ᠬᠦᠬᠡᠬᠤᠳᠠ ᠶᠢᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠮᠢᠶᠣᠣ ᠴᠢᠩ︶ 8 ᠰᠠᠷ᠎ᠠ ᠶᠢᠨ 11 ᠤ ᠡᠳᠦᠷ᠂ ᠬᠥᠬᠡᠬᠤᠲᠠ ᠶᠢᠨ ᠰᠤᠷᠭᠠᠨ | ᠬᠥᠮᠦᠵᠢᠯ ᠤᠨ ᠲᠣᠪᠴᠢᠶ᠎ᠠ ᠠᠴᠠ 2020 ᠣᠨ ᠤ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠣᠷᠣᠭᠴᠢ ᠡᠯᠰᠡᠬᠦ ᠠᠵᠢᠯ ᠢ ᠴᠢᠩᠭ᠎ᠠ | ᠵᠢᠷᠤᠮᠵᠢᠭᠤᠯᠬᠤ ᠲᠤᠬᠠᠶ ᠪᠠᠴᠢᠮ ᠮᠡᠳᠡᠭᠳᠡᠯ ᠪᠠᠭᠤᠯᠭᠠᠵᠤ᠂ ᠬᠦᠬᠡᠬᠤᠳᠠ ᠶᠢᠨ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠣᠷᠣᠭᠴᠢ ᠡᠯᠰᠡᠬᠦ | ᠡᠮᠬᠢ ᠵᠢᠷᠤᠮ ᠢ ᠤᠯᠠᠮ ᠨᠢᠭᠡ ᠠᠯᠬᠤᠮ ᠵᠢᠷᠤᠮᠵᠢᠭᠤᠯᠬᠤ ᠲᠤᠬᠠᠶ ᠱᠠᠭᠠᠷᠳᠠᠯᠭ᠎ᠠ ᠳᠤᠷᠠᠳᠪᠠ᠃ | ᠮᠡᠳᠡᠭᠳᠡᠯ ᠳᠤ ᠵᠢᠭᠠᠵᠤ ᠭᠠᠷᠭᠠᠭᠰᠠᠨ ᠨᠢ᠂ ᠮᠠᠨ ᠤ ᠬᠤᠲᠠ ᠶᠢᠨ 2020 ᠣᠨ ᠤ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ | ᠰᠢᠯᠭᠠᠯᠲᠠ ᠶᠢᠨ ᠬᠢᠷᠢ ᠪᠦᠲᠦᠮᠵᠢ ᠶᠢ ᠨᠡᠶᠢᠲᠡᠯᠡᠭᠰᠡᠨ ᠤ ᠳᠠᠷᠠᠭ᠎ᠠ᠂ ᠬᠡᠰᠡᠭ ᠰᠤᠷᠭᠠᠭᠤᠯᠢ ᠳᠤ ᠲᠣᠭᠲᠠᠭᠠᠯ ᠠᠴᠠ ᠵᠥᠷᠢᠴᠡᠨ ᠤᠬᠠᠭᠤᠯᠬᠤ᠂ ᠲᠣᠭᠲᠠᠭᠠᠯ ᠠᠴᠠ | ᠵᠥᠷᠢᠴᠡᠨ ᠰᠤᠷᠤᠭᠴᠢ ᠡᠯᠰᠡᠬᠦ ᠠᠵᠢᠯᠯᠠᠭ᠎ᠠ ᠠᠳᠠᠯᠢ ᠪᠤᠰᠤ ᠬᠡᠮᠵᠢᠶ᠎ᠡ ᠪᠠᠷ ᠭᠠᠷᠴᠤ᠂ ᠮᠠᠨ ᠤ ᠬᠤᠲᠠ ᠶᠢᠨ ᠰᠤᠷᠤᠭᠴᠢ ᠡᠯᠰᠡᠬᠦ ᠡᠮᠬᠢ ᠳᠢᠭᠯᠢᠮ ᠳᠤ ᠮᠠᠭᠤ | ᠨᠥᠯᠥᠭᠡ ᠦᠵᠡᠭᠦᠯᠵᠡᠢ᠃ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢ ᠡᠯᠰᠡᠬᠦ ᠠᠵᠢᠯ ᠨᠢ ᠠᠷᠠᠳ ᠣᠯᠠᠨ ᠤ ᠲᠣᠰ ᠪᠡᠶ᠎ᠡ ᠶᠢᠨ ᠠᠰᠢᠭ | ᠲᠤᠰᠠ ᠳᠤ ᠬᠤᠯᠪᠣᠭᠳᠠᠵᠤ᠂ ᠲᠥᠷᠥ ᠶᠢᠨ ᠪᠣᠳᠣᠯᠭ᠎ᠠ ᠶᠢᠨ ᠴᠢᠨᠠᠷ ᠢᠶᠠᠷ ᠴᠢᠩᠭ᠎ᠠ᠂ ᠬᠤᠯᠪᠣᠭᠳᠠᠬᠤ ᠬᠡᠪᠴᠢᠶ᠎ᠡ ᠥᠷᠭᠡᠨ᠂ ᠨᠡᠶᠢᠭᠡᠮ ᠤᠨ ᠠᠩᠬᠠᠷᠤᠯ ᠤᠨ | ᠬᠡᠮᠵᠢᠶ᠎ᠡ ᠥᠨᠳᠥᠷ᠃ ᠡᠯ᠎ᠡ ᠭᠠᠵᠠᠷ ᠡᠯ᠎ᠡ ᠰᠤᠷᠭᠠᠭᠤᠯᠢ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠦᠬᠦ ᠲᠠᠯ᠎ᠠ ᠶᠢᠨ | ᠤᠬᠠᠮᠰᠠᠷ᠂ ᠳᠦᠷᠢᠮ ᠲᠣᠭᠲᠠᠭᠠᠯ ᠤᠨ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠦᠨᠡᠨᠬᠦ | ᠴᠢᠩᠭᠠᠳᠬᠠᠵᠤ᠂ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠨᠠᠷᠢᠯᠢᠭᠵᠢᠭᠤᠯᠤᠨ᠂ | ᠰᠠᠬᠢᠯᠭ᠎ᠠ ᠪᠠᠲᠤ ᠶᠢ ᠰᠠᠬᠢᠵᠤ᠂ ᠶᠣᠰᠣ ᠳᠦᠷᠢᠮ ᠢ ᠡᠷᠬᠢᠮᠯᠡᠵᠦ᠂ ᠰᠤᠷᠤᠭᠴᠢ ᠡᠯᠰᠡᠬᠦ ᠡᠯ᠎ᠡ ᠵᠣᠶᠢᠯ ᠤᠨ ᠲᠥᠷᠥ ᠶᠢᠨ ᠪᠣᠳᠣᠯᠭ᠎ᠠ ᠶᠢ ᠴᠢᠩᠭ᠎ᠠ | ᠬᠡᠷᠡᠭᠵᠢᠭᠦᠯᠬᠦ ᠶᠢᠨ ᠬᠠᠮᠲᠤ ᠬᠢᠨᠠᠮᠠᠭᠠᠢ ᠨᠠᠶᠢᠳᠠᠪᠣᠷᠢᠵᠢᠭᠯᠵᠣ᠂ ᠰᠤᠷᠤᠭᠴᠢ ᠡᠯᠰᠡᠬᠦ ᠠᠵᠢᠯ ᠤᠨ ᠤᠷᠤᠭᠰᠢᠲᠠᠶ ᠶᠠᠪᠤᠭᠳᠠᠬᠤ ᠶᠢ ᠦᠨᠡᠨᠬᠦ ᠪᠠᠲᠤᠯᠠᠬᠤ ᠬᠡᠷᠡᠭᠲᠠᠢ᠃ | | ᠮᠡᠳᠡᠭᠳᠡᠯ ᠳᠤ ᠱᠠᠭᠠᠷᠳᠠᠭᠰᠠᠨ ᠨᠢ᠂ ᠡᠯ᠎ᠡ ᠭᠠᠵᠠᠷ ᠤᠨ ᠡᠯ᠎ᠡ ᠰᠤᠷᠭᠠᠭᠤᠯᠢ ᠨᠢ ᠰᠤᠷᠤᠭᠴᠢ ᠡᠯᠰᠡᠬᠦ ᠦᠢᠯᠡ ᠠᠵᠢᠯᠯᠠᠭ᠎ᠠ ᠪᠠᠨ ᠴᠢᠩᠭ᠎ᠠ ᠵᠢᠷᠤᠮᠵᠢᠭᠤᠯᠵᠤ᠂ | ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠵᠢᠷᠤᠮᠯᠠᠨ᠂ ᠰᠢᠯᠭᠠᠯᠲᠠ ᠬᠢᠵᠦ ᠰᠣᠷᠣᠭᠴᠢ ᠡᠯᠰᠡᠬᠦ ᠠᠵᠢᠯ ᠤᠨ ᠥᠨᠳᠥᠷ ᠪᠦᠲᠦᠮᠵᠢᠲᠡᠶ᠂ ᠡᠮᠬᠢ | ᠵᠢᠷᠤᠮ ᠲᠠᠢ ᠬᠡᠷᠡᠭᠵᠢᠭᠦᠯᠦᠭᠳᠡᠬᠦ ᠶᠢ ᠦᠨᠡᠨᠬᠦ ᠪᠠᠲᠤᠯᠠᠬᠤ ᠬᠡᠷᠡᠭᠲᠠᠢ᠃ | ᠲᠣᠭᠲᠠᠭᠠᠯ ᠠᠴᠠ ᠵᠥᠷᠢᠴᠡᠨ ᠰᠣᠷᠣᠭᠴᠢ ᠡᠯᠰᠡᠬᠦ ᠤᠬᠠᠭᠤᠯᠭ᠎ᠠ ᠶᠢ ᠴᠢᠩᠭ᠎ᠠ ᠬᠤᠷᠢᠨ᠎ᠠ ᠃ ᠡᠯ᠎ᠡ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠨᠢ | ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠪᠤᠶᠤ ᠰᠣᠷᠣᠭᠴᠢᠳ ᠤᠨ ᠭᠡᠷ ᠲᠤ ᠰᠤᠷᠤᠭᠴᠢ ᠡᠯᠰᠡᠬᠦ ᠤᠬᠠᠭᠤᠯᠭ᠎ᠠ ᠬᠢᠬᠦ ᠶᠢ ᠴᠢᠩᠭ᠎ᠠ ᠬᠤᠷᠢᠨ᠎ᠠ᠂ ᠶᠠᠮᠠᠷᠪᠠ | ᠠᠷᠭ᠎ᠠ ᠮᠠᠶ᠋ᠢᠭ ᠢᠶᠠᠷ ᠲᠣᠰ ᠰᠤᠷᠭᠠᠭᠤᠯᠢ ᠶᠢᠨ ᠢᠶᠠᠨ ᠲᠡᠭᠡᠳᠣ ᠰᠤᠷᠭᠠᠭᠤᠯᠢ ᠳᠤ ᠰᠤᠷᠤᠭᠴᠢ ᠡᠯᠰᠡᠬᠦ ᠰᠢᠯᠭᠠᠯᠳᠠ ᠶᠢᠨ ᠬᠢᠷᠢ ᠪᠦᠲᠦᠮᠵᠢ ᠪᠤᠶᠤ ᠲᠡᠭᠡᠳᠣ | ᠰᠤᠷᠭᠠᠭᠤᠯᠢ ᠳᠤ ᠰᠤᠷᠤᠭᠴᠢ ᠡᠯᠰᠡᠬᠦ ᠰᠢᠯᠭᠠᠯᠲᠠ ᠶᠢᠨ ᠨᠡᠷᠡᠰ ᠤᠨ ᠵᠢᠭᠰᠠᠭᠠᠯᠳᠠ ᠵᠡᠷᠭᠡ ᠶᠢ ᠨᠡᠶᠢᠭᠡᠮ ᠳᠤ ᠨᠡᠶᠢᠲᠡᠯᠡᠬᠦ ᠪᠤᠶᠤ ᠤᠬᠠᠭᠤᠯᠬᠤ ᠶᠢ ᠴᠢᠩᠭ᠎ᠠ | ᠬᠤᠷᠢᠨ᠎ᠠ᠂ ᠬᠤᠳᠠᠯ ᠬᠠᠭᠤᠷᠮᠠᠭ ᠤᠬᠠᠭᠤᠯᠭ᠎ᠠ ᠬᠢᠬᠦ᠂ ᠥᠰᠬᠡᠭᠡᠨ ᠲᠥᠰᠬᠡᠭᠡᠨ ᠲᠠᠢ ᠤᠬᠠᠭᠤᠯᠬᠤ ᠶᠢ ᠴᠢᠩᠭ᠎ᠠ ᠬᠤᠷᠢᠨ᠎ᠠ᠃ | ᠳᠤᠷ᠎ᠠ ᠪᠠᠷ ᠢᠶᠠᠨ ᠤᠷᠢᠳᠴᠢᠯᠠᠨ ᠰᠤᠷᠤᠭᠴᠢ ᠡᠯᠰᠡᠬᠦ ᠶᠢ ᠴᠢᠩᠭ᠎ᠠ ᠬᠤᠷᠢᠨ᠎ᠠ᠃ ᠡᠯ᠎ᠡ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ︵ᠠᠷᠠᠳ ᠠᠴᠠ | ᠡᠷᠬᠢᠯᠡᠭᠰᠡᠨ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠪᠠᠭᠲᠠᠨ᠎ᠠ︶ ᠨᠤᠭᠤᠳ ᠪᠦᠬᠦ ᠬᠤᠲᠠ ᠶᠢᠨ ᠨᠢᠭᠡᠳᠦᠯᠲᠡᠢ ᠪᠠᠶᠢᠷᠢᠯᠠᠭᠤᠯᠤᠯᠲᠠ ᠪᠠ | ᠲᠣᠭᠲᠠᠭᠰᠠᠨ ᠴᠠᠭ ᠲᠤ ᠰᠤᠷᠤᠭᠴᠢ ᠡᠯᠰᠡᠬᠦ ᠶᠢ ᠴᠢᠩᠭ᠎ᠠ ᠵᠢᠷᠤᠮᠯᠠᠬᠤ ᠬᠡᠷᠡᠭᠲᠡᠢ᠃ ᠵᠦᠪᠰᠢᠶᠡᠷᠡᠯ ᠦᠭᠡᠢ ᠪᠣᠯ ᠶᠠᠮᠠᠷᠪᠠ ᠰᠢᠯᠲᠠᠭᠠᠨ ᠢᠶᠠᠷ | ᠤᠷᠢᠳᠴᠢᠯᠠᠨ ᠰᠤᠷᠤᠭᠴᠢ ᠡᠯᠰᠡᠵᠦ ᠪᠣᠯᠬᠤ ᠦᠭᠡᠢ᠃ ᠪᠡᠶ᠎ᠡ ᠪᠠᠨ | ᠲᠠᠭᠠᠭᠠᠵᠣ ᠰᠤᠷᠤᠭᠴᠢ ᠡᠯᠰᠡᠬᠦ ᠳᠤ ᠲᠤᠰᠬᠠᠶ ᠮᠡᠷᠭᠡᠵᠢᠯ ᠤᠨ ᠰᠢᠯᠭᠠᠯᠲᠠ ᠪᠠ ᠨᠢᠭᠤᠷᠳᠠᠨ ᠰᠢᠯᠭᠠᠯᠲᠠ ᠬᠢᠬᠦ ᠴᠢᠬᠤᠯᠨ ᠲᠠᠢ ᠬᠤᠯᠪᠣᠭᠳᠠᠯ ᠪᠦᠬᠦᠢ ᠥᠨᠳᠥᠷ | ᠵᠡᠷᠭᠡ ᠶᠢᠨ ᠳᠤᠮᠳᠠᠳᠤ ᠰᠤᠷᠭᠠᠭᠤᠯᠢ ᠨᠢ ᠡᠷᠬᠡᠪᠰᠢ ᠳᠡᠰ ᠳᠠᠷᠠᠭᠠᠯᠠᠯ ᠶᠣᠰᠣᠭᠠᠷ ᠪᠡᠶ᠎ᠡ ᠪᠠᠨ ᠳᠠᠭᠠᠭᠠᠵᠤ ᠰᠤᠷᠤᠭᠴᠢ ᠡᠯᠰᠡᠬᠦ ᠲᠥᠰᠦᠯ ᠢᠶᠠᠨ ᠰᠤᠷᠭᠠᠨ | ᠬᠦᠮᠣᠵᠢᠯ ᠤᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ ᠰᠠᠶ᠋ᠢ ᠵᠣᠬᠢᠶᠠᠨ ᠪᠠᠶᠢᠭᠤᠯᠤᠨ | ᠬᠡᠷᠡᠭᠵᠢᠭᠦᠯᠵᠦ ᠪᠣᠯᠤᠨ᠎ᠠ᠃ | ᠬᠡᠪᠴᠢᠶ᠎ᠡ ᠪᠠ ᠲᠥᠯᠥᠪᠯᠡᠭᠡ ᠠᠴᠠ ᠳᠠᠪᠠᠭᠤᠯᠤᠨ ᠰᠤᠷᠤᠭᠴᠢ ᠡᠯᠰᠡᠬᠦ ᠶᠢ ᠴᠢᠩᠭ᠎ᠠ ᠬᠤᠷᠢᠨ᠎ᠠ᠃ ︽2020 ᠣᠨ ᠤ ᠥᠨᠳᠥᠷ ᠳᠤᠮᠳᠠᠳᠤ ᠶᠢᠨ | ᠱᠠᠲᠤᠨ ᠤ ᠰᠣᠷᠣᠭᠴᠢ ᠡᠯᠰᠡᠬᠦ ᠠᠵᠢᠯ ᠤᠨ ᠲᠤᠬᠠᠶ ᠬᠥᠬᠡᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠮᠡᠳᠡᠭᠳᠡᠯ︾ ︵ᠬᠥᠬᠡᠬᠤᠲᠠ ᠶᠢᠨ ᠰᠤᠷᠭᠠᠨ | ᠬᠥᠮᠦᠵᠢᠯ ᠤᠨ ᠠᠯᠪᠠᠨ ᠥᠰᠥᠭ ︹ 2020 ︺ 5 ᠳ᠋ᠣᠭᠠᠷ ᠲᠣᠭᠠᠲᠤ︶ ᠤᠨ ᠲᠣᠭᠲᠠᠭᠠᠭᠰᠠᠨ ᠰᠣᠷᠣᠭᠴᠢ ᠡᠯᠰᠡᠬᠦ ᠬᠡᠪᠴᠢᠶ᠎ᠡ ᠶᠢ ᠴᠢᠩᠭ᠎ᠠ | ᠬᠡᠷᠡᠭᠵᠢᠭᠦᠯᠵᠦ᠂ ᠬᠤᠲᠠ ᠶᠢᠨ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠵᠥᠪᠰᠢᠶᠡᠷᠡᠯ ᠦᠭᠡᠢ ᠪᠠᠷ ᠬᠤᠰᠢᠭᠤ ᠰᠢᠶᠠᠨ ᠤ ᠥᠨᠳᠥᠷ | ᠵᠡᠷᠭᠡ ᠶᠢᠨ ᠳᠤᠮᠳᠠᠳᠤ ᠰᠤᠷᠭᠠᠭᠤᠯᠢ ᠨᠢ ᠬᠤᠰᠢᠭᠤ ᠰᠢᠶᠠᠨ ᠠᠯᠤᠰᠯᠠᠨ ᠰᠤᠷᠤᠭᠴᠢ ᠡᠯᠰᠡᠵᠦ ᠪᠣᠯᠬᠤ ᠦᠭᠡᠢ᠂ ᠥᠪᠡᠷᠲᠡᠭᠡᠨ ᠵᠠᠰᠠᠬᠤ ᠣᠷᠣᠨ ᠤ ᠰᠤᠷᠭᠠᠨ | ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠵᠥᠪᠰᠢᠶᠡᠷᠡᠯ ᠦᠭᠡᠢ ᠪᠣᠯ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠠᠶᠢᠮᠠᠭ | ᠬᠤᠲᠠ ᠠᠯᠤᠰᠯᠠᠨ ᠰᠤᠷᠤᠭᠴᠢ ᠡᠯᠰᠡᠵᠦ ᠪᠣᠯᠬᠤ ᠦᠭᠡᠢ᠃ ᠡᠯ᠎ᠡ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠨᠢ ᠴᠥᠮ ᠬᠤᠲᠠ ᠶᠢᠨ ᠬᠠᠷᠢᠶ᠎ᠠ | ᠬᠤᠰᠢᠭᠤ ᠰᠢᠶᠠᠨ ᠠᠴᠠ ᠨᠢᠭᠡᠳᠦᠯᠲᠡᠶ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠢᠯᠭᠠᠯᠲᠠ ᠳᠤ ᠣᠷᠣᠯᠴᠠᠭᠰᠠᠨ ᠰᠢᠯᠭᠠᠭᠤᠯᠤᠭᠴᠢ᠂ ᠮᠠᠨ ᠤ | ᠬᠤᠲᠠ ᠶᠢᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠢᠯᠭᠠᠯᠲᠠ ᠳᠤ ᠣᠷᠣᠯᠴᠠᠭᠰᠠᠨ ᠦᠭᠡᠢ ᠪᠠ ᠬᠠᠮᠤᠭ ᠳᠣᠣᠷ᠎ᠠ ᠬᠢᠵᠠᠭᠠᠷᠯᠠᠬᠤ ᠬᠤᠪᠢ ᠶᠢᠨ | ᠱᠤᠭᠤᠮᠡᠴᠠ ᠳᠣᠷᠣᠭᠰᠢᠬᠢ ᠰᠤᠷᠤᠭᠴᠢ ᠶᠢ ᠡᠯᠰᠡᠵᠦ ᠪᠣᠯᠬᠤ ᠦᠭᠡᠢ᠃ | ᠲᠥᠪ ᠪᠤᠰᠤ ᠠᠷᠭ᠎ᠠ ᠪᠠᠷᠢᠯ ᠢᠶᠠᠷ ᠰᠤᠷᠤᠭᠴᠢ ᠡᠯᠰᠡᠬᠦ ᠶᠢ ᠴᠢᠩᠭ᠎ᠠ ᠬᠤᠷᠢᠨ᠎ᠠ᠃ ᠰᠤᠷᠤᠯᠭ᠎ᠠ ᠶᠢᠨ ᠰᠤᠯᠠ ᠵᠠᠷᠤᠳᠠᠯ ᠢ ᠬᠠᠰᠤᠵᠤ ᠭᠡᠯᠳᠦᠷᠢᠭᠦᠯᠬᠦ᠂ | ᠠᠮᠢᠳᠤᠷᠠᠯ ᠤᠨ ᠵᠠᠷᠤᠳᠠᠯ ᠢ ᠨᠥᠬᠦᠪᠥᠷᠢᠯᠡᠬᠦ᠂ ᠰᠢᠯᠭᠠᠯᠲᠠ ᠶᠢᠨ ᠬᠢᠷᠢ ᠪᠦᠲᠦᠮᠵᠢ ᠶᠢᠨ ᠨᠡᠷᠡᠰ ᠤᠨ ᠵᠢᠭᠰᠠᠭᠠᠯᠲᠠ ᠳᠤ ᠤᠷᠢᠲᠠᠭᠤᠷ ᠵᠢᠬᠰᠠᠭᠠᠬᠲᠠᠬᠰᠠᠨ | ᠰᠤᠷᠤᠬᠴᠢ ᠶᠢ ᠬᠥᠬᠢᠭᠦᠯᠬᠦ ᠵᠡᠷᠭᠡ ᠵᠦᠶ ᠪᠤᠰᠤ ᠠᠷᠭ᠎ᠠ ᠪᠠᠷᠢᠯ ᠢᠶᠠᠷ ᠰᠣᠷᠣᠭᠴᠢ ᠡᠯᠰᠡᠵᠦ ᠪᠣᠯᠬᠤ ᠥᠬᠡᠶ︔ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ | ᠤᠳᠤᠷᠢᠳᠤᠯᠭ᠎ᠠ᠂ ᠠᠩᠭᠢ ᠶᠢᠨ ᠡᠷᠬᠢᠯᠡᠭᠴᠢ᠂ ᠪᠠᠭᠰᠢ ᠶᠢ ᠵᠠᠯᠠᠵᠤ ᠲᠠᠶᠢᠯᠬᠤ ᠪᠤᠶᠤ ᠬᠦᠢᠬᠦᠯᠦᠨ ᠱᠠᠩᠨᠠᠬᠤ ᠵᠡᠷᠭᠡ ᠵᠦᠢ ᠪᠤᠰᠤ ᠠᠷᠭ᠎ᠠ ᠪᠠᠷᠢᠯ ᠢᠶᠠᠷ | ᠰᠣᠷᠣᠭᠴᠢ ᠡᠯᠰᠡᠵᠦ ᠪᠣᠯᠬᠤ ᠥᠬᠡᠶ︔ ᠤᠷᠢᠳᠠᠪᠠᠷ ᠨᠢᠭᠡᠨᠲᠡ ᠪᠤᠰᠤᠳ ᠰᠤᠷᠭᠠᠭᠤᠯᠢ ︵ᠠᠵᠢᠯ ᠮᠡᠷᠭᠡᠵᠢᠯ ᠤᠨ ᠰᠤᠷᠭᠠᠭᠤᠯᠢ ᠪᠠᠭᠲᠠᠨ᠎ᠠ︶ ᠳᠤ | ᠡᠯᠰᠡᠭᠳᠡᠭᠰᠡᠨ ᠰᠣᠷᠣᠭᠴᠢ ᠶᠢ ᠭᠥᠯᠢᠶᠡᠨ ᠠᠪᠴᠤ ᠪᠣᠯᠬᠤ ᠥᠬᠡᠶ︔ ᠶᠠᠮᠠᠷᠪᠠ ᠨᠢᠭᠡᠴᠡ ᠪᠣᠯᠤᠨ ᠬᠤᠪᠢ ᠬᠥᠮᠦᠨ ᠭᠡᠳ ᠰᠣᠷᠣᠭᠴᠢ ᠡᠯᠰᠡᠬᠦ ᠰᠤᠷᠭᠠᠭᠤᠯᠢ ᠳᠤ | ᠰᠣᠷᠣᠭᠴᠢ ᠶᠢᠨ ᠢᠷᠡᠯᠲᠡ ᠶᠢ ᠲᠠᠨᠢᠯᠴᠠᠭᠤᠯᠬᠤ ᠪᠠ ᠵᠣᠬᠢᠶᠠᠨ ᠪᠠᠶᠢᠭᠤᠯᠵᠤ ᠨᠡᠷ᠎ᠡ ᠮᠡᠳᠡᠭᠦᠯᠵᠦ ᠪᠣᠯᠬᠤ ᠥᠬᠡᠶ︔ ᠠᠯᠪᠠᠨ ᠠᠴᠠ ᠡᠷᠬᠢᠯᠡᠭᠰᠡᠨ ᠰᠤᠷᠭᠠᠭᠤᠯᠢ | ᠬᠢᠭᠡᠳ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠬᠤᠯᠢᠯᠳᠤᠨ ᠰᠤᠷᠤᠭᠴᠢ ᠡᠯᠰᠡᠬᠦ᠂ ᠬᠤᠯᠢᠯᠳᠤᠭᠤᠯᠤᠨ ᠠᠩᠭᠢ ᠬᠤᠪᠢᠶᠠᠬᠤ ᠶᠢ ᠴᠢᠩᠭ᠎ᠠ ᠬᠤᠷᠢᠨ᠎ᠠ᠃ | ᠰᠤᠷᠤᠭᠴᠢᠳ ᠤᠨ ᠡᠷᠡᠮᠡᠯᠵᠡᠯ ᠲᠠᠭᠯᠠᠨ ᠮᠡᠳᠡᠭᠦᠯᠬᠦ ᠳᠤ ᠭᠠᠷ ᠲᠦᠷᠦᠭᠦ ᠶᠢ ᠴᠢᠩᠭ᠎ᠠ ᠬᠤᠷᠢᠨ᠎ᠠ᠃ ᠰᠢᠯᠭᠠᠭᠤᠯᠤᠭᠴᠢ ᠶᠢᠨ ᠡᠷᠡᠮᠡᠯᠵᠡᠯ ᠢ ᠴᠥᠮ | ᠰᠢᠯᠭᠠᠭᠤᠯᠤᠭᠴᠢ ᠲᠣᠰ ᠬᠥᠮᠦᠨ ᠨᠢ ᠬᠡᠷ ᠤᠨ ᠠᠬᠠᠮᠠᠳ ᠲᠠᠢ ᠪᠠᠨ ᠵᠦᠪᠳᠡᠯᠴᠡᠨ ᠲᠤᠬᠲᠠᠭᠠᠨ᠎ᠠ ᠂ ᠶᠠᠮᠠᠷᠪᠠ ᠨᠢᠭᠡᠴᠡ ᠪᠠ ᠬᠤᠪᠢ ᠬᠥᠮᠦᠨ ᠵᠢᠯᠣᠭᠤᠳᠣᠯᠭ᠎ᠠ | ᠦᠭᠬᠦ ᠨᠡᠷ᠎ᠡ ᠪᠠᠷ ᠪᠤᠶᠤ ᠡᠷᠡᠮᠡᠯᠵᠡᠯ ᠲᠠᠭᠯᠠᠨ ᠮᠡᠳᠡᠬᠦᠯᠬᠦ ᠵᠡᠷᠭᠡ ᠣᠶᠢᠯᠠ ᠠᠵᠢᠯᠯᠠᠭ᠎ᠠ ᠪᠠᠷ ᠲᠦᠯᠦᠪᠦᠷᠢ ᠬᠤᠷᠢᠶᠠᠬᠤ ᠶᠢ ᠴᠢᠩᠭ᠎ᠠ ᠬᠤᠷᠢᠨ᠎ᠠ᠃ | ᠰᠤᠷᠭᠠᠭᠤᠯᠢ ᠨᠤᠭᠤᠳ ᠰᠢᠯᠭᠠᠭᠤᠯᠤᠭᠴᠢ ᠶᠢ ᠵᠥᠪ ᠣᠨᠣᠪᠴᠢᠲᠠᠶ ᠬᠥᠲᠥᠯᠥᠨ ᠵᠢᠯᠣᠭᠤᠳᠴᠤ ᠪᠠᠶᠢᠭᠠᠳ ᠡᠷᠡᠮᠡᠯᠵᠡᠯ ᠲᠠᠭᠯᠠᠭᠤᠯᠬᠤ ᠶᠢᠨ ᠬᠠᠮᠲᠤ | ᠰᠢᠯᠭᠠᠭᠤᠯᠤᠭᠴᠢ ᠳ᠋ᠤ᠋ᠡᠷᠡᠮᠡᠯᠵᠡᠯ ᠲᠠᠭᠯᠠᠬᠤ ᠭᠠᠵᠠᠷ ᠲᠠᠯᠠᠪᠤᠷ ᠬᠠᠩᠭᠠᠬᠤ ᠬᠡᠷᠡᠭᠲᠡᠶ᠃ | ᠳᠤᠷ᠎ᠠ ᠪᠠᠷ ᠢᠶᠠᠨ ᠰᠣᠶᠢᠳᠬᠡᠯ ᠬᠤᠷᠢᠶᠠᠬᠤ ᠶᠢ ᠴᠢᠩᠭ᠎ᠠ ᠬᠤᠷᠢᠨ᠎ᠠ᠃ ᠪᠠᠷᠠᠭ᠎ᠠ ᠶᠢᠨ ᠦᠨ᠎ᠡ ᠶᠢ ᠬᠠᠮᠢᠶᠠᠷᠠᠬᠤ ᠰᠠᠯᠠᠭ᠎ᠠ ᠮᠥᠴᠢᠷ ᠤᠨ ᠵᠥᠪᠰᠢᠶᠡᠷᠡᠭᠰᠡᠨ | ᠪᠠᠷᠢᠮᠵᠢᠶ᠎ᠠ ᠶᠣᠰᠣᠭᠠᠷ ᠰᠤᠷᠤᠯᠭ᠎ᠠ ᠶᠢᠨ ᠲᠦᠯᠦᠪᠦᠷᠢ ᠪᠠ ᠪᠤᠰᠤᠳ ᠲᠣᠭᠲᠠᠭᠠᠯ ᠤᠨ ᠶᠣᠰᠣᠭᠠᠷ ᠲᠦᠯᠦᠪᠦᠷᠢ ᠬᠤᠷᠢᠶᠠᠨ᠎ᠠ ᠂ ᠶᠠᠮᠠᠷᠪᠠ ᠬᠡᠯᠪᠡᠷᠢ ᠶᠢᠨ | ᠰᠤᠷᠭᠠᠭᠤᠯᠢ ᠰᠣᠩᠭᠤᠬᠤ ᠲᠦᠯᠦᠪᠦᠷᠢ᠂ ᠠᠩᠭᠢ ᠬᠤᠪᠢᠶᠠᠬᠤ ᠲᠦᠯᠦᠪᠦᠷᠢ ᠬᠤᠷᠢᠶᠠᠬᠤ ᠵᠡᠷᠭᠡ ᠶᠢ ᠴᠢᠩᠭ᠎ᠠ ᠬᠤᠷᠢᠨ᠎ᠠ ᠃ ᠶᠠᠮᠠᠷᠪᠠ ᠰᠤᠷᠭᠠᠭᠤᠯᠢ ᠭᠡᠳ | ᠰᠤᠷᠭᠠᠭᠤᠯᠢ ᠳᠤ ᠣᠷᠣᠬᠤ ᠯᠤᠭ᠎ᠠ ᠬᠤᠯᠪᠣᠭᠳᠠᠭᠤᠯᠤᠭᠰᠠᠨ ︽ᠰᠤᠷᠤᠯᠭ᠎ᠠ ᠶᠢᠨ ᠲᠡᠳᠬᠦᠮᠵᠢ ᠶᠢᠨ ᠬᠠᠨᠳᠢᠪ ᠮᠥᠩᠭᠦ︾ ᠶᠢ ᠬᠤᠷᠢᠶᠠᠬᠤ ᠪᠤᠶᠤ ᠬᠡᠯᠪᠡᠷᠢ ᠶᠢ ᠨᠢ | ᠥᠭᠡᠷᠡᠲᠦᠭᠦᠯᠦᠨ ᠬᠤᠷᠢᠶᠠᠬᠤ ᠶᠢ ᠴᠢᠩᠭ᠎ᠠ ᠬᠤᠷᠢᠨ᠎ᠠ ᠃ | ᠰᠤᠷᠭᠠᠭᠤᠯᠢ ᠶᠢᠨ ᠬᠠᠷᠢᠶ᠎ᠠ ᠶᠢᠨ ᠬᠠᠮᠢᠶᠠᠷᠤᠯᠲᠠ ᠶᠢ ᠴᠢᠩᠭ᠎ᠠ ᠵᠢᠷᠤᠮᠵᠢᠭᠤᠯᠤᠨ᠎ᠠ᠃ ᠲᠣᠭᠲᠠᠭᠠᠯ ᠠᠴᠠ ᠵᠥᠷᠢᠴᠡᠨ ᠡᠯᠰᠡᠭᠰᠡᠨ ᠰᠤᠷᠤᠭᠴᠢ ᠪᠦᠬᠦᠨ | ᠴᠥᠮ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠶᠢᠨ ᠬᠠᠷᠢᠶ᠎ᠠ ᠶᠢ ᠳᠠᠩᠰᠠᠯᠠᠵᠤ ᠪᠣᠯᠬᠤ ᠦᠭᠡᠢ᠃ ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠰᠤᠷᠤᠯᠭ᠎ᠠ ᠶᠢᠨ ᠬᠠᠷᠢᠶ᠎ᠠ ᠣᠯᠤᠭᠰᠠᠨ ᠦᠭᠡᠢ ᠰᠤᠷᠤᠭᠴᠢ᠂ ᠰᠤᠷᠭᠠᠭᠤᠯᠢ ᠳᠤ ᠪᠠᠶᠢᠭ᠎ᠠ ᠰᠤᠷᠤᠭᠴᠢ ᠶᠢᠨ ᠬᠤᠪᠢ ᠪᠠᠷ ᠥᠨᠳᠥᠷ ᠵᠡᠷᠭᠡ ᠶᠢᠨ | ᠳᠤᠮᠳᠠᠳᠤ ᠰᠤᠷᠭᠠᠭᠤᠯᠢ ᠶᠢᠨ ᠰᠣᠷᠣᠯᠭ᠎ᠠ ᠶᠢᠨ ᠬᠢᠷᠢ ᠲᠦᠪᠰᠢᠨ ᠤ ᠰᠢᠯᠭᠠᠯᠲᠠ ᠳᠤ ᠣᠷᠣᠯᠴᠠᠵᠤ ᠪᠣᠯᠬᠤ ᠦᠭᠡᠶ᠂ ᠲᠤᠰ ᠬᠤᠭᠤᠴᠠᠭᠠᠨ ᠤ ᠲᠡᠭᠦᠰᠬᠦ | ᠰᠤᠷᠤᠭᠴᠢ ᠶᠢᠨ ᠬᠤᠪᠢ ᠪᠠᠷ ᠳᠡᠭᠡᠳᠦ ᠰᠤᠷᠭᠠᠭᠤᠯᠢ ᠶᠢᠨ ᠰᠢᠯᠭᠠᠯᠲᠠ ᠳᠤ ᠣᠷᠣᠯᠴᠠᠵᠤ ᠪᠣᠯᠬᠤ ᠦᠭᠡᠶ᠃ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ | ᠲᠡᠭᠦᠰᠦᠭᠰᠡᠨ ᠦᠨᠡᠮᠯᠡᠯ ᠢ ᠬᠢᠨᠠᠨ ᠣᠯᠭᠤᠵᠤ ᠪᠣᠯᠬᠤ ᠥᠬᠡᠶ᠃ ︽ᠬᠥᠮᠦᠨ ᠬᠠᠷᠢᠶ᠎ᠠ ᠶᠢ ᠰᠠᠯᠭᠠᠬᠤ︾᠂ ᠬᠤᠭᠤᠰᠣᠨ ᠡᠯᠭᠦᠮᠡᠯ ᠰᠤᠷᠭᠠᠭᠤᠯᠢ ᠶᠢᠨ ᠬᠠᠷᠢᠶ᠎ᠠ᠂ | ᠰᠤᠷᠭᠠᠭᠤᠯᠢ ᠶᠢᠨ ᠬᠠᠷᠢᠶ᠎ᠠ ᠶᠢ ᠬᠠᠭᠤᠷᠮᠠᠭ ᠢᠶᠠᠷ ᠵᠣᠬᠢᠶᠠᠬᠤ ᠵᠡᠷᠭᠡ ᠦᠵᠡᠭᠳᠡᠯ ᠭᠠᠷᠬᠤ ᠶᠢ ᠴᠢᠩᠭ᠎ᠠ ᠬᠤᠷᠢᠨ᠎ᠠ᠂ ᠲᠣᠭᠲᠠᠭᠠᠯ ᠠᠴᠠ ᠵᠥᠷᠢᠴᠡᠨ ᠣᠷᠣᠨ | ᠪᠦᠰᠡ ᠠᠯᠤᠰᠯᠠᠨ ᠡᠯᠰᠡᠭᠰᠡᠨ ᠰᠤᠷᠤᠭᠴᠢ ᠪᠣᠯᠤᠨ ᠲᠣᠭᠲᠠᠭᠠᠯ ᠠᠴᠠ ᠵᠥᠷᠢᠴᠡᠨ ᠰᠤᠷᠭᠠᠭᠤᠯᠢ ᠰᠢᠯᠵᠢᠭᠰᠡᠨ ᠰᠤᠷᠤᠭᠴᠢᠳ ᠲᠤ ᠰᠤᠷᠭᠠᠭᠤᠯᠢ ᠶᠢᠨ ᠬᠠᠷᠢᠶᠠᠯᠠᠯ ᠢ | ᠰᠢᠯᠵᠢᠭᠦᠯᠦᠨ ᠵᠠᠯᠭᠠᠵᠤ ᠥᠭᠴᠦ ᠪᠣᠯᠬᠤ ᠦᠭᠡᠶ᠃ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠪᠠ ᠳᠤᠮᠳᠠ ᠵᠡᠷᠭᠡ ᠶᠢᠨ ᠠᠵᠢᠯ ᠮᠡᠷᠭᠡᠵᠢᠯ ᠤᠨ | ᠰᠤᠷᠭᠠᠭᠤᠯᠢ ᠶᠢᠨ ︽ᠳᠠᠪᠬᠤᠷ ᠰᠤᠷᠭᠠᠭᠤᠯᠢ ᠶᠢᠨ ᠬᠠᠷᠢᠶᠠᠯᠠᠯ︾ ᠢ ᠬᠠᠮᠲᠤ ᠳᠤᠨᠢ ᠪᠤᠶᠤ ᠰᠣᠯᠪᠢᠴᠠᠭᠤᠯᠤᠨ ᠳᠠᠩᠰᠠᠯᠠᠭᠤᠯᠬᠤ ᠶᠢ ᠴᠢᠩᠭ᠎ᠠ ᠬᠤᠷᠢᠨ᠎ᠠ᠃ | ︽ᠲᠥᠷᠥᠯ ᠵᠣᠶᠢᠯ ᠤᠨ ᠠᠩᠭᠢ︾ ᠶᠢᠨ ᠬᠠᠮᠢᠶᠠᠷᠤᠯᠲᠠ ᠶᠢ ᠴᠢᠩᠭ᠎ᠠ ᠵᠢᠷᠤᠮᠵᠢᠭᠤᠯᠤᠨ᠎ᠠ᠃ ᠬᠢᠨᠠᠨ ᠵᠦᠪᠰᠢᠶᠡᠷᠡᠯ ᠦᠬᠡᠢ ᠢᠶᠠᠷ ︽ᠣᠯᠠᠨ ᠤᠯᠤᠰ ᠤᠨ | ᠠᠩᠭᠢ︾᠂ ︽ᠲᠤᠷᠰᠢᠯᠲᠠ ᠶᠢᠨ ᠠᠩᠭᠢ︾᠂ᠵᠡᠷᠭᠡ ︽ᠲᠥᠷᠥᠯ ᠵᠣᠶᠢᠯ ᠤᠨ ᠠᠩᠭᠢ︾ ᠪᠣᠯᠤᠨ ᠵᠦᠷᠢᠶᠡᠴᠢᠯᠡᠭᠰᠡᠨ ᠵᠢᠭᠠᠨ ᠰᠤᠷᠭᠠᠯᠲᠠ ᠶᠢᠨ ᠲᠥᠰᠦᠯ ᠢ | ᠲᠤᠰᠠᠭᠠᠷ ᠲᠣᠭᠲᠠᠭᠠᠵᠤ ᠬᠡᠷᠡᠭᠵᠢᠭᠦᠯᠦᠭᠰᠡᠨ ᠦᠭᠡᠢ ᠵᠡᠷᠭᠡ ︽ᠲᠥᠷᠥᠯ ᠵᠣᠶᠢᠯ ᠤᠨ ᠠᠩᠭᠢ︾ ᠶᠢᠨ ᠨᠡᠷ᠎ᠡ ᠪᠠᠷ ᠳᠤᠷ᠎ᠠ ᠪᠠᠷ ᠢᠶᠠᠨ ᠲᠦᠯᠦᠪᠦᠷᠢ ᠬᠤᠷᠢᠶᠠᠵᠤ | ᠪᠠᠶᠢᠪᠠᠯ ᠴᠥᠮ ᠰᠤᠷᠤᠭᠴᠢ ᠡᠯᠰᠡᠵᠦ ᠪᠣᠯᠬᠤ ᠦᠭᠡᠢ᠃ ᠬᠢᠨᠠᠨ ᠵᠥᠪᠰᠢᠶᠡᠷᠡᠭᠦᠯᠦᠭᠰᠡᠨ ᠮᠥᠷᠲᠡᠭᠡᠨ ᠱᠠᠭᠠᠷᠳᠠᠯᠭ᠎ᠠ ᠳᠤ ᠨᠡᠶᠢᠴᠡᠭᠰᠡᠨ ︽ᠲᠥᠷᠥᠯ ᠵᠦᠢᠯ ᠤᠨ | ᠠᠩᠭᠢ︾ ᠶᠢᠨ ᠰᠤᠷᠤᠭᠴᠢ ᠡᠯᠰᠡᠬᠦ ᠬᠤᠪᠢ ᠨᠢ ᠮᠠᠨ ᠤ ᠬᠤᠲᠠ ᠶᠢᠨ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠠᠮᠤᠭ ᠳᠣᠣᠷ᠎ᠠ | ᠬᠢᠵᠠᠭᠠᠷᠯᠠᠬᠤ ᠬᠤᠪᠢ ᠶᠢᠨ ᠱᠤᠭᠤᠮ ᠠᠴᠠ ᠳᠣᠣᠷ᠎ᠠ ᠪᠠᠶᠢᠵᠤ ᠪᠣᠯᠬᠤ ᠦᠭᠡᠢ᠃ ᠰᠤᠷᠤᠭᠴᠢᠳ ᠰᠤᠷᠭᠠᠭᠤᠯᠢ ᠳᠤ ᠣᠷᠣᠬᠤ ᠪᠠ ᠰᠤᠷᠤᠯᠴᠠᠵᠤ ᠪᠠᠶᠢᠬᠤ | ᠬᠤᠭᠤᠴᠠᠭᠠᠨ ᠳᠠᠭᠠᠨ ᠡᠩ ᠤᠨ ᠠᠩᠬᠢ ᠳᠤ ᠰᠢᠯᠵᠢᠨ ᠣᠷᠣᠵᠤ ᠪᠣᠯᠬᠤ ᠤᠢᠭᠡᠢ᠃ |