ᠬᠥᠬᠡᠬᠤᠲᠠ ᠶᠢᠨ ᠡᠮᠴᠢᠯᠡᠭᠡᠨ ᠤ ᠪᠠᠶᠢᠭᠤᠯᠤᠮᠵᠢ ᠡᠨᠡ ᠵᠢᠯ ᠬᠤᠤᠰ ᠴᠢᠭᠯᠡᠯ ᠢᠶᠠᠷ ᠰᠢᠯᠵᠢᠭᠦᠯᠦᠨ ᠣᠨᠣᠰᠢᠯᠠᠬᠤ ᠶᠢ ᠪᠥᠬᠦ ᠲᠠᠯ᠎ᠠ ᠪᠠᠷ ᠬᠡᠷᠡᠭᠵᠢᠭᠦᠯᠦᠨ᠎ᠡ
ᠨᠡᠶᠢᠲᠡᠯᠡᠭᠰᠡᠨ ᠴᠠᠭ᠄
2020-08-12
      ᠬᠥᠬᠡᠬᠤᠲᠠ ᠶᠢᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠯᠢᠶᠠᠩ ᠵᠢᠩ ᠱᠥ︶ ᠰᠤᠷᠪᠤᠯᠵᠢᠯᠠᠭᠴᠢ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠣᠶᠢᠯᠠᠭᠠᠭᠰᠠᠨ ᠢᠶᠠᠷ᠂ ︽ᠱᠠᠲᠤ ᠬᠤᠪᠢᠶᠠᠨ ᠣᠨᠣᠰᠢᠯᠠᠨ ᠡᠮᠨᠡᠬᠦ ᠳᠦᠷᠢᠮ ᠤᠨ ᠪᠠᠶᠢᠭᠤᠯᠤᠯᠲᠠ ᠶᠢᠨ ᠬᠤᠯᠪᠣᠭᠳᠠᠯ ᠪᠦᠬᠦᠢ ᠭᠤᠤᠯᠳᠠᠯᠭ᠎ᠠ ᠲᠠᠢ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ ᠮᠡᠳᠡᠭᠳᠡᠯ︾ ᠵᠢᠴᠢ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ︽ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠡᠭᠭᠤᠵᠢᠭᠤᠯᠬᠤ ᠱᠠᠭᠠᠷᠳᠠᠯᠭ᠎ᠠ ᠶᠢ ᠲᠦᠷᠭᠡᠳᠬᠡᠨ ᠨᠠᠶᠢᠳᠠᠪᠤᠷᠢᠵᠢᠭᠤᠯᠵᠤ ᠡᠮᠴᠢᠯᠡᠭᠡᠨ ᠤ ᠪᠠᠶᠢᠭᠤᠯᠤᠮᠵᠢ ᠶᠢᠨ ᠱᠠᠲᠤ ᠬᠤᠪᠢᠶᠠᠨ ᠣᠨᠣᠰᠢᠯᠠᠨ ᠡᠮᠨᠡᠬᠦ ᠦᠢᠯᠡᠴᠢᠯᠡᠭᠡ ᠬᠠᠩᠭᠠᠬᠤ ᠶᠢ ᠴᠢᠩᠭᠠᠳᠬᠠᠬᠤ ᠲᠤᠬᠠᠶ ᠮᠡᠳᠡᠭᠳᠡᠯ︾ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠴᠢᠨᠠᠬᠰᠢᠳᠠ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠮᠴᠢᠯᠡᠭᠡᠨ ᠤ ᠬᠤᠯᠪᠣᠭᠠᠲᠤ ᠴᠣᠭᠴᠠ᠂ ᠡᠮᠴᠢᠯᠡᠭᠡᠨ ᠤ ᠬᠠᠮᠲᠤ ᠶᠢᠨ ᠴᠣᠭᠴᠠ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠡᠪᠡᠳᠴᠢᠲᠡᠳ ᠤᠨ ᠡᠮᠬᠢ ᠵᠢᠷᠤᠮ ᠦᠭᠡᠢ ᠰᠢᠯᠵᠢᠯᠲᠡ ᠶᠢ ᠪᠠᠭᠠᠰᠬᠠᠵᠤ᠂ ᠬᠢᠵᠢᠭ ᠢ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠱᠠᠲᠤ ᠬᠤᠪᠢᠶᠠᠬᠰᠠᠠ᠂ ᠳᠠᠪᠬᠤᠷᠭ᠎ᠠ ᠬᠤᠪᠢᠶᠠᠬᠰᠠᠠ᠂ ᠰᠠᠯᠭᠠᠨ ᠲᠣᠬᠢᠷᠠᠭᠤᠯᠤᠬᠰᠠᠨ ᠠᠪᠤᠷᠠᠨ ᠵᠠᠰᠠᠬᠤ ᠲᠣᠭᠲᠠᠴᠠ ᠶᠢ ᠪᠠᠶᠢᠭᠤᠯᠬᠤ ᠶᠢᠨ ᠲᠤᠰᠠᠳᠠ᠂ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠲᠠᠢ ᠬᠠᠮᠲᠤᠷᠠᠨ ᠣᠶᠢᠷ᠎ᠠ ᠳᠤ ︽ᠬᠥᠬᠡᠬᠤᠲᠠ ᠶᠢᠨ ᠡᠮᠴᠢᠯᠡᠭᠡᠨ ᠤ ᠪᠠᠶᠢᠭᠤᠯᠤᠮᠵᠢ ᠶᠢᠨ ᠬᠤᠤᠰ ᠴᠢᠭᠯᠡᠯ ᠢᠶᠠᠷ ᠰᠢᠯᠵᠢᠭᠦᠯᠦᠨ ᠤᠨᠤᠰᠢᠯᠠᠬᠤ ᠲᠥᠰᠦᠯ︾ ︵ᠳᠣᠷᠣᠭᠰᠢ ︽ᠲᠥᠰᠦᠯ︾ ᠭᠡᠵᠦ ᠲᠣᠪᠴᠢᠯᠠᠨ᠎ᠠ︶ ᠢ ᠨᠡᠶᠢᠲᠡᠯᠡᠪᠡ᠃      ︽ᠲᠥᠰᠦᠯ︾ ᠳᠤ᠂ ᠬᠥᠬᠡᠬᠤᠲᠠ ᠶᠢᠨ ᠡᠮᠴᠢᠯᠡᠭᠡᠨ ᠤ ᠬᠤᠯᠪᠣᠭᠠᠲᠤ ᠴᠣᠭᠴᠠ᠂ ᠡᠮᠴᠢᠯᠡᠭᠡᠨ ᠤ ᠬᠠᠮᠲᠤ ᠶᠢᠨ ᠴᠣᠭᠴᠠ ᠪᠠᠷ ᠲᠦᠰᠢᠭ ᠪᠣᠯᠭᠠᠵᠤ᠂ ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠵᠤ ᠦᠢᠯᠡᠴᠢᠯᠡᠬᠦ ᠳᠦᠷᠢᠮ ᠢᠶᠠᠷ ᠭᠠᠷᠳᠠᠴᠠ ᠪᠣᠯᠭᠠᠵᠤ᠂ ᠮᠡᠳᠡᠭᠡ ᠵᠠᠩᠭᠢᠴᠢᠯᠠᠯᠳᠠ ᠶᠢᠨ ᠪᠦᠲᠦᠭᠡᠨ ᠪᠠᠶᠢᠭᠤᠯᠤᠯᠲᠠ ᠪᠠᠷ ᠲᠤᠰᠠᠯᠠᠮᠵᠢ ᠪᠣᠯᠭᠠᠵᠤ᠂ ᠪᠠᠶᠢᠩᠭᠤ ᠲᠣᠬᠢᠶᠠᠯᠳᠤᠳᠠᠭ ᠡᠪᠡᠳᠴᠢᠨ᠂ ᠣᠯᠠᠨ ᠡᠭᠦᠰᠳᠡᠭ ᠡᠪᠡᠳᠴᠢᠨ᠂ ᠤᠳᠠᠭᠠᠨ ᠴᠢᠨᠠᠷᠲᠠᠶ ᠡᠪᠡᠳᠴᠢᠨ ᠢ ᠱᠠᠳᠤ ᠬᠤᠪᠢᠶᠠᠨ ᠬᠠᠮᠢᠶᠠᠷᠬᠤ ᠶᠢᠨ ᠲᠣᠭᠤᠷᠢᠨ ᠳᠤ ᠬᠤᠤᠰ ᠴᠢᠭᠯᠡᠯ ᠢᠶᠠᠷ ᠰᠢᠯᠵᠢᠭᠦᠯᠦᠨ ᠡᠮᠨᠡᠭᠦᠯᠬᠦ ᠦᠢᠯᠡᠴᠢᠯᠡᠭᠡᠨ ᠤ ᠲᠣᠤᠷ ᠰᠦᠯᠵᠢᠶ᠎ᠡ᠂ ᠠᠵᠢᠯᠯᠠᠭᠠᠨ ᠤ ᠲᠣᠭᠲᠠᠴᠠ ᠪᠠ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠠᠯᠬᠤᠮ ᠠᠯᠬᠤᠮ ᠢᠶᠠᠷ ᠲᠦᠯᠬᠢᠨ ᠠᠬᠢᠭᠤᠯᠬᠤ ᠪᠠ ᠲᠡᠭᠦᠯᠳᠡᠷᠵᠢᠭᠦᠯᠭᠦ ᠬᠡᠷᠡᠭᠲᠡᠢ᠃ ᠡᠮᠴᠢᠯᠡᠭᠡᠨ ᠤ ᠪᠠᠶᠢᠭᠤᠯᠤᠮᠵᠢ ᠶᠢᠨ ᠬᠤᠭᠤᠷᠣᠨᠳᠣᠬᠢ ᠠᠵᠢᠯ ᠬᠤᠪᠢᠶᠠᠷᠢᠯᠠᠨ ᠬᠠᠮᠵᠢᠯᠴᠠᠬᠤ ᠬᠠᠷᠢᠴᠠᠭ᠎ᠠ ᠶᠢ ᠲᠦᠷᠭᠡᠭᠡᠨ ᠪᠠᠶᠢᠭᠤᠯᠵᠤ᠂ ︽ᠦᠨᠳᠦᠰᠦᠨ ᠱᠠᠲᠤᠨ ᠳᠤ ᠠᠩᠬ᠎ᠠ ᠣᠨᠣᠰᠢᠯᠠᠬᠤ᠂ ᠬᠦᠨᠳᠦ ᠡᠪᠡᠳᠴᠢᠳᠠᠨ ᠢ ᠡᠮᠨᠡᠯᠭᠡ ᠶᠢᠨ ᠬᠤᠷᠢᠶᠠᠨ ᠳᠤ ᠣᠷᠣᠭᠤᠯᠬᠤ᠂ ᠡᠷᠡᠭᠦᠯᠵᠢᠭᠦᠯᠦᠭᠡᠳ ᠨᠡᠶᠢᠭᠡᠮ ᠲᠣᠭᠤᠷᠢᠭ ᠲᠤ ᠪᠤᠴᠠᠭᠤᠯᠬᠤ︾ ᠡᠮᠬᠢ ᠵᠢᠷᠤᠮ ᠲᠠᠢ ᠡᠮᠴᠢᠯᠡᠭᠦᠯᠭᠦ ᠪᠠᠶᠢᠷᠢᠰᠢᠯ ᠢ ᠬᠦᠴᠦᠯᠡᠨ ᠪᠠᠶᠢᠭᠤᠯᠬᠤ ᠬᠡᠷᠡᠭᠲᠡᠢ᠃ ᠡᠨᠡ ᠵᠢᠯ ᠪᠦᠬᠦ ᠬᠤᠲᠠ ᠶᠢᠨ ᠡᠮᠴᠢᠯᠡᠭᠡᠨ ᠤ ᠪᠠᠶᠢᠭᠤᠯᠤᠮᠵᠢ ᠬᠤᠣᠰ ᠴᠢᠭᠯᠡᠯ ᠢᠶᠠᠷ ᠰᠢᠯᠵᠢᠭᠦᠯᠦᠨ ᠤᠨᠤᠰᠢᠯᠠᠬᠤ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠤᠯᠤᠰ ᠠᠴᠠ ᠲᠣᠭᠲᠠᠭᠠᠭᠰᠠᠨ 9 ᠡᠪᠡᠳᠴᠢᠨ ᠤ ᠲᠥᠷᠥᠯ ᠢ ᠭᠤᠣᠯᠳᠠᠯᠭ᠎ᠠ ᠲᠠᠢ ᠬᠢᠨᠠᠨ ᠬᠡᠮᠵᠢᠵᠦ᠂ ᠡᠭᠦᠨ ᠳᠤ ᠴᠢᠰᠤᠨ ᠳᠠᠷᠤᠯᠲᠠ ᠥᠨᠳᠥᠷ ᠡᠪᠡᠳᠴᠢᠨ᠂ ᠰᠢᠬᠢᠷ ᠰᠢᠵᠢᠩ ᠡᠪᠡᠳᠴᠢᠨ ᠢ ᠵᠢᠷᠤᠮᠵᠢᠭᠤᠨ ᠢᠶᠠᠷ ᠣᠨᠣᠰᠢᠯᠠᠨ ᠡᠮᠨᠡᠬᠦ ᠪᠠ ᠬᠠᠮᠢᠶᠠᠷᠬᠤ ᠨᠣᠷᠮ᠎ᠠ ᠶᠢ 60% ᠠᠴᠠ ᠳᠡᠭᠡᠭᠰᠢ ᠳᠤ ᠬᠦᠷᠦᠭᠦᠯᠭᠦ ᠬᠡᠷᠡᠭᠲᠡᠢ᠃ 2021 ᠣᠨ ᠳᠤ ᠤᠯᠤᠰ ᠪᠠ ᠥᠪᠡᠷᠲᠡᠭᠡᠨ ᠵᠠᠰᠠᠬᠤ ᠣᠷᠣᠨ ᠤ ᠱᠠᠭᠠᠷᠳᠠᠯᠭ᠎ᠠ ᠶᠣᠰᠣᠭᠠᠷ ᠭᠤᠤᠯᠳᠠᠯᠭ᠎ᠠ ᠲᠠᠢ ᠬᠠᠮᠢᠶᠠᠷᠬᠤ ᠡᠪᠡᠳᠴᠢᠨ ᠤ ᠲᠥᠷᠥᠯ ᠤᠨ ᠬᠦᠷᠢᠶ᠎ᠡ ᠬᠡᠪᠴᠢᠶ᠎ᠡ ᠶᠢ ᠴᠢᠨᠠᠬᠰᠢᠳᠠ ᠥᠷᠭᠡᠳᠬᠡᠵᠦ᠂ ᠡᠮᠴᠢᠯᠡᠭᠡᠨ ᠤ ᠪᠠᠶᠢᠭᠤᠯᠤᠮᠵᠢ ᠶᠢᠨ ᠬᠤᠭᠤᠷᠣᠨᠳᠣᠭᠢ ᠠᠵᠢᠯ ᠬᠤᠪᠢᠶᠠᠷᠢᠯᠠᠨ ᠬᠠᠮᠵᠢᠯᠴᠠᠬᠤ᠂ ᠨᠢᠭᠲᠠ ᠬᠠᠮᠲᠤᠷᠠᠯᠴᠠᠬᠤ ᠂ ᠬᠤᠤᠰ ᠴᠢᠭᠯᠡᠯ ᠢᠶᠠᠷ ᠰᠢᠯᠵᠢᠭᠦᠯᠦᠨ ᠤᠨᠤᠰᠢᠯᠠᠬᠤ ᠪᠠᠲᠤᠯᠠᠭ᠎ᠠ ᠶᠢᠨ ᠲᠤᠬᠳᠠᠴᠠ ᠪᠠ ᠤᠷᠮᠠᠰᠢᠭᠤᠯᠬᠤ ᠲᠣᠭᠲᠠᠴᠠ ᠶᠢ ᠠᠯᠬᠤᠮ ᠠᠯᠬᠤᠮ ᠢᠶᠠᠷ ᠲᠡᠭᠦᠯᠳᠡᠷᠵᠢᠭᠦᠯᠬᠦ ᠬᠡᠷᠡᠭᠲᠡᠢ︔ 2023 ᠣᠨ ᠳᠤ ᠡᠮᠴᠢᠯᠡᠭᠡᠨ ᠤ ᠰᠢᠯᠵᠢᠭᠦᠯᠦᠨ ᠤᠨᠤᠰᠢᠯᠠᠬᠤ ᠳᠤ ᠲᠤᠬᠢᠷᠠᠬᠤ ᠪᠤᠢ ᠪᠦᠬᠦᠢ ᠡᠪᠡᠳᠴᠢᠳᠠᠨ ᠢ ᠬᠢᠨᠠᠨ ᠬᠠᠮᠢᠶᠠᠷᠴᠤ᠂ ᠲᠦᠷᠭᠡᠨ ᠴᠢᠨᠠᠷᠲᠡᠢ ᠡᠪᠡᠳᠴᠢᠨ ᠪᠠ ᠤᠳᠠᠭᠠᠨ ᠴᠢᠨᠠᠷᠲᠡᠢ ᠡᠪᠡᠳᠴᠢᠨ ᠢ ᠰᠠᠯᠭᠠᠨ ᠵᠠᠰᠠᠬᠤ᠂ ᠲᠡᠭᠡᠲᠦ ᠲᠤᠤᠷᠠᠳᠤ ᠱᠠᠲᠤ ᠬᠤᠯᠪᠣᠭᠠᠯᠠᠨ ᠬᠥᠳᠡᠯᠦᠯᠴᠡᠭᠰᠡᠨ ᠬᠤᠤᠰ ᠴᠢᠭᠯᠡᠯ ᠢᠶᠠᠷ ᠰᠢᠯᠵᠢᠭᠦᠯᠦᠨ ᠣᠨᠣᠰᠢᠯᠠᠬᠤ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠱᠠᠲᠤ ᠬᠤᠪᠢᠶᠠᠨ ᠣᠨᠣᠰᠢᠯᠠᠨ ᠡᠮᠨᠡᠬᠦ ᠶᠢ ᠠᠯᠬᠤᠮ ᠠᠯᠬᠤᠮ ᠢᠶᠠᠷ ᠪᠦᠷᠢᠯᠳᠦᠭᠦᠯᠭᠦ ᠬᠡᠷᠡᠭᠲᠡᠢ ᠭᠡᠵᠦ ᠱᠠᠭᠠᠷᠳᠠᠪᠠ᠃      ︽ᠲᠥᠰᠦᠯ︾ ᠳᠤ᠂ ᠤᠢᠢᠷ᠎ᠠ ᠬᠠᠪᠢ ᠳᠤᠨᠢ ᠳᠥᠭᠦᠮ ᠳᠥᠲᠡ ᠪᠠᠶᠢᠯᠭᠠᠬᠤ ᠵᠠᠷᠴᠢᠮ ᠶᠣᠰᠣᠭᠠᠷ᠂ ᠬᠥᠬᠡᠬᠤᠲᠠ ᠶᠢᠨ ᠬᠤᠤᠰ ᠴᠢᠭᠯᠡᠯ ᠢᠶᠠᠷ ᠰᠢᠯᠵᠢᠭᠦᠯᠦᠨ ᠣᠨᠣᠰᠢᠯᠠᠬᠤ ᠶᠢ ᠭᠠᠵᠠᠷ ᠣᠷᠣᠨ ᠢᠶᠠᠷ ᠨᠢ ᠬᠤᠶᠠᠷ ᠵᠠᠬᠪᠤᠷ ᠲᠤ ᠬᠤᠪᠢᠶᠠᠵᠤ᠂ ᠰᠠᠭᠤᠭᠠᠯᠢ ᠠᠷᠠᠳ ᠢ ᠳᠠᠭᠠᠳᠬᠠᠯ ᠳᠤ ᠣᠷᠣᠯᠴᠠᠭᠰᠠᠨ ᠭᠠᠵᠠᠷ ᠢᠶᠠᠷ ᠨᠢ ᠲᠣᠰ ᠲᠣᠰ ᠤᠨ ᠬᠢᠨᠢ ᠦᠨᠳᠦᠰᠦᠨ ᠵᠠᠬᠪᠤᠷ ᠤᠨ ᠳᠣᠲᠣᠷ᠎ᠠ ᠬᠤᠤᠰ ᠴᠢᠭᠯᠡᠯ ᠢᠶᠠᠷ ᠰᠢᠯᠵᠢᠭᠦᠯᠦᠨ ᠣᠨᠣᠰᠢᠯᠠᠬᠤ ᠶᠢ ᠬᠡᠷᠡᠭᠵᠢᠭᠦᠯᠦᠨ᠎ᠡ᠃ ᠦᠨᠳᠦᠰᠦᠨ ᠵᠠᠬᠪᠤᠷ ᠤᠨ ᠳᠣᠲᠣᠷᠠᠬᠢ ᠡᠮᠴᠢᠯᠡᠭᠡᠨ ᠤ ᠪᠠᠶᠢᠭᠤᠯᠤᠮᠵᠢ ᠣᠨᠣᠰᠢᠯᠠᠨ ᠵᠠᠰᠠᠵᠤ ᠳᠡᠶᠢᠯᠬᠦ ᠦᠭᠡᠶ ᠡᠪᠡᠳᠴᠢᠨ ᠡᠮᠭᠡᠭ ᠢ ᠰᠢᠶᠠᠨ ᠤ ᠬᠡᠪᠴᠢᠶᠡᠨ ᠠᠴᠠ ᠭᠠᠳᠠᠨᠠᠭᠢ ᠪᠠ ᠬᠤᠲᠠ ᠶᠢᠨ ᠬᠡᠪᠴᠢᠶᠡᠨ ᠠᠴᠠ ᠭᠠᠳᠠᠨᠠᠭᠢ ᠡᠮᠴᠢᠯᠡᠭᠡᠨ ᠤ ᠪᠠᠶᠢᠭᠤᠯᠤᠮᠵᠢ ᠳᠤ ᠰᠢᠯᠵᠢᠭᠦᠯᠦᠨ ᠣᠨᠣᠰᠢᠯᠠᠭᠤᠯᠵᠤ ᠪᠣᠯᠤᠨ᠎ᠠ ᠭᠡᠵᠦ ᠲᠤᠳᠤᠷᠬᠠᠢ ᠲᠤᠬᠳᠠᠭᠠᠪᠠ᠃      ︽ᠲᠥᠰᠦᠯ︾ ᠳᠤ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠡᠪᠡᠳᠴᠢᠨ ᠡᠮᠭᠡᠭ ᠢ ᠡᠮᠴᠢᠯᠡᠭᠡᠨ ᠢᠶᠠᠷ ᠠᠩᠬ᠎ᠠ ᠠᠯᠬᠤᠮ ᠣᠨᠣᠰᠢᠯᠠᠬᠤ ᠠᠵᠢᠯ ᠢ ᠬᠠᠷᠢᠭᠤᠴᠠᠵᠤ᠂ ᠭᠥᠯᠢᠶᠡᠨ ᠠᠪᠴᠤ ᠡᠮᠨᠡᠨ ᠵᠠᠰᠠᠬᠤ ᠴᠢᠳᠠᠪᠤᠷᠢ ᠶᠢᠨ ᠬᠡᠪᠴᠢᠶᠡᠨ ᠳᠠᠬᠢ ᠡᠪᠡᠳᠴᠢᠨ ᠳᠤ ᠣᠨᠣᠰᠢᠯᠠᠨ ᠡᠮᠨᠡᠬᠦ ᠵᠢᠯᠤᠭᠤᠳᠤᠮᠵᠢ ᠶᠣᠰᠣᠭᠠᠷ᠂ ᠪᠤᠳᠠᠭᠠᠯᠢᠴᠢᠯᠠᠬᠰᠠᠨ ᠪᠦᠭᠡᠳ ᠵᠢᠷᠤᠮᠵᠢᠭᠰᠠᠨ ᠡᠮᠨᠡᠨ ᠵᠠᠰᠠᠬᠤ ᠲᠥᠰᠦᠯ ᠢ ᠲᠣᠭᠲᠠᠭᠠᠬᠤ ᠬᠡᠷᠡᠭᠲᠡᠢ︔ ᠡᠷᠡᠭᠦᠯ ᠮᠡᠨᠳᠦ ᠶᠢᠨ ᠲᠠᠩᠰᠠ ᠡᠪᠬᠡᠮᠡᠯ ᠪᠠᠶᠢᠭᠤᠯᠵᠤ᠂ ᠴᠠᠭ ᠲᠤᠬᠠᠶ ᠳᠤᠨᠢ ᠰᠢᠨᠡᠳᠬᠡᠬᠦ ᠬᠡᠷᠡᠭᠲᠡᠶ︔ ᠤᠳᠠᠭᠠᠨ ᠴᠢᠨᠠᠷᠲᠠᠶ ᠡᠪᠡᠳᠴᠢᠨ᠂ ᠡᠷᠡᠭᠦᠯᠵᠢᠬᠦ ᠬᠤᠭᠤᠴᠠᠭᠠᠨ ᠳᠤ ᠪᠠᠶᠢᠭ᠎ᠠ ᠵᠡᠷᠭᠡ ᠡᠪᠡᠳᠴᠢᠲᠡᠨ ᠳᠤ ᠳᠠᠭᠠᠵᠤ ᠰᠤᠷᠪᠤᠯᠵᠢᠯᠠᠬᠤ ᠠᠵᠢᠯ᠂ ᠦᠨᠳᠦᠰᠦᠨ ᠡᠮᠴᠢᠯᠡᠭᠡ ᠵᠢᠴᠢ ᠡᠷᠡᠭᠦᠯᠵᠢᠭᠦᠯᠬᠦ ᠡᠮᠴᠢᠯᠡᠭᠡ ᠶᠢ ᠥᠷᠨᠢᠭᠦᠯᠵᠦ᠂ ᠤᠳᠠᠭᠠᠨ ᠴᠢᠨᠠᠷᠲᠠᠢ ᠡᠪᠡᠳᠴᠢᠨ ᠤ ᠳᠠᠪᠬᠤᠷᠯᠠᠬᠰᠠᠨ ᠬᠡᠮ ᠤᠨ ᠰᠢᠭᠰᠢᠨ ᠪᠠᠶᠢᠴᠠᠭᠠᠯᠲᠠ ᠬᠢᠵᠦ ᠪᠣᠯᠤᠨ᠎ᠠ᠂ ᠡᠷᠡᠭᠦᠯ ᠮᠡᠨᠳᠦ ᠶᠢᠨ ᠬᠥᠮᠦᠵᠢᠯ ᠢ ᠥᠷᠨᠢᠭᠦᠯᠵᠦ᠂ ᠡᠪᠡᠳᠴᠢᠲᠡᠨ ᠤ ᠥᠪᠡᠷ ᠤᠨ ᠪᠡᠶ᠎ᠡ ᠶᠢᠨ ᠡᠷᠡᠭᠦᠯ ᠮᠡᠨᠳᠦ ᠶᠢᠨ ᠬᠠᠮᠢᠶᠠᠷᠤᠯᠲᠠ ᠬᠢᠭᠦ ᠶᠢ ᠵᠢᠯᠤᠭᠤᠳᠬᠤ ᠬᠡᠷᠡᠭᠲᠡᠢ︔ ᠬᠤᠤᠰ ᠴᠢᠭᠯᠡᠯ ᠢᠶᠠᠷ ᠰᠢᠯᠵᠢᠭᠦᠯᠦᠨ ᠤᠨᠤᠰᠢᠯᠠᠬᠤ ᠶᠢ ᠬᠡᠷᠡᠭᠵᠢᠭᠦᠯᠭᠦ ᠬᠡᠷᠡᠭᠲᠡᠢ᠃ ᠲᠡᠭᠡᠲᠦ ᠱᠠᠲᠤᠨ ᠤ ᠡᠮᠨᠡᠯᠭᠡ ᠶᠢᠨ ᠬᠤᠷᠢᠶ᠎ᠠ ︵ᠬᠤᠶᠠᠳᠤᠭᠠᠷ ᠳᠡᠰ ᠵᠢᠴᠢ ᠲᠡᠭᠦᠨ ᠠᠴᠠ ᠳᠡᠭᠡᠭᠰᠢᠬᠢ ᠡᠮᠨᠡᠯᠭᠡ ᠶᠢᠨ ᠬᠤᠷᠢᠶ᠎ᠠ︶ ᠨᠢ ᠡᠪᠡᠳᠴᠢᠨ ᠡᠮᠭᠡᠭ ᠤᠨ ᠡᠮᠴᠢᠯᠡᠭᠡᠨ ᠤ ᠣᠨᠣᠰᠢᠯᠠᠯᠲᠠ ᠶᠢ ᠬᠠᠷᠢᠭᠤᠴᠠᠵᠤ᠂ ᠡᠪᠡᠳᠴᠢᠨ ᠡᠮᠭᠡᠭ ᠢ ᠣᠨᠣᠰᠢᠯᠠᠨ ᠡᠮᠨᠡᠬᠦ ᠵᠢᠯᠤᠭᠤᠳᠤᠮᠵᠢ ᠶᠣᠰᠣᠭᠠᠷ ᠪᠤᠳᠠᠭᠠᠯᠢᠴᠢᠯᠠᠬᠰᠠᠨ ᠪᠦᠭᠡᠳ ᠵᠢᠷᠤᠮᠵᠢᠭᠰᠠᠨ ᠡᠮᠨᠡᠨ ᠵᠠᠰᠠᠬᠤ ᠲᠥᠰᠦᠯ ᠢ ᠵᠢᠷᠤᠮᠵᠢᠭᠤᠯᠤᠨ ᠲᠣᠭᠲᠠᠭᠠᠬᠤ ᠬᠡᠷᠡᠭᠲᠡᠢ︔ ᠬᠤᠤᠰ ᠴᠢᠭᠯᠡᠯ ᠢᠶᠠᠷ ᠰᠢᠯᠵᠢᠭᠦᠯᠦᠨ ᠤᠨᠤᠰᠢᠯᠠᠬᠤ ᠶᠢ ᠵᠢᠯᠣᠭᠤᠳᠤᠨ ᠬᠡᠷᠡᠭᠵᠢᠭᠦᠯᠭᠦ ᠬᠡᠷᠡᠭᠲᠡᠢ︔ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠡᠮᠴᠢᠯᠡᠭᠡᠨ ᠤ ᠶᠠᠰᠤ ᠴᠢᠨᠠᠷ ᠪᠠ ᠡᠮᠴᠢᠯᠡᠭᠡᠨ ᠤ ᠦᠷ᠎ᠡ ᠪᠦᠲᠦᠮᠵᠢ ᠳᠤ ᠲᠣᠭᠲᠠᠮᠠᠯ ᠬᠤᠭᠤᠴᠠᠭ᠎ᠠ ᠲᠠᠢ ᠪᠠᠷ ᠦᠨᠡᠯᠡᠨ ᠵᠢᠱᠢᠯᠲᠡ ᠬᠢᠬᠦ ᠬᠡᠷᠡᠭᠲᠡᠶ᠃ ᠡᠭᠦᠨ ᠳᠤ᠂ ᠬᠤᠶᠠᠳᠤᠭᠠᠷ ᠲᠡᠰ ᠤᠨ ᠡᠮᠨᠡᠯᠭᠡ ᠶᠢᠨ ᠬᠤᠷᠢᠶ᠎ᠠ ︵ᠬᠤᠰᠢᠭᠤ ᠰᠢᠶᠠᠨ ᠤ ᠱᠠᠲᠤ ᠶᠢ ᠪᠠᠭᠳᠠᠭᠠᠨ᠎ᠠ︶ ᠨᠢ ᠲᠦᠷᠭᠡᠨ ᠡᠪᠡᠳᠴᠢᠳᠠᠨ ᠪᠠ ᠬᠦᠨᠳᠦ ᠡᠪᠡᠳᠴᠢᠲᠡᠨ ᠢ ᠡᠮᠨᠡᠨ ᠵᠠᠰᠠᠬᠤ ᠶᠢ ᠬᠠᠷᠢᠭᠤᠴᠠᠵᠤ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠮᠡᠷᠭᠡᠵᠢᠯ ᠤᠨ ᠵᠢᠯᠣᠭᠤᠳᠤᠯᠭ᠎ᠠ ᠪᠠ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠬᠢᠬᠦ ᠬᠡᠷᠡᠭᠲᠡᠶ᠃ ᠭᠤᠷᠪᠠᠳᠤᠭᠠᠷ ᠳᠡᠰ ᠤᠨ ᠡᠮᠨᠡᠯᠭᠡ ᠶᠢᠨ ᠬᠤᠷᠢᠶ᠎ᠠ ᠨᠢ ᠬᠦᠴᠢᠷ ᠲᠦᠪᠡᠭᠲᠡᠢ ᠪᠦᠭᠡᠳ ᠪᠤᠳᠤᠯᠢᠶᠠᠨᠲᠠᠶ᠂ ᠪᠠᠴᠢᠮ ᠠᠶᠤᠯᠲᠠᠶ ᠬᠦᠨᠳᠦ ᠡᠪᠡᠳᠴᠢᠲᠡᠨ ᠢ ᠡᠮᠨᠡᠨ ᠵᠠᠰᠠᠬᠤ ᠶᠢ ᠬᠠᠷᠢᠭᠤᠴᠠᠵᠤ᠂ ᠬᠤᠶᠠᠳᠤᠭᠠᠷ ᠳᠡᠰ ᠤᠨ ᠡᠮᠨᠡᠯᠭᠡ ᠶᠢᠨ ᠬᠤᠷᠢᠶ᠎ᠠ ︵ᠬᠤᠰᠢᠭᠤ ᠰᠢᠶᠠᠨ ᠤ ᠱᠠᠲᠤ ᠶᠢ ᠪᠠᠭᠲᠠᠭᠠᠨ᠎ᠠ︶᠂ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠮᠡᠷᠭᠡᠵᠢᠯ ᠤᠨ ᠵᠢᠯᠣᠭᠤᠳᠤᠯᠭ᠎ᠠ ᠪᠣᠯᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠬᠢᠬᠦ ᠬᠡᠷᠡᠭᠲᠡᠶ᠃ ᠦᠨᠳᠦᠰᠦᠨ ᠱᠠᠲᠤᠨ ᠤ ᠮᠣᠩᠭᠤᠯ ᠬᠢᠲᠠᠳ ᠡᠮ ᠡᠮᠨᠡᠯᠭᠡ ᠶᠢᠨ ᠰᠢᠰᠲ᠋ᠧᠮ ᠪᠦᠷᠢᠨᠰᠢᠭᠡᠳᠦᠢ᠂ ᠴᠢᠳᠠᠪᠤᠷᠢ ᠨᠢ ᠨᠡᠯᠢᠶᠡᠳ ᠪᠠᠭᠤᠷᠠᠶ ᠭᠠᠵᠠᠷ ᠣᠷᠣᠨ ᠳᠤ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠮᠣᠩᠭᠤᠯ ᠬᠢᠲᠠᠳ ᠡᠭᠦᠳᠡᠨ ᠡᠮᠨᠡᠯᠭᠡ ᠶᠢᠨ ᠣᠨᠣᠰᠢᠯᠠᠨ ᠡᠮᠨᠡᠬᠦ ᠦᠢᠯᠡᠴᠢᠯᠡᠭᠡ ᠶᠢ ᠠᠩᠬ᠎ᠠ ᠣᠨᠣᠰᠢᠯᠠᠨ ᠡᠮᠨᠡᠬᠦ ᠬᠡᠪᠴᠢᠶᠡᠨ ᠳᠤ ᠣᠷᠣᠭᠤᠯᠬᠤ ᠶᠢ ᠵᠣᠷᠢᠭᠵᠢᠭᠤᠯᠤᠨ ᠳᠠᠮᠵᠢᠵᠤ᠂ ᠠᠷᠠᠳ ᠣᠯᠠᠨ ᠤ ᠠᠩᠬ᠎ᠠ ᠣᠨᠣᠰᠢᠯᠠᠭᠤᠯᠵᠤ ᠡᠮᠨᠡᠭᠦᠯᠭᠦ ᠦᠶ᠎ᠡ ᠶᠢᠨ ᠬᠢᠲᠠᠳ ᠡᠮᠨᠡᠯᠭᠡ ᠳᠤ ᠦᠵᠡᠭᠦᠯᠬᠦ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠬᠡᠷᠡᠭᠲᠡᠢ ᠭᠡᠵᠦ ᠲᠤᠬᠳᠠᠭᠠᠪᠠ᠃
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号