︵ᠰᠤᠷᠪᠤᠯᠵᠢᠯᠠᠭᠴᠢ ᠶᠦᠨ ᠶᠠᠨ ᠹᠠᠩ︶ 8 ᠳ᠋ᠤᠭᠠᠷ ᠰᠠᠷ᠎ᠠ ᠶᠢᠨ 12 ᠤᠨ ᠡᠳᠦᠷ ᠤᠨ ᠦᠳᠡ ᠶᠢᠨ ᠡᠮᠦᠨ᠎ᠡ | ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ | ᠬᠤᠷᠢᠶ᠎ᠠ ᠶᠢᠨ ᠱᠦᠵᠢ ᠸᠠᠩ ᠯᠢ ᠰᠢᠶᠠ ᠢᠦᠢ ᠴᠢᠦᠸᠠᠨ ᠲᠣᠭᠤᠷᠢᠭ ᠲᠤ ᠬᠦᠷᠴᠦ ᠵᠠᠬᠢᠳᠠᠯ ᠰᠤᠷᠪᠤᠯᠵᠢᠯᠠᠭ᠎ᠠ ᠶᠢᠨ | ᠠᠵᠢᠯ ᠢ ᠲᠤᠬᠠᠢ ᠶᠢᠨ ᠭᠠᠵᠠᠷ ᠲᠤᠨᠢ ᠰᠢᠮᠳᠠᠭᠤᠯᠤᠨ ᠬᠦᠢᠴᠡᠳᠭᠡᠯᠭᠡᠬᠦ ᠳᠡᠭᠡᠨ ᠴᠢᠬᠤᠯᠠᠴᠢᠯᠠᠭᠰᠠᠨ ᠨᠢ᠂ ᠣᠯᠠᠨ | ᠲᠦᠮᠡᠨ ᠤ ᠵᠦᠶ ᠶᠣᠰᠣᠨ ᠤ ᠬᠦᠰᠡᠯ ᠱᠠᠭᠠᠷᠳᠠᠯᠭ᠎ᠠ ᠶᠢ ᠬᠠᠤᠯᠢ ᠶᠣᠰᠣᠭᠠᠷ ᠴᠠᠭ ᠳᠠᠷᠤᠢ ᠳᠤᠨᠢ ᠲᠤᠬᠠᠶ ᠶᠢᠨ | ᠭᠠᠵᠠᠷ ᠲᠤᠨᠢ ᠰᠢᠢᠳᠪᠦᠷᠢᠯᠡᠬᠦ ᠨᠢ ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠶᠢᠨ | ᠭᠤᠣᠯᠳᠠᠯᠭ᠎ᠠ ᠮᠥᠨ᠂ ᠪᠦᠬᠦ ᠬᠤᠲᠠ ᠶᠢᠨ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠶᠡᠷᠦᠩᠬᠡᠢ ᠱᠦᠵᠢ | ᠰᠢ ᠶᠢᠨ ᠫᠢᠩ ᠤᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ | ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶᠠᠨ ᠤ ᠱᠠᠭᠠᠷᠳᠠᠯᠭ᠎ᠠ ᠶᠣᠰᠣᠭᠠᠷ᠂ ᠠᠷᠠᠳ ᠲᠦᠮᠡᠨ ᠢᠶᠠᠷ ᠭᠤᠣᠯ ᠪᠣᠯᠭᠠᠬᠤ | ᠬᠥᠭᠵᠢᠯᠲᠡ ᠶᠢᠨ ᠦᠵᠡᠯ ᠰᠠᠨᠠᠭ᠎ᠠ ᠶᠢ ᠴᠠᠭ ᠢᠮᠠᠭᠲᠠ ᠪᠠᠷᠢᠮᠲᠠᠯᠠᠵᠤ᠂ ᠣᠯᠠᠨ ᠲᠦᠮᠡᠨ ᠬᠠᠨᠤᠮᠵᠢᠲᠠᠶ ᠪᠠᠶᠢᠬᠤ | ᠡᠰᠡᠬᠦ ᠪᠠᠷ ᠠᠵᠢᠯ ᠤᠨ ᠪᠠᠷᠢᠮᠵᠢᠶ᠎ᠠ ᠪᠣᠯᠭᠠᠵᠤ᠂ ᠣᠯᠠᠨ ᠲᠦᠮᠡᠨ ᠢ ᠰᠠᠯᠬᠤ ᠦᠭᠡᠢ ᠳᠠᠭᠠᠵᠤ᠂ ᠣᠯᠠᠨ ᠲᠦᠮᠡᠨ ᠤ | ᠬᠦᠰᠡᠯ ᠱᠠᠭᠠᠷᠳᠠᠯᠭ᠎ᠠ ᠳᠤ ᠢᠳᠡᠪᠬᠢᠲᠡᠶ ᠪᠠᠷ ᠬᠠᠷᠢᠭᠤᠯᠲᠠ ᠥᠭᠴᠦ᠂ ᠣᠯᠠᠨ ᠲᠦᠮᠡᠨ ᠤ ᠤᠴᠢᠷ ᠢ ᠰᠠᠶᠢᠲᠤᠷ ᠬᠢᠬᠦ | ᠬᠡᠷᠡᠭᠲᠡᠶ ᠭᠡᠪᠡ᠃ | ᠲᠤᠰ ᠡᠳᠦᠷ᠂ ᠸᠠᠩ ᠯᠢ ᠰᠢᠶᠠ ᠡᠩ ᠲᠡᠷᠢᠭᠦᠨ ᠳᠤ ᠢᠦᠢ ᠴᠢᠤᠸᠠᠨ ᠲᠣᠭᠤᠷᠢᠭ ᠤᠨ ᠨᠠᠶᠢᠯᠦ᠋ᠨ | ᠪᠦᠯᠦᠭᠯᠡᠯ ᠤᠨ ᠶᠡᠭᠡ ᠲᠦᠷᠭᠡᠨ ᠭᠤᠣᠯ ᠤᠨ ᠰᠠᠭᠠᠯᠢ ᠶᠢᠨ ᠦᠨᠢᠶᠡᠨ ᠤ ᠲᠠᠯᠠᠪᠠᠢ ᠶᠢᠨ ᠲᠦᠬᠦᠮ ᠪᠦᠳᠦᠴᠡᠳᠦ ᠣᠷᠣᠨ | ᠰᠠᠭᠤᠴᠠ ᠶᠢ ᠥᠭᠡᠷᠡᠴᠢᠯᠡᠬᠦ ᠵᠢᠯᠣᠭᠤᠳᠬᠤ ᠭᠠᠵᠠᠷ ᠲᠤ ᠬᠦᠷᠴᠦ᠂ ᠲᠦᠬᠦᠮ ᠪᠦᠳᠦᠴᠡᠳᠦ ᠣᠷᠣᠨ ᠰᠠᠭᠤᠴᠠ ᠶᠢ | ᠥᠭᠡᠷᠡᠴᠢᠯᠡᠨ ᠰᠠᠶᠢᠵᠢᠷᠠᠭᠤᠯᠵᠤ ᠪᠠᠶᠢᠭ᠎ᠠ ᠠᠬᠢᠴᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠰᠢᠮᠳᠠᠭᠤᠯᠤᠨ | ᠵᠢᠯᠣᠭᠤᠳᠪᠠ᠃ ᠸᠠᠩ ᠯᠢ ᠰᠢᠶᠠ ᠳᠥᠭᠦᠮ ᠪᠦᠲᠦᠴᠡᠲᠦ ᠣᠷᠣᠨ ᠰᠠᠭᠤᠴᠠ ᠶᠢ ᠥᠭᠡᠷᠡᠴᠢᠯᠡᠨ ᠰᠠᠶᠢᠵᠢᠷᠠᠭᠤᠯᠵᠤ | ᠪᠠᠶᠢᠭ᠎ᠠ ᠵᠢᠴᠢ ᠡᠷᠭᠢᠨ ᠲᠣᠭᠤᠷᠢᠨ ᠤ ᠲᠥᠯᠥᠪᠵᠢᠭᠦᠯᠭᠡ ᠶᠢ ᠨᠠᠷᠢᠨ ᠣᠶᠢᠯᠠᠭᠠᠪᠠ᠃ ᠲᠡᠷᠡ ᠵᠢᠭᠠᠵᠤ ᠭᠠᠷᠭᠠᠭᠰᠠᠨ ᠨᠢ | ᠂ ᠪᠤᠴᠠᠨ ᠨᠡᠭᠦᠬᠦ ᠭᠡᠷ ᠪᠠᠶᠢᠰᠢᠩ ᠤᠨ ᠪᠦᠳᠦᠭᠡᠨ ᠪᠠᠶᠢᠭᠤᠯᠤᠯᠲᠠ ᠨᠢ ᠣᠯᠠᠨ ᠲᠦᠮᠡᠨ ᠳᠤ ᠰᠠᠶᠢᠨ ᠭᠡᠷ ᠪᠠᠷᠢᠵᠤ | ᠥᠭᠬᠦ ᠪᠠᠷ ᠪᠠᠷᠠᠬᠤ ᠦᠭᠡᠢ᠂ ᠪᠠᠰᠠ ᠡᠷᠭᠢᠨ ᠲᠣᠭᠤᠷᠢᠨ ᠤ ᠣᠷᠴᠢᠨ ᠲᠣᠭᠤᠷᠢᠨ ᠲᠠᠢ ᠪᠠᠨ ᠨᠢᠭᠡᠳᠦᠯᠲᠡᠶ | ᠵᠣᠬᠢᠴᠠᠭᠤᠯᠬᠤ ᠬᠡᠷᠡᠭᠲᠡᠶ ᠭᠡᠵᠡᠢ᠃ ᠨᠠᠶᠢᠯᠦ᠋ᠨ ᠪᠦᠯᠦᠭᠯᠡᠯ ᠤᠨ ᠶᠡᠭᠡ ᠲᠦᠷᠭᠡᠨ ᠭᠤᠤᠯ ᠤᠨ ᠰᠠᠭᠠᠯᠢ ᠶᠢᠨ ᠦᠨᠢᠶᠡᠨ ᠤ | ᠲᠠᠯᠠᠪᠠᠶ ᠶᠢᠨ ᠠᠵᠢᠯᠲᠠᠨ᠂ ᠴᠠᠬᠢᠯᠭᠠᠨ ᠬᠦᠴᠦᠳᠡᠯ ᠥᠭᠡᠷᠡᠴᠢᠯᠡᠭᠴᠢ ᠶᠢᠨ ᠦᠢᠯᠡᠳᠪᠦᠷᠢ ᠶᠢᠨ ᠠᠵᠢᠯᠲᠠᠨ ᠤ | ᠨᠡᠶᠢᠭᠡᠮ ᠤᠨ ᠪᠠᠲᠤᠯᠠᠭ᠎ᠠ ᠶᠢᠨ ᠵᠠᠬᠢᠳᠠᠯ ᠰᠤᠷᠪᠤᠯᠵᠢᠯᠠᠭ᠎ᠠ ᠶᠢᠨ ᠤᠴᠢᠷ ᠢ ᠰᠢᠢᠳᠪᠦᠷᠢᠯᠡᠭᠰᠡᠨ ᠪᠠᠶᠢᠳᠠᠯ ᠢ | ᠰᠣᠨᠣᠰᠤᠭᠰᠠᠨ ᠤ ᠳᠠᠷᠠᠭ᠎ᠠ ᠸᠠᠩ ᠯᠢ ᠰᠢᠶᠠ ᠲᠤᠰᠬᠠᠶ ᠬᠥᠮᠦᠨ ᠲᠣᠮᠢᠯᠠᠨ ᠬᠠᠷᠢᠭᠤᠴᠠᠭᠤᠯᠵᠤ᠂ ᠠᠵᠢᠯᠲᠠᠨ | ᠠᠵᠢᠯᠴᠢᠨ ᠤ ᠥᠷᠢᠲᠦᠭᠰᠡᠨ ᠨᠡᠶᠢᠭᠡᠮ ᠤᠨ ᠳᠠᠭᠠᠳᠬᠠᠯ ᠤᠨ ᠮᠥᠩᠭᠦ ᠪᠠᠨ ᠠᠯᠢ ᠲᠦᠷᠭᠡᠨ ᠢᠶᠠᠷ ᠣᠯᠵᠤ ᠠᠪᠬᠤ ᠶᠢ | ᠪᠠᠲᠤᠯᠠᠪᠠ᠃ | ᠳᠠᠷᠠᠭ᠎ᠠ ᠪᠠᠷ ᠨᠢ᠂ ᠢᠦᠶ ᠴᠢᠤᠸᠠᠨ ᠲᠣᠭᠤᠷᠢᠭ ᠲᠤ ᠬᠤᠷᠠᠯᠳᠤᠭᠰᠠᠨ ᠬᠠᠷᠢᠭᠤ ᠮᠡᠳᠡᠭᠦᠯᠦᠯᠲᠡ ᠶᠢᠨ ᠬᠤᠷᠠᠯ | ᠳᠡᠭᠡᠷ᠎ᠡ ᠬᠤᠲᠠ ᠶᠢᠨ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠪᠣᠯᠤᠨ ᠬᠤᠲᠠ ᠶᠢᠨ ᠳᠥᠷᠪᠡᠨ ᠲᠣᠭᠤᠷᠢᠭ ᠤᠨ | ᠬᠠᠷᠢᠭᠤᠴᠠᠯᠭᠠᠲᠠᠳ ᠠᠴᠠ ᠣᠶᠢᠷ᠎ᠠ ᠶᠢᠨ ᠬᠤᠭᠤᠴᠠᠭᠠᠨ ᠳᠤ ᠣᠯᠠᠨ ᠳᠠᠬᠢᠨ ᠵᠠᠬᠢᠳᠠᠯ ᠰᠤᠷᠪᠤᠯᠵᠢᠯᠠᠭ᠎ᠠ ᠬᠢᠭᠰᠡᠨ᠂ | ᠰᠦᠯᠵᠢᠶᠡᠨ ᠳᠡᠭᠡᠷ᠎ᠡ ᠵᠠᠬᠢᠳᠠᠯ ᠰᠤᠷᠪᠤᠯᠵᠢᠯᠠᠭ᠎ᠠ ᠬᠢᠭᠰᠡᠨ᠂ ᠵᠢᠭᠤᠷᠠᠯᠳᠤᠭᠰᠠᠨ ᠵᠠᠬᠢᠳᠠᠯ ᠰᠤᠷᠪᠤᠯᠵᠢᠯᠠᠭ᠎ᠠ ᠵᠢᠴᠢ ᠡᠯ᠎ᠡ | ᠲᠣᠭᠤᠷᠢᠭ ᠤᠨ ᠬᠠᠷᠠᠭᠠᠯᠵᠠᠭᠰᠠᠨ ᠳᠠᠭᠠᠵᠤ ᠰᠢᠢᠳᠪᠦᠷᠢᠯᠡᠭᠰᠡᠨ ᠪᠠᠶᠢᠳᠠᠯ ᠢ ᠬᠠᠷᠢᠭᠤ ᠮᠡᠳᠡᠭᠦᠯᠪᠡ᠃ | ᠸᠠᠩ ᠯᠢ ᠰᠢᠶᠠ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ ᠴᠢᠬᠤᠯᠠᠴᠢᠯᠠᠭᠰᠠᠨ ᠨᠢ᠂ ᠡᠯ᠎ᠡ | ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠠᠰᠠᠭᠤᠳᠠᠯ ᠠᠴᠠ ᠭᠦᠨᠵᠡᠭᠡᠶ ᠰᠤᠷᠭᠠᠮᠵᠢ ᠠᠪᠴᠤ᠂ ᠡᠷᠬᠡᠪᠰᠢ | ᠰᠠᠬᠢᠯᠭ᠎ᠠ ᠪᠠᠲᠤ ᠶᠣᠰᠣ ᠳᠦᠷᠢᠮ ᠤᠨ ᠤᠬᠠᠮᠰᠠᠷ ᠠᠴᠠ ᠡᠬᠢᠯᠡᠨ ᠠᠳᠬᠤᠵᠤ᠂ ᠭᠡᠷ ᠪᠠᠶᠢᠰᠢᠩ ᠭᠠᠵᠠᠷ | ᠬᠥᠷᠥᠩᠭᠡ ᠶᠢᠨ ᠦᠯᠡᠳᠡᠭᠳᠡᠯ ᠠᠰᠠᠭᠤᠳᠠᠯ᠂ ᠵᠠᠬᠢᠳᠠᠯ ᠰᠣᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠢᠯᠭᠠᠷᠠᠭᠤᠯᠬᠤ ︽ | ᠵᠠᠭᠤᠨ ᠡᠳᠦᠷ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ︾ ᠢ ᠡᠷᠡᠰ ᠰᠠᠶᠢᠲᠤᠷ ᠬᠢᠵᠦ᠂ ᠡᠷᠡᠰ ᠪᠠᠲᠤ ᠢᠲᠡᠭᠡᠯ | ᠵᠣᠷᠢᠭ ᠪᠣᠯᠤᠨ ᠢᠯᠡ ᠲᠣᠳᠣᠷᠬᠠᠢ ᠣᠪᠣᠷ ᠢᠶᠠᠷ ᠭᠡᠷ ᠪᠠᠶᠢᠰᠢᠩ ᠭᠠᠵᠠᠷ ᠬᠦᠷᠦᠩᠭᠡ ᠶᠢᠨ ᠦᠯᠡᠳᠡᠭᠳᠡᠯ ᠠᠰᠠᠭᠤᠳᠠᠯ | ᠵᠡᠷᠭᠡ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠬᠦ ᠠᠵᠢᠯ ᠢ ᠪᠣᠳᠠᠲᠠᠢ ᠠᠳᠬᠤᠬᠤ | ᠬᠡᠷᠡᠭᠲᠡᠢ︔ ᠡᠷᠬᠡᠪᠰᠢ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ | ᠦᠢᠯᠡᠳᠦᠯᠭᠡᠵᠢᠭᠦᠯᠬᠦ ᠥᠨᠳᠦᠷᠴᠡ ᠠᠴᠠ ᠠᠳᠬᠤᠵᠤ᠂ ᠣᠯᠠᠨ ᠲᠦᠮᠡᠨ ᠤ ᠰᠠᠨᠠᠭ᠎ᠠ ᠪᠣᠯᠵᠤ ᠪᠠᠶᠢᠭ᠎ᠠ ᠤᠴᠢᠷ | ᠨᠢᠭᠡᠪᠦᠷᠢ ᠶᠢ ᠡᠳᠦᠷ ᠲᠤᠲᠤᠮ ᠤᠨ ᠠᠵᠢᠯ ᠤᠨ ᠳᠤᠮᠳᠠᠬᠢ ᠶᠡᠭᠡ ᠤᠴᠢᠷ ᠴᠢᠬᠤᠯᠠ ᠤᠴᠢᠷ ᠪᠣᠯᠭᠠᠵᠤ᠂ ᠪᠦᠬᠦ | ᠬᠦᠴᠦᠨ ᠢᠶᠠᠷ ᠢᠶᠠᠨ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ︔ ᠡᠷᠬᠡᠪᠰᠢ ᠣᠪᠣᠷ ᠰᠤᠷᠲᠠᠯ ᠢᠶᠠᠷ ᠠᠰᠠᠭᠤᠳᠠᠯ ᠢ | ᠬᠦᠨᠳᠡᠵᠦ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠠᠳᠬᠤᠨ᠂ ︽ᠪᠢᠲᠡᠭᠦᠦ ᠴᠠᠭᠠᠷᠢᠭ ᠤᠨ ᠠᠵᠢᠯ ᠤᠨ ᠠᠷᠭ᠎ᠠ︾ | ᠶᠢ ᠨᠠᠶᠢᠳᠠᠪᠤᠷᠢᠵᠢᠭᠤᠯᠵᠤ᠂ ᠪᠠᠶᠢᠳᠠᠯ ᠢ ᠬᠠᠷᠢᠭᠤ ᠲᠤᠰᠬᠠᠬᠤ ᠠᠵᠢᠯ ᠢ ᠰᠠᠶᠢᠲᠤᠷ ᠬᠢᠵᠦ᠂ ᠡᠴᠦᠰ ᠲᠤ ᠨᠢ | ᠲᠤᠯᠲᠠᠯ᠎ᠠ ᠠᠩᠬᠠᠷᠬᠤ ᠶᠢ ᠴᠢᠩᠭᠠᠳᠬᠠᠵᠤ᠂ ᠴᠢᠩᠭ᠎ᠠ ᠰᠢᠯᠢᠳᠡᠭ ᠰᠤᠷᠲᠠᠯ ᠢᠶᠠᠷ ᠬᠡᠷ ᠪᠠᠶᠢᠰᠢᠩ ᠭᠠᠵᠠᠷ | ᠬᠥᠷᠥᠩᠭᠡ ᠶᠢᠨ ᠦᠯᠡᠳᠡᠭᠳᠡᠯ ᠠᠰᠠᠭᠤᠳᠠᠯ᠂ ᠵᠠᠬᠢᠳᠠᠯ ᠰᠣᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠦᠨᠡᠨᠬᠦ ᠰᠠᠶᠢᠲᠤᠷ | ᠰᠢᠢᠳᠪᠦᠷᠢᠯᠡᠬᠦ ᠬᠡᠷᠡᠭᠲᠡᠶ ᠭᠡᠪᠡ᠃ | ᠸᠠᠩ ᠯᠢ ᠰᠢᠶᠠ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ | ᠠᠰᠠᠭᠤᠳᠠᠯ ᠢᠶᠠᠷ ᠤᠳᠤᠷᠢᠳᠤᠮᠵᠢ ᠪᠣᠯᠭᠠᠨ᠂ ᠲᠥᠪᠯᠡᠷᠡᠭᠦᠯᠦᠨ ᠰᠢᠪᠲᠤᠯᠤᠨ ᠬᠦᠴᠦᠯᠡᠵᠦ᠂ ᠡᠷᠴᠢᠮ ᠢᠶᠠᠨ | ᠴᠢᠩᠭᠠᠷᠠᠭᠤᠯᠵᠤ᠂ ᠠᠬᠢᠴᠠ ᠪᠠᠨ ᠲᠦᠷᠭᠡᠳᠬᠡᠨ ︽ᠤᠴᠢᠷ ᠢ ᠰᠢᠢᠳᠪᠦᠷᠢᠯᠡᠬᠦ︾ ᠬᠡᠷᠡᠭᠲᠡᠶ᠃ ᠠᠰᠠᠭᠤᠳᠠᠯ ᠢ ᠨᠠᠷᠢᠨ | ᠬᠢᠨᠠᠮᠠᠭᠠᠶ ᠪᠠᠶᠢᠴᠠᠭᠠᠨ ᠳᠣᠲᠣᠯᠠᠵᠤ᠂ ᠪᠥᠬᠦ ᠲᠠᠯ᠎ᠠ ᠪᠠᠷ ᠪᠠᠶᠢᠴᠠᠭᠠᠨ ᠣᠶᠢᠯᠠᠭᠠᠵᠤ᠂ ᠠᠰᠠᠭᠤᠳᠠᠯ ᠤᠨ ᠨᠠᠷᠢᠨ | ᠬᠠᠭᠤᠳᠠᠰᠤ ᠭᠠᠷᠭᠠᠨ᠂ ᠲᠠᠩᠰᠠ ᠲᠠᠢ ᠬᠠᠷᠭᠤᠭᠤᠯᠤᠨ ᠰᠢᠢᠳᠪᠦᠷᠢᠯᠡᠨ ᠨᠠᠶᠢᠳᠠᠪᠤᠷᠢᠵᠢᠭᠤᠯᠬᠤ ᠬᠡᠷᠡᠭᠲᠡᠢ︔ | ᠣᠨᠴᠠᠭᠠᠶᠢᠯᠠᠨ ᠲᠥᠪ ᠤᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠮᠲᠤᠷᠠᠭᠰᠠᠨ ᠬᠤᠷᠠᠯ ᠤᠨ ᠠᠯᠪᠠᠨ | ᠭᠡᠷ ᠠᠴᠠ ᠮᠠᠨ ᠤ ᠬᠤᠲᠠ ᠳᠤ ᠲᠤᠰᠢᠶᠠᠨ ᠰᠢᠢᠳᠪᠦᠷᠢᠯᠡᠭᠦᠯᠦᠭᠰᠡᠨ ᠭᠤᠣᠯᠳᠠᠯᠭ᠎ᠠ ᠲᠠᠢ ᠵᠠᠬᠢᠳᠠᠯ | ᠰᠤᠷᠪᠤᠯᠵᠢᠯᠠᠭ᠎ᠠ ᠶᠢᠨ ᠬᠡᠷᠡᠭ᠂ ᠥᠪᠡᠷᠲᠡᠭᠡᠨ ᠵᠠᠰᠠᠬᠤ ᠣᠷᠣᠨ ᠤ ︽ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ | ᠰᠢᠢᠳᠪᠦᠷᠢᠯᠡᠬᠦ ᠣᠨ︾ ᠤ ᠲᠤᠰᠬᠠᠢ ᠠᠵᠢᠯᠯᠠᠭ᠎ᠠ ᠠᠴᠠ ᠮᠠᠨ ᠤ ᠬᠤᠲᠠ ᠳᠤ ᠲᠤᠰᠢᠶᠠᠨ ᠰᠢᠢᠳᠪᠦᠷᠢᠯᠡᠭᠦᠯᠦᠭᠰᠡᠨ | ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠲᠤ ᠳᠠᠬᠢᠨᠲᠠ ᠳᠠᠷᠤᠯᠲᠠ ᠦᠵᠡᠭᠦᠯᠵᠦ᠂ ᠳᠠᠬᠢᠨᠲᠠ ᠬᠦᠴᠦᠯᠡᠵᠦ᠂ ᠲᠠᠬᠢᠨ | ᠰᠢᠪᠳᠤᠯᠵᠤ᠂ ᠢᠯᠭᠠᠷᠠᠭᠤᠯᠬᠤ ᠠᠵᠢᠯ ᠢ ᠯᠠᠪᠳᠠᠭᠤᠨ ᠬᠦᠴᠦᠲᠡᠢ ᠠᠬᠢᠭᠤᠯᠬᠤ ᠬᠡᠷᠡᠭᠲᠡᠢ︔ ᠴᠠᠭ ᠤᠨ ᠬᠢᠵᠠᠭᠠᠷ ᠤᠨ | ᠱᠠᠭᠠᠷᠳᠠᠯᠭ᠎ᠠ ᠶᠢ ᠴᠢᠩᠳᠠᠯᠠᠵᠤ᠂ ᠴᠠᠭ ᠬᠤᠭᠤᠴᠠᠭ᠎ᠠ ᠶᠢ ᠴᠢᠩᠭ᠎ᠠ ᠪᠠᠷᠢᠵᠤ᠂ ᠭᠤᠭᠴᠤᠭ᠎ᠠ ᠨᠢᠭᠡᠪᠦᠷᠢ ᠶᠢ ᠯᠠᠪᠳᠠᠭᠤᠨ | ᠪᠠᠲᠤᠲᠠᠢ ᠠᠬᠢᠭᠤᠯᠵᠤ᠂ ᠠᠵᠢᠯ ᠤᠨ ᠪᠢᠲᠡᠭᠦᠦ ᠴᠠᠭᠠᠷᠢᠭ ᠢ ᠦᠨᠡᠨ ᠬᠦ ᠪᠦᠷᠢᠯᠳᠦᠭᠦᠯᠬᠦ ᠬᠡᠷᠡᠭᠲᠡᠢ︔ ᠭᠤᠣᠯ | ᠤᠳᠤᠷᠢᠳᠤᠯᠭ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠨᠠᠶᠢᠳᠠᠪᠤᠷᠢᠵᠢᠭᠤᠯᠤᠯᠲᠠ ᠶᠢ ᠬᠦᠴᠦᠲᠡᠶ ᠠᠳᠬᠤᠵᠤ | ᠂ ᠡᠯ᠎ᠡ ᠲᠥᠷᠥᠯ ᠤᠨ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠬᠦᠴᠦᠲᠡᠶ ᠪᠥᠭᠡᠳ ᠡᠮᠬᠢ ᠵᠢᠷᠤᠮ ᠲᠠᠢ | ᠰᠢᠢᠳᠪᠦᠷᠢᠯᠡᠬᠦ ᠬᠡᠷᠡᠭᠲᠡᠶ᠃ ᠤᠳᠤᠷᠢᠳᠤᠯᠭ᠎ᠠ ᠠᠴᠠ ᠳᠠᠭᠠᠭᠠᠴᠢᠯᠠᠨ ᠬᠠᠷᠢᠯᠴᠠᠬᠤ ᠶᠢ ᠴᠢᠩᠭᠠᠳᠬᠠᠵᠤ᠂ | ᠵᠣᠬᠢᠴᠠᠭᠤᠯᠤᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠬᠦᠴᠦ ᠪᠠᠨ ᠬᠠᠮᠲᠤᠳᠬᠠᠨ ᠵᠠᠬᠢᠳᠠᠯ | ᠰᠤᠷᠪᠤᠯᠵᠢᠯᠠᠭ᠎ᠠ ᠶᠢᠨ ᠠᠰᠠᠭᠤᠳᠠᠯ ᠢ ᠬᠠᠤᠯᠢ ᠶᠣᠰᠣᠭᠠᠷ ᠲᠦᠷᠦ ᠶᠢᠨ ᠪᠤᠳᠤᠯᠭ᠎ᠠ ᠶᠣᠰᠣᠭᠠᠷ ᠵᠦᠢ ᠵᠣᠬᠢᠰᠲᠠᠢ | ᠰᠢᠢᠳᠪᠦᠷᠢᠯᠡᠬᠦ ᠬᠡᠷᠡᠭᠲᠡᠢ ᠭᠡᠪᠡ᠃ | ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠪᠠᠶᠢᠩᠭᠤ ᠶᠢᠨ ᠳᠡᠳ᠋ | ᠳᠠᠷᠤᠭ᠎ᠠ ᠯᠢᠦ ᠴᠧᠩ ᠮᠢᠨ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ | ᠳᠠᠷᠤᠭ᠎ᠠ ᠦ᠋ ᠸᠧᠨ ᠮᠢᠩ᠂ ᠬᠤᠲᠠ ᠶᠢᠨ ᠳᠡᠳ᠋ ᠳᠠᠷᠤᠭ᠎ᠠ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ | ᠲᠣᠪᠴᠢᠶᠠᠨ ᠤ ᠳᠠᠷᠤᠭ᠎ᠠ ᠹᠦ᠋ ᠪᠢᠨ ᠰᠢᠮᠳᠠᠭᠤᠯᠤᠨ ᠬᠦᠢᠴᠡᠳᠭᠡᠯᠭᠡᠬᠦ ᠳᠤ ᠣᠷᠣᠯᠴᠠᠵᠠᠶ᠃ |