| | | 8 ᠳ᠋ᠤᠭᠠᠷ ᠰᠠᠷ᠎ᠠ ᠶᠢᠨ 10 ᠤ ᠣᠷᠣᠢ᠂ ︽ᠲᠠᠯ᠎ᠠ ᠨᠤᠲᠤᠭ ᠤᠨ ᠤᠳᠬ᠎ᠠ ᠤᠷᠠᠯᠢᠭ ᠠᠷᠠᠳ ᠲᠦᠮᠡᠨ ᠳᠤ | ᠲᠣᠭᠯᠠᠯᠲᠠ ᠭᠠᠷᠭᠠᠬᠤ ᠤᠯᠠᠷᠢᠯ︾ ᠤᠨ ᠳᠠᠭᠤᠤ ᠪᠥᠵᠢᠭ ᠤᠨ ᠦᠳᠡᠰᠢᠯᠡᠭᠡ ︽ᠠᠯᠲᠠᠨ ᠰᠢᠷᠭᠠᠯ ᠥᠯᠥᠭᠡᠢ ᠨᠤᠲᠤᠭ | ︾ ᠥᠪᠥᠷ ᠮᠣᠩᠭᠤᠯ ᠤᠨ ᠤᠯᠠᠭᠠᠨ ᠲᠢᠶᠠᠲᠷ ᠲᠤ ᠪᠣᠯᠪᠠ᠃ ᠥᠪᠥᠷ ᠮᠣᠩᠭᠤᠯ ᠤᠨ ᠦᠨᠳᠦᠰᠦᠲᠡᠨ ᠤ ᠤᠷᠠᠯᠢᠭ ᠤᠨ | ᠵᠦᠴᠦᠭᠡ ᠶᠢᠨ ᠬᠦᠷᠢᠶᠡᠯᠡᠩ ᠤᠨ ᠰᠢᠭᠤᠳ ᠬᠠᠷᠢᠶ᠎ᠠ ᠤᠯᠠᠭᠠᠨᠮᠥ᠋ᠴᠢᠷ ᠤᠨ ᠵᠣᠬᠢᠶᠠᠨ ᠪᠦᠲᠦᠭᠡᠵᠦ ᠲᠣᠭᠯᠠᠭᠰᠠᠨ ︽ | ᠠᠯᠲᠠᠨ ᠰᠢᠷᠭᠠᠯ ᠥᠯᠥᠭᠡᠢ ᠨᠤᠲᠤᠭ︾ ᠨᠢ ᠤᠯᠠᠭᠠᠨᠮᠥ᠋ᠴᠢᠷ ᠤᠨ ᠠᠮᠢᠳᠤᠷᠠᠯ ᠳᠤ ᠦᠨᠳᠦᠰᠦᠯᠡᠨ᠂ ᠥᠷᠭᠡᠨ ᠣᠯᠠᠨ | ᠮᠠᠯᠴᠢᠨ ᠲᠠᠷᠢᠶᠠᠴᠢᠨ ᠳᠤ ᠦᠢᠯᠡᠴᠢᠯᠡᠵᠦ᠂ ᠰᠣᠶᠣᠯ ᠤᠷᠠᠯᠢᠭ ᠤᠨ ᠰᠢᠨ᠎ᠡ ᠡᠭᠦᠳᠦᠯᠲᠡ ᠶᠢ ᠠᠬᠢᠭᠤᠯᠤᠭᠰᠠᠨ | ᠰᠢᠯᠢᠳᠡᠭ ᠤᠯᠠᠮᠵᠢᠯᠠᠯ ᠢ ᠦᠳᠡᠰᠢᠯᠡᠭᠡ ᠳᠤ ᠰᠢᠩᠭᠡᠭᠡᠨ᠂ ᠰᠢᠨ᠎ᠡ ᠴᠠᠭ ᠦᠶ᠎ᠡ ᠶᠢᠨ ᠤᠯᠠᠭᠠᠨᠮᠥ᠋ᠴᠢᠷ ᠤᠨ ᠰᠢᠨ᠎ᠡ ᠴᠤᠭ | ᠵᠢᠪᠬᠤᠭ᠎ᠠ᠂ ᠰᠢᠨ᠎ᠡ ᠳᠦᠷᠢ ᠪᠠᠶᠢᠳᠠᠯ ᠢ ᠬᠠᠷᠠᠭᠤᠯᠵᠠᠢ᠃ ᠰᠤᠷᠪᠤᠯᠵᠢᠯᠠᠭᠴᠢ ᠸᠠᠩ ᠵᠦᠩ ᠵᠸᠦ ᠰᠡᠭᠦᠳᠡᠷᠯᠡᠪᠡ᠃ |