯᠲᠠ ᠬᠢᠵᠦ᠂ ᠬᠤᠶᠠᠳᠠᠬᠢ ᠤᠷᠤᠯᠳᠤᠭᠠᠨ ᠳᠤ ᠣᠷᠣᠯᠴᠠᠬᠤ ᠪᠠᠭᠠᠴᠤᠳ ᠤᠨ ᠨᠡᠷᠡᠰ ᠢ 2020 ᠣᠨ ᠤ 9 ᠰᠠᠷ᠎ᠠ ᠶᠢᠨ 21 ᠤ ᠡᠳᠦᠷ ᠠᠴᠠ ᠡᠮᠦᠨ᠎ᠡ ᠥᠪᠥᠷ ᠮᠣᠩᠭᠤᠯ ᠤᠨ ᠤᠳᠬ᠎ᠠ ᠤᠷᠠᠯᠢᠭ ᠤᠨ ᠰᠦᠯᠵᠢᠶ᠎ᠡ ︵www. Nmgwyw. Com︶ ᠳᠤ ᠨᠡᠶᠢᠲᠡᠯᠡᠨ᠎ᠡ᠃      ᠬᠤᠶᠠᠳᠠᠬᠢ ᠤᠷᠤᠯᠳᠤᠭᠠᠨ 9 ᠰᠠᠷ᠎ᠠ ᠶᠢᠨ 26 ᠤ ᠡᠳᠦᠷ ᠠᠴᠠ 28 ᠤ ᠡᠳᠦᠷ ᠪᠣᠯᠲᠠᠯ᠎ᠠ ᠬᠥᠬᠡᠬᠤᠲᠠ ᠶᠢᠨ ᠵᠠᠯᠠᠭᠤᠴᠤᠳ ᠪᠠᠭᠠᠴᠤᠳ ᠤᠨ ᠬᠥᠳᠡᠯᠭᠡᠭᠡᠨ ᠤ ᠲᠥᠪ ᠲᠤ ᠶᠠᠪᠤᠭᠳᠠᠨ᠎ᠠ᠃ ᠬᠤᠶᠠᠳᠠᠬᠢ ᠤᠷᠤᠯᠳᠤᠭᠠᠨ ᠳᠤ ᠲᠡᠰ ᠲᠡᠪᠰᠢᠭᠰᠡᠨ ᠤ ᠳᠠᠷᠠᠭ᠎ᠠ ᠬᠡᠦᠬᠡᠳ ᠤᠨ ᠳᠠᠭᠤᠤ ᠶᠢᠨ ᠲᠤᠭᠤᠶᠢᠯᠠᠩ᠂ ᠪᠠᠭᠠᠴᠤᠳ ᠤᠨ ᠳᠤᠭᠤᠶᠢᠯᠠᠩ ᠳᠤ ᠠᠯᠲᠠᠨ ᠱᠠᠩᠨᠠᠯ ᠲᠤᠰ ᠲᠤᠰ 1 ᠭᠠᠷᠭᠠᠨ᠎ᠠ︔ ᠮᠥᠩᠭᠦᠨ ᠱᠠᠩᠨᠠᠯ ᠲᠤᠰ ᠲᠤᠰ 3 ᠭᠠᠷᠭᠠᠨ᠎ᠠ︔ ᠭᠠᠤᠯᠢᠨ ᠱᠠᠩᠨᠠᠯ ᠲᠤᠰ ᠲᠤᠰ 6 ᠭᠠᠷᠭᠠᠨ᠎ᠠ︔ ᠰᠢᠯᠢᠳᠡᠭ ᠱᠠᠩᠨᠠᠯ ᠲᠤᠰ ᠲᠤᠰ 10 ᠭᠠᠷᠭᠠᠨ᠎ᠠ᠃ ᠰᠢᠯᠢᠭᠳᠡᠨ ᠡᠯᠰᠡᠭᠳᠡᠭᠰᠡᠨ ᠱᠠᠩᠨᠠᠯ ᠲᠤᠰ ᠲᠤᠰ 10 ᠭᠠᠷᠭᠠᠨ᠎ᠠ᠂ ᠱᠠᠩᠨᠠᠯ ᠣᠯᠤᠭᠰᠠᠳ ᠲᠤ ᠪᠠᠰᠠ ᠬᠠᠮᠢᠶ᠎ᠠ ᠪᠦᠬᠦᠢ ᠳᠡᠮᠵᠢᠯᠭᠡ ᠦᠵᠡᠬᠦᠯᠵᠦ ᠪᠠᠶᠢᠭ᠎ᠠ ᠨᠢᠭᠡᠴᠡ ᠠᠴᠠ ᠬᠠᠨᠭ᠍ᠭᠠᠬᠰᠠᠨ ᠮᠢᠩᠭᠠᠨ ᠲᠥᠭᠦᠷᠢᠭ ᠤᠨ ᠥᠷᠲᠡᠭ ᠲᠠᠢ ᠤᠷᠠᠯᠢᠭ ᠤᠨ ᠵᠢᠭᠠᠨ ᠰᠤᠷᠭᠠᠯᠲᠠ ᠶᠢᠨ ᠪᠡᠯᠡᠭ ᠤᠨ ᠪᠣᠭᠴᠣ ᠦᠭᠭᠦᠨ᠎ᠡ︔ ᠲᠡᠷᠡᠴᠢᠯᠡᠨ ᠬᠠᠮᠢᠶ᠎ᠠ ᠪᠥᠬᠦᠶ ᠳᠠᠭᠤᠤ ᠬᠥᠭᠵᠢᠮᠴᠢᠳ ᠥᠪᠡᠷ ᠤᠨ ᠪᠡᠶ᠎ᠡ ᠳᠤᠨᠢ ᠲᠠᠭᠠᠷᠠᠭᠤᠯᠤᠨ ᠳᠠᠭᠤᠤ ᠬᠥᠭᠵᠢᠮ ᠵᠣᠬᠢᠶᠠᠵᠤ ᠪᠥᠬᠦ ᠰᠦᠯᠵᠢᠶ᠎ᠡ ᠳᠤ ᠲᠠᠷᠬᠠᠭᠠᠨ᠎ᠠ︔ ᠱᠠᠩᠨᠠᠯ ᠬᠦᠷᠲᠡᠭᠰᠡᠨ ᠲᠠᠭᠤᠤ ᠶᠢ 2020 ᠣᠨ ᠤ 10 ᠰᠠᠷ᠎ᠠ ᠶᠢᠨ 5 ᠤ ᠡᠳᠦᠷ ᠠᠴᠠ ᠡᠬᠢᠯᠡᠨ ᠥᠪᠥᠷ ᠮᠣᠩᠭᠤᠯ ᠤᠨ ᠤᠳᠬ᠎ᠠ ᠤᠷᠠᠯᠢᠭ ᠤᠨ ᠰᠦᠯᠵᠢᠶ᠎ᠡ᠂ ᠠᠶ ᠴᠢ ᠤᠷᠠᠯᠢᠭ ᠤᠨ ᠰᠤᠪᠠᠭ᠂ ᠬᠥᠬᠡᠬᠤᠲᠠ ᠶᠢᠨ ᠰᠣᠨᠢᠨ ᠮᠡᠳᠡᠭᠡᠨ ᠤ ᠰᠦᠯᠵᠢᠶ᠎ᠡ ᠳᠡᠭᠡᠷ᠎ᠡ ᠨᠡᠪᠳᠡᠷᠡᠬᠦᠯᠬᠦ ᠶᠢᠨ ᠬᠠᠮᠳᠤ ᠥᠪᠥᠷ ᠮᠣᠩᠭᠤᠯ ᠤᠨ ᠤᠳᠬ᠎ᠠ ᠤᠷᠠᠯᠢᠭ ᠤᠨ ᠰᠦᠯᠵᠢᠶ᠎ᠡ᠂ ᠬᠥᠬᠡᠬᠤᠲᠠ ᠶᠢᠨ ᠰᠣᠨᠢᠨ ᠮᠡᠳᠡᠭᠡᠨ ᠤ ᠰᠦᠯᠵᠢᠶ᠎ᠡ ᠠᠴᠠ ᠱᠠᠩᠨᠠᠯ ᠭᠥᠷᠳᠡᠭᠰᠡᠨ ᠫᠷᠤᠭ᠍ᠷᠠᠮ ᠵᠢᠴᠢ ᠱᠠᠩᠨᠠᠯ ᠭᠥᠷᠳᠡᠭᠰᠡᠨ ᠪᠠᠭᠠᠴᠤᠳ ᠢ ᠲᠤᠰᠬᠠᠶ ᠰᠤᠷᠪᠤᠯᠵᠢᠯᠠᠬᠤ ᠵᠢᠴᠢ ᠤᠳᠬ᠎ᠠ ᠤᠷᠠᠯᠢᠭ ᠤᠨ ᠲᠤᠰᠬᠠᠶ ᠪᠤᠯᠤᠩ ᠳᠤ ᠰᠢᠷᠢᠰ ᠮᠡᠳᠡᠭᠡᠯᠡᠯ ᠬᠢᠨ᠎ᠠ︔ ᠬᠠᠮᠤᠭ ᠤᠨ ᠰᠠᠶᠢᠨ ᠰᠦᠯᠵᠢᠶᠡᠨ ᠤ ᠰᠢᠯᠢᠳᠡᠭ ᠫᠷᠤᠭ᠍ᠷᠠᠮ ᠢ ᠪᠠᠰᠠ ᠪᠦᠬᠦ ᠤᠯᠤᠰ ᠤᠨ ᠲᠧᠯᠸᠢᠰ ᠬᠤᠷᠢᠶᠠᠨ ᠤ ᠬᠠᠮᠢᠶ᠎ᠠ ᠪᠦᠬᠦᠢ ᠪᠤᠯᠤᠩ ᠢᠶᠠᠷ ᠨᠡᠪᠳᠡᠷᠡᠭᠦᠯᠦᠨ᠎ᠡ᠃
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ