2020 ᠣᠨ ᠤ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠣᠷᠣᠭᠴᠢ ᠡᠯᠰᠡᠬᠦ ᠠᠵᠢᠯ ᠢ  ᠴᠢᠩᠭ᠎ᠠ ᠵᠢᠷᠤᠮᠵᠢᠭᠤᠯᠬᠤ ᠬᠡᠷᠡᠭᠲᠡᠶ
ᠨᠡᠶᠢᠲᠡᠯᠡᠭᠰᠡᠨ ᠴᠠᠭ᠄
2020-08-12
     ᠬᠦᠬᠡᠬᠤᠳᠠ ᠶᠢᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠮᠢᠶᠣᠣ ᠴᠢᠩ︶ 8 ᠰᠠᠷ᠎ᠠ ᠶᠢᠨ 11 ᠤ ᠡᠳᠦᠷ᠂ ᠬᠥᠬᠡᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠠᠴᠠ 2020 ᠣᠨ ᠤ ᠡᠩ ᠤᠨ ᠥᠨᠳᠥᠷ ᠵᠡᠷᠭᠡ ᠶᠢᠨ ᠳᠤᠮᠳᠠᠳᠤ ᠰᠤ‌‍ᠷᠭᠠᠭᠤᠯᠢ ᠶᠢᠨ ᠰᠣᠷᠣᠭᠴᠢ ᠡᠯᠰᠡᠬᠦ ᠠᠵᠢᠯ ᠢ ᠴᠢᠩᠭ᠎ᠠ ᠵᠢᠷᠤᠮᠵᠢᠭᠤᠯᠬᠤ ᠲᠤᠬᠠᠶ ᠪᠠᠴᠢᠮ ᠮᠡᠳᠡᠭᠳᠡᠯ ᠪᠠᠭᠤᠯᠭᠠᠵᠤ᠂ ᠬᠦᠬᠡᠬᠤᠳᠠ ᠶᠢᠨ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠣᠷᠣᠭᠴᠢ ᠡᠯᠰᠡᠬᠦ ᠡᠮᠬᠢ ᠵᠢᠷᠤᠮ ᠢ ᠤᠯᠠᠮ ᠨᠢᠭᠡ ᠠᠯᠬᠤᠮ ᠵᠢᠷᠤᠮᠵᠢᠭᠤᠯᠬᠤ ᠲᠤᠬᠠᠶ ᠱᠠᠭᠠᠷᠳᠠᠯᠭ᠎ᠠ ᠳᠤᠷᠠᠳᠪᠠ᠃      ᠮᠡᠳᠡᠭᠳᠡᠯ ᠳᠤ ᠵᠢᠭᠠᠵᠤ ᠭᠠᠷᠭᠠᠭᠰᠠᠨ ᠨᠢ᠂ ᠮᠠᠨ ᠤ ᠬᠤᠲᠠ ᠶᠢᠨ 2020 ᠣᠨ  ᠤ  ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ  ᠶᠢᠨ ᠰᠢᠯᠭᠠᠯᠲᠠ ᠶᠢᠨ ᠬᠢᠷᠢ ᠪᠦᠲᠦᠮᠵᠢ ᠶᠢ ᠨᠡᠶᠢᠲᠡᠯᠡᠭᠰᠡᠨ ᠤ ᠳᠠᠷᠠᠭ᠎ᠠ᠂ ᠬᠡᠰᠡᠭ ᠰᠤᠷᠭᠠᠭᠤᠯᠢ ᠳᠤ ᠲᠣᠭᠲᠠᠭᠠᠯ ᠠᠴᠠ ᠵᠥᠷᠢᠴᠡᠨ ᠤᠬᠠᠭᠤᠯᠬᠤ᠂ ᠲᠣᠭᠲᠠᠭᠠᠯ ᠠᠴᠠ ᠵᠥᠷᠢᠴᠡᠨ ᠰᠤᠷᠤᠭᠴᠢ ᠡᠯᠰᠡᠬᠦ ᠠᠵᠢᠯᠯᠠᠭ᠎ᠠ ᠠᠳᠠᠯᠢ ᠪᠤᠰᠤ ᠬᠡᠮᠵᠢᠶ᠎ᠡ ᠪᠠᠷ ᠭᠠᠷᠴᠤ᠂ ᠮᠠᠨ ᠤ ᠬᠤᠲᠠ ᠶᠢᠨ ᠰᠤᠷᠤᠭᠴᠢ ᠡᠯᠰᠡᠬᠦ ᠡᠮᠬᠢ ᠳᠢᠭᠯᠢᠮ ᠳᠤ ᠮᠠᠭᠤ ᠨᠥᠯᠥᠭᠡ ᠦᠵᠡᠭᠦᠯᠵᠡᠢ᠃ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢ ᠡᠯᠰᠡᠬᠦ ᠠᠵᠢᠯ ᠨᠢ ᠠᠷᠠᠳ ᠣᠯᠠᠨ ᠤ ᠲᠣᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠵᠤ᠂ ᠲᠥᠷᠥ ᠶᠢᠨ ᠪᠣᠳᠣᠯᠭ᠎ᠠ ᠶᠢᠨ ᠴᠢᠨᠠᠷ ᠢᠶᠠᠷ ᠴᠢᠩᠭ᠎ᠠ᠂ ᠬᠤᠯᠪᠣᠭᠳᠠᠬᠤ ᠬᠡᠪᠴᠢᠶ᠎ᠡ ᠥᠷᠭᠡᠨ᠂ ᠨᠡᠶᠢᠭᠡᠮ ᠤᠨ ᠠᠩᠬᠠᠷᠤᠯ ᠤᠨ ᠬᠡᠮᠵᠢᠶ᠎ᠡ ᠥᠨᠳᠥᠷ᠃ ᠡᠯ᠎ᠡ ᠭᠠᠵᠠᠷ ᠡᠯ᠎ᠡ ᠰᠤᠷᠭᠠᠭᠤᠯᠢ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠦᠬᠦ ᠲᠠᠯ᠎ᠠ ᠶᠢᠨ ᠤᠬᠠᠮᠰᠠᠷ᠂ ᠳᠦᠷᠢᠮ ᠲᠣᠭᠲᠠᠭᠠᠯ ᠤᠨ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠦᠨᠡᠨᠬᠦ ᠴᠢᠩᠭᠠᠳᠬᠠᠵᠤ᠂ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠨᠠᠷᠢᠯᠢᠭᠵᠢᠭᠤᠯᠤᠨ᠂ ᠰᠠᠬᠢᠯᠭ᠎ᠠ ᠪᠠᠲᠤ ᠶᠢ ᠰᠠᠬᠢᠵᠤ᠂ ᠶᠣᠰᠣ ᠳᠦᠷᠢᠮ ᠢ  ᠡᠷᠬᠢᠮᠯᠡᠵᠦ᠂ ᠰᠤᠷᠤᠭᠴᠢ ᠡᠯᠰᠡᠬᠦ ᠡᠯ᠎ᠡ  ᠵᠣᠶᠢᠯ ᠤᠨ ᠲᠥᠷᠥ ᠶᠢᠨ ᠪᠣᠳᠣᠯᠭ᠎ᠠ ᠶᠢ ᠴᠢᠩᠭ᠎ᠠ ᠬᠡᠷᠡᠭᠵᠢᠭᠦᠯᠬᠦ ᠶᠢᠨ ᠬᠠᠮᠲᠤ  ᠬᠢᠨᠠᠮᠠᠭᠠᠢ  ᠨᠠᠶᠢᠳᠠᠪᠣᠷᠢᠵᠢᠭᠯᠵᠣ᠂ ᠰᠤᠷᠤᠭᠴᠢ ᠡᠯᠰᠡᠬᠦ ᠠᠵᠢᠯ ᠤᠨ ᠤᠷᠤᠭᠰᠢᠲᠠᠶ ᠶᠠᠪᠤᠭᠳᠠᠬᠤ ᠶᠢ ᠦᠨᠡᠨᠬᠦ ᠪᠠᠲᠤᠯᠠᠬᠤ ᠬᠡᠷᠡᠭᠲᠠᠢ᠃      ᠮᠡᠳᠡᠭᠳᠡᠯ ᠳᠤ ᠱᠠᠭᠠᠷᠳᠠᠭᠰᠠᠨ ᠨᠢ᠂ ᠡᠯ᠎ᠡ ᠭᠠᠵᠠᠷ ᠤᠨ ᠡᠯ᠎ᠡ ᠰᠤᠷᠭᠠᠭᠤᠯᠢ ᠨᠢ ᠰᠤᠷᠤᠭᠴᠢ ᠡᠯᠰᠡᠬᠦ ᠦᠢᠯᠡ ᠠᠵᠢᠯᠯᠠᠭ᠎ᠠ ᠪᠠᠨ ᠴᠢᠩᠭ᠎ᠠ ᠵᠢᠷᠤᠮᠵᠢᠭᠤᠯᠵᠤ᠂ ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠵᠢᠷᠤᠮᠯᠠᠨ᠂ ᠰᠢᠯᠭᠠᠯᠲᠠ ᠬᠢᠵᠦ ᠰᠣᠷᠣᠭᠴᠢ ᠡᠯᠰᠡᠬᠦ ᠠᠵᠢᠯ ᠤᠨ ᠥᠨᠳᠥᠷ ᠪᠦᠲᠦᠮᠵᠢᠲᠡᠶ᠂ ᠡᠮᠬᠢ ᠵᠢᠷᠤᠮ ᠲᠠᠢ ᠬᠡᠷᠡᠭᠵᠢᠭᠦᠯᠦᠭᠳᠡᠬᠦ ᠶᠢ ᠦᠨᠡᠨᠬᠦ ᠪᠠᠲᠤᠯᠠᠬᠤ  ᠬᠡᠷᠡᠭᠲᠠᠢ᠃      ᠲᠣᠭᠲᠠᠭᠠᠯ ᠠᠴᠠ ᠵᠥᠷᠢᠴᠡᠨ ᠰᠣᠷᠣᠭᠴᠢ ᠡᠯᠰᠡᠬᠦ ᠤᠬᠠᠭᠤᠯᠭ᠎ᠠ ᠶᠢ ᠴᠢᠩᠭ᠎ᠠ  ᠬᠤᠷᠢᠨ᠎ᠠ  ᠃ ᠡᠯ᠎ᠡ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ   ᠨᠢ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠪᠤᠶᠤ  ᠰᠣᠷᠣᠭᠴᠢᠳ ᠤᠨ ᠭᠡᠷ ᠲᠤ ᠰᠤᠷᠤᠭᠴᠢ ᠡᠯᠰᠡᠬᠦ ᠤᠬᠠᠭᠤᠯᠭ᠎ᠠ ᠬᠢᠬᠦ ᠶᠢ ᠴᠢᠩᠭ᠎ᠠ  ᠬᠤᠷᠢᠨ᠎ᠠ᠂ ᠶᠠᠮᠠᠷᠪᠠ ᠠᠷᠭ᠎ᠠ ᠮᠠᠶ᠋ᠢᠭ ᠢᠶᠠᠷ ᠲᠣᠰ ᠰᠤᠷᠭᠠᠭᠤᠯᠢ ᠶᠢᠨ ᠢᠶᠠᠨ ᠲᠡᠭᠡᠳᠣ ᠰᠤᠷᠭᠠᠭᠤᠯᠢ ᠳᠤ ᠰᠤᠷᠤᠭᠴᠢ ᠡᠯᠰᠡᠬᠦ  ᠰᠢᠯᠭᠠᠯᠳᠠ ᠶᠢᠨ ᠬᠢᠷᠢ ᠪᠦᠲᠦᠮᠵᠢ ᠪᠤᠶᠤ ᠲᠡᠭᠡᠳᠣ ᠰᠤᠷᠭᠠᠭᠤᠯᠢ ᠳᠤ ᠰᠤᠷᠤᠭᠴᠢ ᠡᠯᠰᠡᠬᠦ ᠰᠢᠯᠭᠠᠯᠲᠠ ᠶᠢᠨ ᠨᠡᠷᠡᠰ ᠤᠨ ᠵᠢᠭᠰᠠᠭᠠᠯᠳᠠ ᠵᠡᠷᠭᠡ ᠶᠢ ᠨᠡᠶᠢᠭᠡᠮ ᠳᠤ ᠨᠡᠶᠢᠲᠡᠯᠡᠬᠦ ᠪᠤᠶᠤ ᠤᠬᠠᠭᠤᠯᠬᠤ ᠶᠢ ᠴᠢᠩᠭ᠎ᠠ ᠬᠤᠷᠢᠨ᠎ᠠ᠂ ᠬᠤᠳᠠᠯ ᠬᠠᠭᠤᠷᠮᠠᠭ ᠤᠬᠠᠭᠤᠯᠭ᠎ᠠ ᠬᠢᠬᠦ᠂ ᠥᠰᠬᠡᠭᠡᠨ ᠲᠥᠰᠬᠡᠭᠡᠨ ᠲᠠᠢ ᠤᠬᠠᠭᠤᠯᠬᠤ ᠶᠢ ᠴᠢᠩᠭ᠎ᠠ ᠬᠤᠷᠢᠨ᠎ᠠ᠃      ᠳᠤᠷ᠎ᠠ ᠪᠠᠷ ᠢᠶᠠᠨ ᠤᠷᠢᠳᠴᠢᠯᠠᠨ ᠰᠤᠷᠤᠭᠴᠢ ᠡᠯᠰᠡᠬᠦ ᠶᠢ ᠴᠢᠩᠭ᠎ᠠ ᠬᠤᠷᠢᠨ᠎ᠠ᠃ ᠡᠯ᠎ᠡ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ︵ᠠᠷᠠᠳ ᠠᠴᠠ ᠡᠷᠬᠢᠯᠡᠭᠰᠡᠨ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠪᠠᠭᠲᠠᠨ᠎ᠠ︶ ᠨᠤᠭᠤᠳ ᠪᠦᠬᠦ ᠬᠤᠲᠠ ᠶᠢᠨ ᠨᠢᠭᠡᠳᠦᠯᠲᠡᠢ ᠪᠠᠶᠢᠷᠢᠯᠠᠭᠤᠯᠤᠯᠲᠠ ᠪᠠ ᠲᠣᠭᠲᠠᠭᠰᠠᠨ ᠴᠠᠭ ᠲᠤ  ᠰᠤᠷᠤᠭᠴᠢ ᠡᠯᠰᠡᠬᠦ   ᠶᠢ  ᠴᠢᠩᠭ᠎ᠠ  ᠵᠢᠷᠤᠮᠯᠠᠬᠤ  ᠬᠡᠷᠡᠭᠲᠡᠢ᠃   ᠵᠦᠪᠰᠢᠶᠡᠷᠡᠯ ᠦᠭᠡᠢ ᠪᠣᠯ ᠶᠠᠮᠠᠷᠪᠠ ᠰᠢᠯᠲᠠᠭᠠᠨ ᠢᠶᠠᠷ ᠤᠷᠢᠳᠴᠢᠯᠠᠨ ᠰᠤᠷᠤᠭᠴᠢ ᠡᠯᠰᠡᠵᠦ ᠪᠣᠯᠬᠤ ᠦᠭᠡᠢ᠃  ᠪᠡᠶ᠎ᠡ   ᠪᠠᠨ ᠲᠠᠭᠠᠭᠠᠵᠣ ᠰᠤᠷᠤᠭᠴᠢ ᠡᠯᠰᠡᠬᠦ ᠳᠤ ᠲᠤᠰᠬᠠᠶ ᠮᠡᠷᠭᠡᠵᠢᠯ ᠤᠨ ᠰᠢᠯᠭᠠᠯᠲᠠ ᠪᠠ ᠨᠢᠭᠤᠷᠳᠠᠨ ᠰᠢᠯᠭᠠᠯᠲᠠ ᠬᠢᠬᠦ  ᠴᠢᠬᠤᠯᠨ ᠲᠠᠢ ᠬᠤᠯᠪᠣᠭᠳᠠᠯ ᠪᠦᠬᠦᠢ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ  ᠨᠢ ᠡᠷᠬᠡᠪᠰᠢ ᠳᠡᠰ ᠳᠠᠷᠠᠭᠠᠯᠠᠯ ᠶᠣᠰᠣᠭᠠᠷ ᠪᠡᠶ᠎ᠡ ᠪᠠᠨ ᠳᠠᠭᠠᠭᠠᠵᠤ ᠰᠤᠷᠤᠭᠴᠢ ᠡᠯᠰᠡᠬᠦ ᠲᠥᠰᠦᠯ ᠢᠶᠠᠨ ᠰᠤᠷᠭᠠᠨ  ᠬᠦᠮᠣᠵᠢᠯ ᠤᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ ᠰᠠᠶ᠋ᠢ ᠵᠣᠬᠢᠶᠠᠨ ᠪᠠᠶᠢᠭᠤᠯᠤᠨ ᠬᠡᠷᠡᠭᠵᠢᠭᠦᠯᠵᠦ ᠪᠣᠯᠤᠨ᠎ᠠ᠃      ᠬᠡᠪᠴᠢᠶ᠎ᠡ ᠪᠠ ᠲᠥᠯᠥᠪᠯᠡᠭᠡ ᠠᠴᠠ ᠳᠠᠪᠠᠭᠤᠯᠤᠨ ᠰᠤᠷᠤᠭᠴᠢ ᠡᠯᠰᠡᠬᠦ ᠶᠢ ᠴᠢᠩᠭ᠎ᠠ ᠬᠤᠷᠢᠨ᠎ᠠ᠃ ︽2020 ᠣᠨ ᠤ ᠥᠨᠳᠥᠷ ᠳᠤᠮᠳᠠᠳᠤ ᠶᠢᠨ ᠱᠠᠲᠤᠨ ᠤ ᠰᠣᠷᠣᠭᠴᠢ ᠡᠯᠰᠡᠬᠦ ᠠᠵᠢᠯ ᠤᠨ ᠲᠤᠬᠠᠶ ᠬᠥᠬᠡᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠮᠡᠳᠡᠭᠳᠡᠯ︾ ︵ᠬᠥᠬᠡᠬᠤᠲᠠ  ᠶᠢᠨ ᠰᠤᠷᠭᠠᠨ ᠬᠥᠮᠦᠵᠢᠯ ᠤᠨ ᠠᠯᠪᠠᠨ ᠥᠰᠥᠭ ︹ 2020 ︺ 5  ᠳ᠋ᠣᠭᠠᠷ ᠲᠣᠭᠠᠲᠤ︶ ᠤᠨ ᠲᠣᠭᠲᠠᠭᠠᠭᠰᠠᠨ ᠰᠣᠷᠣᠭᠴᠢ ᠡᠯᠰᠡᠬᠦ ᠬᠡᠪᠴᠢᠶ᠎ᠡ ᠶᠢ ᠴᠢᠩᠭ᠎ᠠ ᠬᠡᠷᠡᠭᠵᠢᠭᠦᠯᠵᠦ᠂ ᠬᠤᠲᠠ ᠶᠢᠨ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠵᠥᠪᠰᠢᠶᠡᠷᠡᠯ ᠦᠭᠡᠢ ᠪᠠᠷ  ᠬᠤᠰᠢᠭᠤ ᠰᠢᠶᠠᠨ ᠤ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠨᠢ ᠬᠤᠰᠢᠭᠤ ᠰᠢᠶᠠᠨ ᠠᠯᠤᠰᠯᠠᠨ ᠰᠤᠷᠤᠭᠴᠢ ᠡᠯᠰᠡᠵᠦ ᠪᠣᠯᠬᠤ ᠦᠭᠡᠢ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ  ᠤᠨ ᠵᠥᠪᠰᠢᠶᠡᠷᠡᠯ ᠦᠭᠡᠢ ᠪᠣᠯ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠠᠶᠢᠮᠠᠭ ᠬᠤᠲᠠ ᠠᠯᠤᠰᠯᠠᠨ ᠰᠤᠷᠤᠭᠴᠢ ᠡᠯᠰᠡᠵᠦ ᠪᠣᠯᠬᠤ ᠦᠭᠡᠢ᠃ ᠡᠯ᠎ᠡ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠨᠢ ᠴᠥᠮ ᠬᠤᠲᠠ ᠶᠢᠨ ᠬᠠᠷᠢᠶ᠎ᠠ ᠬᠤᠰᠢᠭᠤ ᠰᠢᠶᠠᠨ ᠠᠴᠠ ᠨᠢᠭᠡᠳᠦᠯᠲᠡᠶ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠢᠯᠭᠠᠯᠲᠠ ᠳᠤ ᠣᠷᠣᠯᠴᠠᠭᠰᠠᠨ ᠰᠢᠯᠭᠠᠭᠤᠯᠤᠭᠴᠢ᠂ ᠮᠠᠨ ᠤ ᠬᠤᠲᠠ ᠶᠢᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠢᠯᠭᠠᠯᠲᠠ ᠳᠤ ᠣᠷᠣᠯᠴᠠᠭᠰᠠᠨ ᠦᠭᠡᠢ ᠪᠠ ᠬᠠᠮᠤᠭ ᠳᠣᠣᠷ᠎ᠠ ᠬᠢᠵᠠᠭᠠᠷᠯᠠᠬᠤ ᠬᠤᠪᠢ ᠶᠢᠨ ᠱᠤᠭᠤᠮ‌ᠡᠴᠠ ᠳᠣᠷᠣᠭᠰᠢᠬᠢ ᠰᠤᠷᠤᠭᠴᠢ ᠶᠢ ᠡᠯᠰᠡᠵᠦ ᠪᠣᠯᠬᠤ ᠦᠭᠡᠢ᠃      ᠲᠥᠪ ᠪᠤᠰᠤ ᠠᠷᠭ᠎ᠠ ᠪᠠᠷᠢᠯ ᠢᠶᠠᠷ ᠰᠤᠷᠤᠭᠴᠢ ᠡᠯᠰᠡᠬᠦ ᠶᠢ ᠴᠢᠩᠭ᠎ᠠ ᠬᠤᠷᠢᠨ᠎ᠠ᠃ ᠰᠤᠷᠤᠯᠭ᠎ᠠ ᠶᠢᠨ ᠰᠤᠯᠠ ᠵᠠᠷᠤᠳᠠᠯ ᠢ ᠬᠠᠰᠤᠵᠤ ᠭᠡᠯᠳᠦᠷᠢᠭᠦᠯᠬᠦ᠂ ᠠᠮᠢᠳᠤᠷᠠᠯ ᠤᠨ ᠵᠠᠷᠤᠳᠠᠯ ᠢ ᠨᠥᠬᠦᠪᠥᠷᠢᠯᠡᠬᠦ᠂ ᠰᠢᠯᠭᠠᠯᠲᠠ ᠶᠢᠨ ᠬᠢᠷᠢ ᠪᠦᠲᠦᠮᠵᠢ ᠶᠢᠨ ᠨᠡᠷᠡᠰ ᠤᠨ ᠵᠢᠭᠰᠠᠭᠠᠯᠲᠠ  ᠳᠤ  ᠤᠷᠢᠲᠠᠭᠤᠷ ᠵᠢᠬᠰᠠᠭᠠᠬᠲᠠᠬᠰᠠᠨ  ᠰᠤᠷᠤᠬᠴᠢ ᠶᠢ ᠬᠥᠬᠢᠭᠦᠯᠬᠦ ᠵᠡᠷᠭᠡ ᠵᠦᠶ ᠪᠤᠰᠤ ᠠᠷᠭ᠎ᠠ ᠪᠠᠷᠢᠯ ᠢᠶᠠᠷ ᠰᠣᠷᠣᠭᠴᠢ ᠡᠯᠰᠡᠵᠦ ᠪᠣᠯᠬᠤ ᠥᠬᠡᠶ︔ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠤᠳᠤᠷᠢᠳᠤᠯᠭ᠎ᠠ᠂ ᠠᠩᠭᠢ ᠶᠢᠨ ᠡᠷᠬᠢᠯᠡᠭᠴᠢ᠂ ᠪᠠᠭᠰᠢ   ᠶᠢ ᠵᠠᠯᠠᠵᠤ ᠲᠠᠶᠢᠯᠬᠤ  ᠪᠤᠶᠤ  ᠬᠦᠢᠬᠦᠯᠦᠨ ᠱᠠᠩᠨᠠᠬᠤ ᠵᠡᠷᠭᠡ ᠵᠦᠢ ᠪᠤᠰᠤ ᠠᠷᠭ᠎ᠠ ᠪᠠᠷᠢᠯ ᠢᠶᠠᠷ ᠰᠣᠷᠣᠭᠴᠢ  ᠡᠯᠰᠡᠵᠦ   ᠪᠣᠯᠬᠤ ᠥᠬᠡᠶ︔ ᠤᠷᠢᠳᠠᠪᠠᠷ  ᠨᠢᠭᠡᠨᠲᠡ ᠪᠤᠰᠤᠳ ᠰᠤᠷᠭᠠᠭᠤᠯᠢ ︵ᠠᠵᠢᠯ ᠮᠡᠷᠭᠡᠵᠢᠯ ᠤᠨ ᠰᠤᠷᠭᠠᠭᠤᠯᠢ ᠪᠠᠭᠲᠠᠨ᠎ᠠ︶ ᠳᠤ ᠡᠯᠰᠡᠭᠳᠡᠭᠰᠡᠨ ᠰᠣᠷᠣᠭᠴᠢ  ᠶᠢ ᠭᠥᠯᠢᠶᠡᠨ ᠠᠪᠴᠤ ᠪᠣᠯᠬᠤ ᠥᠬᠡᠶ︔ ᠶᠠᠮᠠᠷᠪᠠ ᠨᠢᠭᠡᠴᠡ ᠪᠣᠯᠤᠨ ᠬᠤᠪᠢ ᠬᠥᠮᠦᠨ ᠭᠡᠳ ᠰᠣᠷᠣᠭᠴᠢ ᠡᠯᠰᠡᠬᠦ ᠰᠤᠷᠭᠠᠭᠤᠯᠢ ᠳᠤ ᠰᠣᠷᠣᠭᠴᠢ ᠶᠢᠨ ᠢᠷᠡᠯᠲᠡ ᠶᠢ ᠲᠠᠨᠢᠯᠴᠠᠭᠤᠯᠬᠤ ᠪᠠ ᠵᠣᠬᠢᠶᠠᠨ  ᠪᠠᠶᠢᠭᠤᠯᠵᠤ ᠨᠡᠷ᠎ᠡ ᠮᠡᠳᠡᠭᠦᠯᠵᠦ ᠪᠣᠯᠬᠤ ᠥᠬᠡᠶ︔ ᠠᠯᠪᠠᠨ ᠠᠴᠠ ᠡᠷᠬᠢᠯᠡᠭᠰᠡᠨ ᠰᠤᠷᠭᠠᠭᠤᠯᠢ ᠬᠢᠭᠡᠳ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠬᠤᠯᠢᠯᠳᠤᠨ ᠰᠤᠷᠤᠭᠴᠢ ᠡᠯᠰᠡᠬᠦ᠂ ᠬᠤᠯᠢᠯᠳᠤᠭᠤᠯᠤᠨ ᠠᠩᠭᠢ ᠬᠤᠪᠢᠶᠠᠬᠤ ᠶᠢ ᠴᠢᠩᠭ᠎ᠠ  ᠬᠤᠷᠢᠨ᠎ᠠ᠃      ᠰᠤᠷᠤᠭᠴᠢᠳ ᠤᠨ ᠡᠷᠡᠮᠡᠯᠵᠡᠯ ᠲᠠᠭᠯᠠᠨ ᠮᠡᠳᠡᠭᠦᠯᠬᠦ ᠳᠤ ᠭᠠᠷ ᠲᠦᠷᠦᠭᠦ ᠶᠢ ᠴᠢᠩᠭ᠎ᠠ ᠬᠤᠷᠢᠨ᠎ᠠ᠃ ᠰᠢᠯᠭᠠᠭᠤᠯᠤᠭᠴᠢ ᠶᠢᠨ ᠡᠷᠡᠮᠡᠯᠵᠡᠯ ᠢ ᠴᠥᠮ ᠰᠢᠯᠭᠠᠭᠤᠯᠤᠭᠴᠢ ᠲᠣᠰ ᠬᠥᠮᠦᠨ ᠨᠢ ᠬᠡᠷ ᠤᠨ ᠠᠬᠠᠮᠠᠳ ᠲᠠᠢ   ᠪᠠᠨ ᠵᠦᠪᠳᠡᠯᠴᠡᠨ  ᠲᠤᠬᠲᠠᠭᠠᠨ᠎ᠠ  ᠂ ᠶᠠᠮᠠᠷᠪᠠ ᠨᠢᠭᠡᠴᠡ ᠪᠠ ᠬᠤᠪᠢ ᠬᠥᠮᠦᠨ ᠵᠢᠯᠣᠭᠤᠳᠣᠯᠭ᠎ᠠ ᠦᠭᠬᠦ  ᠨᠡᠷ᠎ᠡ ᠪᠠᠷ ᠪᠤᠶᠤ ᠡᠷᠡᠮᠡᠯᠵᠡᠯ ᠲᠠᠭᠯᠠᠨ  ᠮᠡᠳᠡᠬᠦᠯᠬᠦ ᠵᠡᠷᠭᠡ  ᠣᠶᠢᠯᠠ ᠠᠵᠢᠯᠯᠠᠭ᠎ᠠ ᠪᠠᠷ    ᠲᠦᠯᠦᠪᠦᠷᠢ ᠬᠤᠷᠢᠶᠠᠬᠤ ᠶᠢ ᠴᠢᠩᠭ᠎ᠠ ᠬᠤᠷᠢᠨ᠎ᠠ᠃ ᠰᠤᠷᠭᠠᠭᠤᠯᠢ ᠨᠤᠭᠤᠳ ᠰᠢᠯᠭᠠᠭᠤᠯᠤᠭᠴᠢ ᠶᠢ ᠵᠥᠪ ᠣᠨᠣᠪᠴᠢᠲᠠᠶ ᠬᠥᠲᠥᠯᠥᠨ ᠵᠢᠯᠣᠭᠤᠳᠴᠤ ᠪᠠᠶᠢᠭᠠᠳ ᠡᠷᠡᠮᠡᠯᠵᠡᠯ ᠲᠠᠭᠯᠠᠭᠤᠯᠬᠤ ᠶᠢᠨ ᠬᠠᠮᠲᠤ ᠰᠢᠯᠭᠠᠭᠤᠯᠤᠭᠴᠢ ᠳ᠋ᠤ᠋‌ᠡᠷᠡᠮᠡᠯᠵᠡᠯ ᠲᠠᠭᠯᠠᠬᠤ ᠭᠠᠵᠠᠷ ᠲᠠᠯᠠᠪᠤᠷ ᠬᠠᠩᠭᠠᠬᠤ ᠬᠡᠷᠡᠭᠲᠡᠶ᠃      ᠳᠤᠷ᠎ᠠ ᠪᠠᠷ ᠢᠶᠠᠨ ᠰᠣᠶᠢᠳᠬᠡᠯ ᠬᠤᠷᠢᠶᠠᠬᠤ ᠶᠢ ᠴᠢᠩᠭ᠎ᠠ ᠬᠤᠷᠢᠨ᠎ᠠ᠃ ᠪᠠᠷᠠᠭ᠎ᠠ ᠶᠢᠨ ᠦᠨ᠎ᠡ  ᠶᠢ  ᠬᠠᠮᠢᠶᠠᠷᠠᠬᠤ ᠰᠠᠯᠠᠭ᠎ᠠ ᠮᠥᠴᠢᠷ ᠤᠨ ᠵᠥᠪᠰᠢᠶᠡᠷᠡᠭᠰᠡᠨ ᠪᠠᠷᠢᠮᠵᠢᠶ᠎ᠠ ᠶᠣᠰᠣᠭᠠᠷ ᠰᠤᠷᠤᠯᠭ᠎ᠠ ᠶᠢᠨ  ᠲᠦᠯᠦᠪᠦᠷᠢ ᠪᠠ ᠪᠤᠰᠤᠳ ᠲᠣᠭᠲᠠᠭᠠᠯ ᠤᠨ  ᠶᠣᠰᠣᠭᠠᠷ  ᠲᠦᠯᠦᠪᠦᠷᠢ ᠬᠤᠷᠢᠶᠠᠨ᠎ᠠ  ᠂ ᠶᠠᠮᠠᠷᠪᠠ ᠬᠡᠯᠪᠡᠷᠢ ᠶᠢᠨ ᠰᠤᠷᠭᠠᠭᠤᠯᠢ ᠰᠣᠩᠭᠤᠬᠤ ᠲᠦᠯᠦᠪᠦᠷᠢ᠂ ᠠᠩᠭᠢ ᠬᠤᠪᠢᠶᠠᠬᠤ ᠲᠦᠯᠦᠪᠦᠷᠢ ᠬᠤᠷᠢᠶᠠᠬᠤ ᠵᠡᠷᠭᠡ ᠶᠢ ᠴᠢᠩᠭ᠎ᠠ  ᠬᠤᠷᠢᠨ᠎ᠠ  ᠃ ᠶᠠᠮᠠᠷᠪᠠ ᠰᠤᠷᠭᠠᠭᠤᠯᠢ ᠭᠡᠳ ᠰᠤᠷᠭᠠᠭᠤᠯᠢ ᠳᠤ ᠣᠷᠣᠬᠤ ᠯᠤᠭ᠎ᠠ ᠬᠤᠯᠪᠣᠭᠳᠠᠭᠤᠯᠤᠭᠰᠠᠨ ︽ᠰᠤᠷᠤᠯᠭ᠎ᠠ ᠶᠢᠨ  ᠲᠡᠳᠬᠦᠮᠵᠢ ᠶᠢᠨ  ᠬᠠᠨᠳᠢᠪ ᠮᠥᠩᠭᠦ︾ ᠶᠢ ᠬᠤᠷᠢᠶᠠᠬᠤ ᠪᠤᠶᠤ ᠬᠡᠯᠪᠡᠷᠢ ᠶᠢ ᠨᠢ ᠥᠭᠡᠷᠡᠲᠦᠭᠦᠯᠦᠨ ᠬᠤᠷᠢᠶᠠᠬᠤ ᠶᠢ ᠴᠢᠩᠭ᠎ᠠ  ᠬᠤᠷᠢᠨ᠎ᠠ  ᠃      ᠰᠤᠷᠭᠠᠭᠤᠯᠢ ᠶᠢᠨ ᠬᠠᠷᠢᠶ᠎ᠠ ᠶᠢᠨ ᠬᠠᠮᠢᠶᠠᠷᠤᠯᠲᠠ ᠶᠢ ᠴᠢᠩᠭ᠎ᠠ ᠵᠢᠷᠤᠮᠵᠢᠭᠤᠯᠤᠨ᠎ᠠ᠃ ᠲᠣᠭᠲᠠᠭᠠᠯ ᠠᠴᠠ ᠵᠥᠷᠢᠴᠡᠨ ᠡᠯᠰᠡᠭᠰᠡᠨ ᠰᠤᠷᠤᠭᠴᠢ ᠪᠦᠬᠦᠨ ᠴᠥᠮ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠭᠤᠯᠢ  ᠶᠢᠨ ᠬᠠᠷᠢᠶ᠎ᠠ ᠶᠢ ᠳᠠᠩᠰᠠᠯᠠᠵᠤ ᠪᠣᠯᠬᠤ ᠦᠭᠡᠢ᠃ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠠᠷᠢᠶ᠎ᠠ ᠣᠯᠤᠭᠰᠠᠨ ᠦᠭᠡᠢ ᠰᠤᠷᠤᠭᠴᠢ᠂ ᠰᠤᠷᠭᠠᠭᠤᠯᠢ ᠳᠤ ᠪᠠᠶᠢᠭ᠎ᠠ ᠰᠤᠷᠤᠭᠴᠢ ᠶᠢᠨ ᠬᠤᠪᠢ ᠪᠠᠷ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ  ᠰᠣᠷᠣᠯᠭ᠎ᠠ ᠶᠢᠨ ᠬᠢᠷᠢ ᠲᠦᠪᠰᠢᠨ ᠤ ᠰᠢᠯᠭᠠᠯᠲᠠ ᠳᠤ ᠣᠷᠣᠯᠴᠠᠵᠤ ᠪᠣᠯᠬᠤ ᠦᠭᠡᠶ᠂ ᠲᠤᠰ ᠬᠤᠭᠤᠴᠠᠭᠠᠨ ᠤ ᠲᠡᠭᠦᠰᠬᠦ ᠰᠤᠷᠤᠭᠴᠢ ᠶᠢᠨ ᠬᠤᠪᠢ ᠪᠠᠷ ᠳᠡᠭᠡᠳᠦ ᠰᠤᠷᠭᠠᠭᠤᠯᠢ ᠶᠢᠨ ᠰᠢᠯᠭᠠᠯᠲᠠ ᠳᠤ ᠣᠷᠣᠯᠴᠠᠵᠤ ᠪᠣᠯᠬᠤ ᠦᠭᠡᠶ᠃ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠲᠡᠭᠦᠰᠦᠭᠰᠡᠨ ᠦᠨᠡᠮᠯᠡᠯ ᠢ ᠬᠢᠨᠠᠨ ᠣᠯᠭᠤᠵᠤ ᠪᠣᠯᠬᠤ ᠥᠬᠡᠶ᠃ ︽ᠬᠥᠮᠦᠨ ᠬᠠᠷᠢᠶ᠎ᠠ ᠶᠢ ᠰᠠᠯᠭᠠᠬᠤ︾᠂ ᠬᠤᠭᠤᠰᠣᠨ ᠡᠯᠭᠦᠮᠡᠯ ᠰᠤᠷᠭᠠᠭᠤᠯᠢ ᠶᠢᠨ ᠬᠠᠷᠢᠶ᠎ᠠ᠂ ᠰᠤᠷᠭᠠᠭᠤᠯᠢ ᠶᠢᠨ ᠬᠠᠷᠢᠶ᠎ᠠ ᠶᠢ ᠬᠠᠭᠤᠷᠮᠠᠭ   ᠢᠶᠠᠷ ᠵᠣᠬᠢᠶᠠᠬᠤ ᠵᠡᠷᠭᠡ ᠦᠵᠡᠭᠳᠡᠯ ᠭᠠᠷᠬᠤ ᠶᠢ ᠴᠢᠩᠭ᠎ᠠ  ᠬᠤᠷᠢᠨ᠎ᠠ᠂ ᠲᠣᠭᠲᠠᠭᠠᠯ ᠠᠴᠠ ᠵᠥᠷᠢᠴᠡᠨ ᠣᠷᠣᠨ ᠪᠦᠰᠡ ᠠᠯᠤᠰᠯᠠᠨ ᠡᠯᠰᠡᠭᠰᠡᠨ ᠰᠤᠷᠤᠭᠴᠢ ᠪᠣᠯᠤᠨ ᠲᠣᠭᠲᠠᠭᠠᠯ ᠠᠴᠠ ᠵᠥᠷᠢᠴᠡᠨ ᠰᠤᠷᠭᠠᠭᠤᠯᠢ ᠰᠢᠯᠵᠢᠭᠰᠡᠨ ᠰᠤᠷᠤᠭᠴᠢᠳ ᠲᠤ ᠰᠤᠷᠭᠠᠭᠤᠯᠢ ᠶᠢᠨ ᠬᠠᠷᠢᠶᠠᠯᠠᠯ ᠢ ᠰᠢᠯᠵᠢᠭᠦᠯᠦᠨ ᠵᠠᠯᠭᠠᠵᠤ ᠥᠭᠴᠦ ᠪᠣᠯᠬᠤ ᠦᠭᠡᠶ᠃ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠪᠠ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ︽ᠳᠠᠪᠬᠤᠷ ᠰᠤᠷᠭᠠᠭᠤᠯᠢ ᠶᠢᠨ ᠬᠠᠷᠢᠶᠠᠯᠠᠯ︾ ᠢ ᠬᠠᠮᠲᠤ ᠳᠤᠨᠢ ᠪᠤᠶᠤ ᠰᠣᠯᠪᠢᠴᠠᠭᠤᠯᠤᠨ ᠳᠠᠩᠰᠠᠯᠠᠭᠤᠯᠬᠤ ᠶᠢ ᠴᠢᠩᠭ᠎ᠠ  ᠬᠤᠷᠢᠨ᠎ᠠ᠃      ︽ᠲᠥᠷᠥᠯ  ᠵᠣᠶᠢᠯ ᠤᠨ ᠠᠩᠭᠢ︾ ᠶᠢᠨ ᠬᠠᠮᠢᠶᠠᠷᠤᠯᠲᠠ ᠶᠢ ᠴᠢᠩᠭ᠎ᠠ ᠵᠢᠷᠤᠮᠵᠢᠭᠤᠯᠤᠨ᠎ᠠ᠃ ᠬᠢᠨᠠᠨ  ᠵᠦᠪᠰᠢᠶᠡᠷᠡᠯ ᠦᠬᠡᠢ ᠢᠶᠠᠷ ︽ᠣᠯᠠᠨ ᠤᠯᠤᠰ ᠤᠨ ᠠᠩᠭᠢ︾᠂ ︽ᠲᠤᠷᠰᠢᠯᠲᠠ ᠶᠢᠨ ᠠᠩᠭᠢ︾᠂ᠵᠡᠷᠭᠡ ︽ᠲᠥᠷᠥᠯ ᠵᠣᠶᠢᠯ  ᠤᠨ ᠠᠩᠭᠢ︾ ᠪᠣᠯᠤᠨ ᠵᠦᠷᠢᠶᠡᠴᠢᠯᠡᠭᠰᠡᠨ ᠵᠢᠭᠠᠨ ᠰᠤᠷᠭᠠᠯᠲᠠ ᠶᠢᠨ ᠲᠥᠰᠦᠯ ᠢ ᠲᠤᠰᠠᠭᠠᠷ ᠲᠣᠭᠲᠠᠭᠠᠵᠤ ᠬᠡᠷᠡᠭᠵᠢᠭᠦᠯᠦᠭᠰᠡᠨ ᠦᠭᠡᠢ ᠵᠡᠷᠭᠡ ︽ᠲᠥᠷᠥᠯ ᠵᠣᠶᠢᠯ  ᠤᠨ ᠠᠩᠭᠢ︾ ᠶᠢᠨ ᠨᠡᠷ᠎ᠡ ᠪᠠᠷ ᠳᠤᠷ᠎ᠠ  ᠪᠠᠷ ᠢᠶᠠᠨ ᠲᠦᠯᠦᠪᠦᠷᠢ ᠬᠤᠷᠢᠶᠠᠵᠤ  ᠪᠠᠶᠢᠪᠠᠯ ᠴᠥᠮ ᠰᠤᠷᠤᠭᠴᠢ ᠡᠯᠰᠡᠵᠦ ᠪᠣᠯᠬᠤ ᠦᠭᠡᠢ᠃ ᠬᠢᠨᠠᠨ ᠵᠥᠪᠰᠢᠶᠡᠷᠡᠭᠦᠯᠦᠭᠰᠡᠨ ᠮᠥᠷᠲᠡᠭᠡᠨ ᠱᠠᠭᠠᠷᠳᠠᠯᠭ᠎ᠠ ᠳᠤ ᠨᠡᠶᠢᠴᠡᠭᠰᠡᠨ ︽ᠲᠥᠷᠥᠯ ᠵᠦᠢᠯ ᠤᠨ ᠠᠩᠭᠢ︾ ᠶᠢᠨ ᠰᠤᠷᠤᠭᠴᠢ ᠡᠯᠰᠡᠬᠦ ᠬᠤᠪᠢ ᠨᠢ ᠮᠠᠨ ᠤ ᠬᠤᠲᠠ ᠶᠢᠨ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ  ᠬᠠᠮᠤᠭ ᠳᠣᠣᠷ᠎ᠠ ᠬᠢᠵᠠᠭᠠᠷᠯᠠᠬᠤ ᠬᠤᠪᠢ ᠶᠢᠨ ᠱᠤᠭᠤᠮ ᠠᠴᠠ ᠳᠣᠣᠷ᠎ᠠ ᠪᠠᠶᠢᠵᠤ ᠪᠣᠯᠬᠤ ᠦᠭᠡᠢ᠃ ᠰᠤᠷᠤᠭᠴᠢᠳ ᠰᠤᠷᠭᠠᠭᠤᠯᠢ ᠳᠤ ᠣᠷᠣᠬᠤ ᠪᠠ ᠰᠤᠷᠤᠯᠴᠠᠵᠤ ᠪᠠᠶᠢᠬᠤ ᠬᠤᠭᠤᠴᠠᠭᠠᠨ ᠳᠠᠭᠠᠨ ᠡᠩ ᠤᠨ ᠠᠩᠬᠢ ᠳᠤ  ᠰᠢᠯᠵᠢᠨ ᠣᠷᠣᠵᠤ ᠪᠣᠯᠬᠤ ᠤᠢᠭᠡᠢ᠃
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号