ᠪᠦᠬᠦ ᠬᠤᠲᠠ ᠶᠢᠨ ᠠᠷᠠᠳ ᠲᠦᠮᠡᠨ ᠳᠤ ᠦᠢᠯᠡᠴᠢᠯᠡᠬᠦ ᠬᠠᠯᠠᠮᠰᠢᠯ ᠤᠲᠠᠰᠤ ᠶᠢᠨ ᠲᠠᠪᠴᠠᠩ ᠢ ᠪᠠᠶᠢᠭᠤᠯᠵᠤ ︽ᠲᠣᠰᠣᠭᠰᠠᠨ ᠳᠣᠣᠷ᠎ᠠ ᠨᠢ ᠰᠢᠢᠳᠪᠦᠷᠢᠯᠡᠬᠦ︾ ᠶᠢ ᠠᠬᠢᠭᠤᠯᠬᠤ ᠠᠵᠢᠯ ᠤᠨ ᠳᠠᠶᠢᠴᠢᠯᠠᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020-08-12
ᠾᠧ ᠬᠠᠢ ᠳ᠋ᠦᠩ ᠡᠷᠬᠢᠯᠡᠪᠡ      ︵ᠰᠤᠷᠪᠤᠯᠵᠢᠯᠠᠭᠴᠢ ᠯᠢᠶᠠᠩ ᠵᠢᠩ ᠱᠤ᠋︶ 8 ᠳ᠋ᠤᠭᠠᠷ ᠰᠠᠷ᠎ᠠ ᠶᠢᠨ 11 ᠤ ᠡᠳᠦᠷ᠂ ᠪᠦᠬᠦ ᠬᠤᠲᠠ ᠶᠢᠨ ᠠᠷᠠᠳ ᠲᠦᠮᠡᠨ ᠳᠤ ᠦᠢᠯᠡᠴᠢᠯᠡᠬᠦ ᠬᠠᠯᠠᠮᠰᠢᠯ ᠤᠲᠠᠰᠤ ᠶᠢᠨ ᠲᠠᠪᠴᠠᠩ ᠢ ᠪᠠᠶᠢᠭᠤᠯᠵᠤ ︽ᠲᠣᠰᠣᠭᠰᠠᠨ ᠳᠣᠣᠷ᠎ᠠ ᠨᠢ ᠰᠢᠢᠳᠪᠦᠷᠢᠯᠡᠬᠦ︾ ᠶᠢ ᠠᠬᠢᠭᠤᠯᠬᠤ ᠠᠵᠢᠯ ᠤᠨ ᠳᠠᠶᠢᠴᠢᠯᠠᠯᠲᠠ ᠶᠢᠨ ᠬᠤᠷᠠᠯ ᠬᠤᠷᠠᠯᠳᠤᠪᠠ᠃     ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠾᠧ ᠬᠠᠢ ᠳ᠋ᠦᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ᠃      ᠬᠤᠷᠠᠯ ᠨᠢ ᠪᠡᠭᠡᠵᠢᠩ ᠬᠤᠲᠠ ᠶᠢᠨ ᠳ᠋ᠠᠰᠢᠩ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠥᠪᠯᠡᠯ ᠤᠨ ᠳᠡᠳ᠋ ᠡᠷᠬᠢᠯᠡᠭᠴᠢ ᠰᠢᠶᠥᠥ ᠼᠦᠢ ᠯᠢᠩ ᠢ ᠣᠷᠢᠵᠤ ᠬᠤᠷᠠᠯ ᠳᠤ ᠤᠷᠤᠯᠴᠠᠭᠰᠠᠳ ᠲᠤ ︽ᠲᠣᠰᠣᠭᠰᠠᠨ ᠳᠣᠣᠷ᠎ᠠ ᠨᠢ ᠰᠢᠢᠳᠪᠦᠷᠢᠯᠡᠬᠦ ᠲᠣᠭᠲᠠᠴᠠ ᠶᠢᠨ ᠠᠵᠢᠯᠯᠠᠭᠠᠨ ᠤ ᠦᠢᠯᠡᠳᠦᠯᠭᠡ ᠬᠢᠭᠡᠳ ᠰᠢᠨ᠎ᠡ ᠡᠭᠦᠳᠦᠯᠲᠡ︾ ᠰᠡᠳᠦᠪ ᠢᠶᠠᠷ ᠲᠤᠰᠬᠠᠢ ᠰᠡᠳᠦᠪᠳᠦ ᠪᠣᠯᠪᠠᠰᠤᠷᠠᠭᠤᠯᠤᠯ ᠬᠦᠷᠲᠡᠭᠡᠪᠡ᠃      ᠾᠧ ᠬᠠᠢ ᠳ᠋ᠦᠩ ᠴᠢᠬᠤᠯᠠᠴᠢᠯᠠᠭᠰᠠᠨ ᠨᠢ᠂ ᠮᠠᠨ ᠤ ᠬᠤᠲᠠ ᠶᠢᠨ ︽ᠲᠣᠰᠣᠭᠰᠠᠨ ᠳᠣᠣᠷ᠎ᠠ ᠨᠢ ᠰᠢᠢᠳᠪᠦᠷᠢᠯᠡᠬᠦ︾ ᠠᠵᠢᠯ ᠢ ᠪᠦᠬᠦ ᠲᠠᠯ᠎ᠠ ᠪᠠᠷ ᠰᠠᠶᠢᠨ ᠬᠢᠬᠦ ᠳᠤ᠂ ᠨᠢᠭᠡ ᠳᠤ ︽ᠲᠣᠰᠣᠭᠰᠠᠨ ᠳᠣᠣᠷ᠎ᠠ ᠨᠢ ᠰᠢᠢᠳᠪᠦᠷᠢᠯᠡᠬᠦ︾ ᠲᠠᠪᠴᠠᠩ ᠢ ᠰᠠᠶᠢᠳᠤᠷ ᠪᠠᠶᠢᠭᠤᠯᠬᠤ ᠬᠡᠷᠡᠭᠲᠡᠢ᠂ ᠬᠤᠲᠠ ᠶᠢᠨ ᠨᠠᠮ ᠤᠨ ᠬᠤᠷᠢᠶ᠎ᠠ ᠶᠢᠨ ︽ᠠᠷᠪᠢᠯᠠᠵᠤ ᠡᠷᠴᠢᠮᠵᠢᠭᠦᠯᠵᠦ ᠨᠢᠭᠡ ᠴᠣᠭᠴᠠᠵᠢᠭᠤᠯᠤᠨ ᠨᠢᠭᠡᠳᠦᠯᠲᠡᠢ ᠲᠥᠯᠥᠪᠵᠢᠭᠦᠯᠦᠨ ᠲᠥᠯᠥᠪᠯᠡᠵᠦ᠂ ᠣᠶᠤᠨᠴᠢ ᠦᠢᠯᠡᠴᠢᠯᠡᠭᠡ ᠶᠢ ᠳᠡᠭᠡᠭᠰᠢᠯᠡᠭᠦᠯᠵᠦ᠂ ᠪᠠᠷᠢᠮᠵᠢᠶᠠᠵᠢᠭᠤᠯᠤᠨ ᠵᠢᠷᠤᠮᠲᠠᠢ ᠠᠵᠢᠯᠯᠠᠭᠤᠯᠬᠤ︾ ᠵᠠᠷᠴᠢᠮ ᠶᠣᠰᠣᠭᠠᠷ᠂ ᠦᠢᠯᠡᠴᠢᠯᠡᠭᠡ ᠮᠡᠷᠭᠡᠵᠢᠯ ᠢ ᠭᠠᠳᠠᠭᠰᠢ ᠳᠠᠭᠠᠭᠠᠴᠢᠯᠠᠭᠤᠯᠵᠤ᠂ ᠬᠠᠮᠲᠤ ᠪᠠᠷ ᠪᠠᠶᠢᠭᠤᠯᠤᠨ ᠬᠠᠮᠲᠤ ᠪᠠᠷ ᠬᠡᠷᠡᠭᠯᠡᠬᠦ ᠮᠠᠶ᠋ᠢᠭ ᠢᠶᠠᠷ᠂ ᠬᠤᠲᠠ ᠶᠢᠨ ᠱᠠᠲᠤᠨ ᠠᠴᠠ ᠲᠠᠪᠴᠠᠩ ᠤᠨ ᠵᠥᠭᠡᠯᠡᠨ ᠲᠣᠨᠤᠭ ᠢ ᠰᠤᠳᠤᠯᠤᠨ ᠨᠡᠭᠡᠭᠡᠵᠦ᠂ ᠡᠯ᠎ᠡ ᠬᠤᠰᠢᠭᠤ ᠰᠢᠶᠠᠨ ᠲᠣᠭᠤᠷᠢᠭ᠂ ᠡᠯ᠎ᠡ ᠰᠠᠯᠠᠭ᠎ᠠ ᠮᠥᠴᠢᠷ᠂ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠲᠣᠰᠬᠤᠨ ︵ᠨᠡᠶᠢᠭᠡᠮ ᠲᠣᠭᠤᠷᠢᠭ︶ ᠤ ᠬᠢᠨ ᠰᠢᠭᠤᠳ ᠵᠠᠯᠭᠠᠵᠤ ᠬᠡᠷᠡᠭᠯᠡᠨ᠎ᠡ᠃ ᠬᠤᠶᠠᠷ ᠲᠤ ᠬᠡᠷᠡᠭ ᠤᠴᠢᠷ ᠢ ᠰᠢᠢᠳᠪᠦᠷᠢᠯᠡᠬᠦ ᠠᠷᠭ᠎ᠠ ᠵᠠᠮ ᠢ ᠰᠢᠯᠤᠭᠤᠳᠬᠠᠵᠤ᠂ ᠰᠢᠭᠤᠳ ᠰᠢᠢᠳᠪᠦᠷᠢᠯᠡᠬᠦ ᠪᠠ ᠰᠢᠯᠵᠢᠭᠦᠯᠦᠨ ᠰᠢᠢᠳᠪᠦᠷᠢᠯᠡᠬᠦ ᠬᠤᠶᠠᠷ ᠠᠷᠭ᠎ᠠ ᠵᠠᠮ ᠤᠨ ᠠᠵᠢᠯ ᠢ ᠰᠠᠶᠢᠳᠤᠷ ᠬᠢᠬᠦ ᠬᠡᠷᠡᠭᠲᠡᠢ᠃ ᠭᠤᠷᠪᠠ ᠳᠤ ᠬᠤᠯᠪᠣᠭᠳᠠᠬᠤ ᠠᠵᠢᠯ ᠤᠨ ᠬᠠᠷᠢᠴᠠᠭ᠎ᠠ ᠶᠢ ᠰᠠᠶᠢᠬᠠᠨ ᠰᠢᠢᠳᠪᠦᠷᠢᠯᠡᠵᠦ᠂ ︽ᠨᠢᠭᠡᠳᠦᠭᠦᠯᠬᠦ ᠪᠠ ᠰᠠᠯᠭᠠᠬᠤ︾ ︽ᠡᠷᠬᠡ ᠪᠠ ᠬᠠᠷᠢᠭᠤᠴᠠᠯᠭ᠎ᠠ︾ ︽ᠬᠤᠷᠳᠤᠨ ᠪᠠ ᠰᠠᠶᠢᠨ︾ ᠤ ᠬᠠᠷᠢᠴᠠᠭ᠎ᠠ ᠶᠢ ᠰᠠᠶᠢᠬᠠᠨ ᠡᠵᠡᠮᠰᠢᠵᠦ᠂ ᠡᠮᠬᠢ ᠳᠠᠷᠠᠭ᠎ᠠ ᠲᠠᠢ ᠠᠬᠢᠭᠤᠯᠬᠤ ᠬᠡᠷᠡᠭᠲᠡᠢ᠃ ᠳᠥᠷᠪᠡ ᠳᠤ ︽ᠳᠥᠷᠪᠡᠨ ᠱᠠᠲᠤ ᠪᠠᠷ ᠬᠤᠯᠪᠣᠯᠳᠤᠨ ᠬᠥᠳᠡᠯᠦᠯᠴᠡᠬᠦ︾ ᠠᠵᠢᠯ ᠤᠨ ᠪᠠᠶᠢᠷᠢᠰᠢᠯ ᠢ ᠪᠦᠷᠢᠯᠳᠦᠭᠦᠯᠬᠦ ᠬᠡᠷᠡᠭᠲᠡᠢ᠃ ᠬᠤᠲᠠ᠂ ᠰᠢᠶᠠᠨ᠂ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠲᠣᠰᠬᠤᠨ ︵ᠨᠡᠶᠢᠭᠡᠮ ᠲᠣᠭᠤᠷᠢᠭ︶ ᠤ ᠬᠢᠨ ᠳᠥᠷᠪᠡᠨ ᠱᠠᠲᠤ ᠪᠠᠷ ᠢᠶᠠᠨ ᠨᠡᠪᠲᠡᠷᠡᠭᠦᠯᠵᠦ᠂ ᠳᠡᠭᠡᠷ᠎ᠡ ᠳᠣᠣᠷ᠎ᠠ ᠬᠤᠯᠪᠣᠯᠳᠤᠨ ᠬᠥᠳᠡᠯᠦᠯᠴᠡᠵᠦ᠂ ᠠᠰᠠᠭᠤᠳᠠᠯ ᠪᠦᠬᠦᠨ ᠳᠤ ᠬᠠᠷᠢᠭᠤᠴᠠᠬᠤ ᠬᠥᠮᠥᠨ ᠲᠠᠢ᠂ ᠤᠯᠠᠮᠵᠢᠯᠠᠬᠤ ᠬᠥᠮᠥᠨ ᠲᠠᠢ᠂ ᠰᠢᠢᠳᠪᠦᠷᠢᠯᠡᠬᠦ ᠬᠥᠮᠥᠨ ᠲᠠᠢ᠂ ᠰᠢᠮᠳᠠᠭᠤᠯᠬᠤ ᠬᠥᠮᠥᠨ ᠲᠠᠢ᠂ ᠬᠠᠷᠢᠭᠤ ᠲᠤᠰᠬᠠᠬᠤ ᠬᠥᠮᠥᠨ ᠲᠠᠢ ᠪᠠᠶᠢᠬᠤ ᠶᠢ ᠪᠡᠶᠡᠯᠡᠭᠦᠯᠬᠦ ᠬᠡᠷᠡᠭᠲᠡᠢ᠃ ᠲᠠᠪᠤ ᠳᠤ ︽ᠲᠣᠰᠣᠭᠰᠠᠨ ᠳᠣᠣᠷ᠎ᠠ ᠨᠢ ᠰᠢᠢᠳᠪᠦᠷᠢᠯᠡᠬᠦ︾ ︽ᠠᠰᠠᠭᠤᠳᠠᠯ ᠢ ᠵᠥᠪᠯᠡᠬᠦ︾ ︽ᠵᠠᠭᠠᠯᠳᠤᠬᠤ ᠠᠴᠠ ᠡᠮᠦᠨ᠎ᠡ ᠰᠢᠢᠳᠪᠦᠷᠢᠯᠡᠬᠦ︾ ︽ᠲᠣᠭᠲᠠᠭᠰᠠᠨ ᠬᠤᠭᠤᠴᠠᠭ᠎ᠠ ᠲᠠᠢ ᠪᠠᠷ ᠦᠨᠡᠯᠡᠯᠲᠡ ᠬᠢᠬᠦ︾ ︽ ᠦᠨᠡᠯᠡᠨ ᠰᠢᠯᠭᠠᠵᠤ ᠵᠠᠷᠯᠠᠬᠤ︾ ᠵᠡᠷᠭᠡ ᠲᠠᠪᠤᠨ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃ ᠵᠢᠷᠭᠤᠭ᠎ᠠ ᠳᠤ ᠴᠠᠭ ᠤᠨ ᠭᠤᠭᠴᠤᠭ᠎ᠠ ᠶᠢ ᠰᠠᠶᠢᠲᠤᠷ ᠡᠵᠡᠮᠳᠡᠵᠦ᠂ 10 ᠳ᠋ᠤᠭᠠᠷ ᠰᠠᠷ᠎ᠠ ᠳᠤ ᠲᠠᠪᠴᠠᠩ ᠢ ᠲᠤᠷᠰᠢᠨ ᠠᠵᠢᠯᠯᠠᠭᠤᠯᠵᠤ᠂ ᠵᠢᠯ ᠤᠨ ᠡᠴᠦᠰ ᠪᠣᠯᠬᠤ ᠳᠤ ᠵᠢᠩᠬᠢᠨᠢ ᠪᠠᠷ ᠠᠵᠢᠯᠯᠠᠭᠤᠯᠬᠤ ᠪᠠᠷ ᠴᠢᠷᠮᠠᠶᠢᠬᠤ ᠬᠡᠷᠡᠭᠲᠡᠢ ᠭᠡᠪᠡ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号