ᠨᠢᠭᠡ᠂ ᠠᠬᠤᠢ ᠪᠠᠶᠢᠳᠠᠯ ᠤᠨ ᠥᠨᠳᠦᠰᠦᠯᠡᠯ ᠵᠢᠴᠢ ᠴᠢᠬᠤᠯᠠ ᠠᠴᠢ ᠬᠤᠯᠪᠣᠭᠳᠠᠯ | ︽ᠬᠤᠶᠠᠷ ᠢ ᠰᠤᠭᠤᠴᠢᠵᠤ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠪᠣᠯ ᠨᠠᠮ ᠤᠨ ᠲᠥᠪ | ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠮᠥᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠣᠶᠢᠯᠠᠭᠠᠭᠳᠠᠬᠤᠨ ᠤ ᠭᠦᠨᠵᠡᠭᠡᠢ | ᠬᠤᠪᠢᠰᠤᠯᠲᠠ ᠮᠥᠨ᠃ ᠦᠢᠯᠡᠳᠦᠯᠭᠡ ᠪᠠᠷ ᠭᠡᠷᠡᠴᠢᠯᠡᠭᠰᠡᠨ ᠨᠢ᠂ ︽ᠬᠤᠶᠠᠷ ᠢ ᠰᠤᠭᠤᠴᠢᠵᠤ ᠨᠢᠭᠡ ᠶᠢ ᠢᠯᠡ | ᠪᠣᠯᠭᠠᠬᠤ︾ ᠬᠢᠨᠠᠯᠲᠠ ᠬᠠᠮᠢᠶᠠᠷᠤᠯᠲᠠ ᠨᠢ ᠬᠢᠨᠠᠯᠲᠠ ᠬᠠᠮᠢᠶᠠᠷᠤᠯᠲᠠ ᠶᠢᠨ ᠥᠪᠡᠷ ᠤᠨ ᠥᠷᠲᠡᠭ ᠢ | ᠪᠠᠭᠤᠷᠠᠭᠤᠯᠤᠭᠰᠠᠨ ᠤ ᠬᠠᠮᠲᠤ ᠬᠢᠨᠠᠯᠲᠠ ᠬᠠᠮᠢᠶᠠᠷᠤᠯᠲᠠ ᠶᠢᠨ ᠦᠷ᠎ᠡ ᠪᠦᠲᠦᠮᠵᠢ ᠶᠢ ᠢᠯᠡᠳᠲᠡ ᠳᠡᠭᠡᠭᠰᠢᠯᠡᠭᠦᠯᠵᠦ᠂ | ᠬᠢᠨᠠᠨ ᠬᠠᠮᠢᠶᠠᠷᠬᠤ ᠡᠲᠡᠭᠡᠳ ᠬᠢᠭᠡᠳ ᠬᠢᠨᠠᠨ ᠬᠠᠮᠢᠶᠠᠷᠬᠤ ᠬᠦᠴᠦᠨ ᠤ ᠬᠤᠭᠤᠷᠤᠨᠳᠤᠬᠢ ᠳᠣᠪᠣᠶᠢᠮ᠎ᠠ ᠵᠥᠷᠢᠴᠡᠯ ᠢ | ᠨᠠᠮᠳᠠᠭᠤᠯᠵᠤ᠂ ᠠᠵᠤ ᠠᠬᠤᠶᠢᠯᠠᠯ ᠤᠨ ᠳᠠᠷᠤᠭᠠᠰᠤ ᠶᠢ ᠬᠥᠩᠭᠡᠯᠡᠵᠦ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠤᠨ | ᠡᠮᠬᠢ ᠵᠢᠷᠤᠮ ᠤᠨ ᠨᠢᠭᠡᠳᠦᠭᠡᠷ ᠬᠠᠷᠢᠭᠤᠴᠠᠯᠭᠠᠲᠠᠨ ᠤ ᠤᠬᠠᠮᠰᠠᠷ ᠢ ᠴᠢᠩᠭᠠᠳᠬᠠᠵᠤ᠂ ᠵᠥᠪᠯᠡᠬᠦ ᠳᠦᠷᠢᠮ ᠤᠨ | ᠥᠭᠡᠷᠡᠴᠢᠯᠡᠯᠲᠡ ᠶᠢᠨ ᠰᠢᠨ᠎ᠡ ᠪᠠᠶᠢᠳᠠᠯ ᠪᠠ ᠤᠴᠢᠷ ᠶᠠᠪᠤᠳᠠᠯ ᠤᠨ ᠳᠤᠮᠳᠠᠬᠢ ᠤᠴᠢᠷ ᠶᠠᠪᠤᠳᠠᠯ ᠤᠨ ᠳᠠᠷᠠᠭᠠᠬᠢ | ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠰᠢᠨ᠎ᠡ ᠱᠠᠭᠠᠷᠳᠠᠯᠭ᠎ᠠ ᠳᠤ ᠵᠣᠬᠢᠴᠠᠵᠠᠢ᠃ ᠡᠶᠢᠮᠦ ᠠᠴᠠ᠂ | ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ︽ᠬᠡᠷᠡᠭᠵᠢᠭᠦᠯᠬᠦ ᠨᠠᠷᠢᠨ ᠳᠦᠷᠢᠮ︾ ᠢ ᠳᠠᠷᠤᠮᠠᠯᠯᠠᠨ | ᠲᠠᠷᠬᠠᠭᠠᠵᠤ᠂ ︽ᠬᠤᠶᠠᠷ ᠢ ᠰᠤᠭᠤᠴᠢᠵᠤ ᠨᠢᠭᠡ ᠶᠢ ᠢᠯᠡ ᠪᠣᠯᠭᠠᠬᠤ︾ ᠶᠢ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠦᠨᠳᠦᠰᠦᠨ ᠠᠷᠭ᠎ᠠ ᠪᠠᠷᠢᠯ ᠪᠠ ᠠᠷᠭ᠎ᠠ ᠮᠠᠶ᠋ᠢᠭ ᠪᠣᠯᠭᠠᠵᠤ᠂ ᠪᠦᠬᠦ ᠬᠤᠲᠠ ᠶᠢᠨ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶᠡᠨ ᠤ ᠰᠠᠯᠠᠭ᠎ᠠ ᠮᠥᠴᠢᠷ ᠤᠳ ᠬᠠᠮᠲᠤᠷᠠᠨ ︽ᠬᠤᠶᠠᠷ ᠢ | ᠰᠤᠭᠤᠴᠢᠵᠤ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢ ᠨᠡᠶᠢᠳᠡᠮ ᠪᠦᠷᠬᠦᠭᠦᠯᠦᠨ | ᠪᠠᠶᠢᠩᠭᠤᠵᠢᠭᠤᠯᠬᠤ ᠶᠢ ᠪᠡᠶᠡᠯᠡᠭᠦᠯᠬᠦ ᠶᠢ ᠠᠬᠢᠭᠤᠯᠤᠨ᠎ᠠ᠃ | ︵ᠨᠢᠭᠡ︶ ᠲᠤᠰ ︽ᠬᠡᠷᠡᠭᠵᠢᠭᠦᠯᠬᠦ ᠨᠠᠷᠢᠨ ᠳᠦᠷᠢᠮ︾ ᠢ ᠲᠣᠭᠲᠠᠭᠠᠭᠰᠠᠨ ᠨᠢ᠂ ᠲᠥᠷᠥ ᠶᠢᠨ ᠶᠠᠪᠤᠳᠠᠯ ᠤᠨ | ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠴᠢᠬᠤᠯᠠ | ᠠᠷᠭ᠎ᠠ ᠬᠡᠮᠵᠢᠶ᠎ᠡ ᠮᠥᠨ᠃ 2019 ᠣᠨ ᠤ 1 ᠳ᠋ᠦ᠋ᠭᠡᠷ ᠰᠠᠷ᠎ᠠ ᠳᠤ ᠲᠥᠷᠥ ᠶᠢᠨ ᠶᠠᠪᠤᠳᠠᠯ ᠤᠨ ᠬᠤᠷᠢᠶ᠎ᠠ ᠠᠴᠠ ︽ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶᠡᠨ ᠳᠤ ᠰᠠᠯᠠᠭ᠎ᠠ ᠮᠥᠴᠢᠷ ᠤᠳ ᠬᠠᠮᠲᠤᠷᠠᠨ ︿ᠬᠤᠶᠠᠷ ᠢ | ᠰᠤᠭᠤᠴᠢᠵᠤ ᠨᠢᠭᠡ ᠶᠢ ᠢᠯᠡ ᠪᠣᠯᠭᠠᠬᠤ﹀ ᠬᠢᠨᠠᠯᠲᠠ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠬᠦ ᠲᠤᠬᠠᠢ | ᠰᠠᠨᠠᠯ︾ ︵ᠲᠥᠷᠥ ᠲᠠᠷᠬᠠᠭᠠᠭᠰᠠᠨ ﹇2019﹈ 5 ᠳ᠋ᠤᠭᠠᠷ ᠲᠣᠭᠠᠲᠤ︶ ᠢ ᠳᠠᠷᠤᠮᠠᠯᠯᠠᠨ ᠲᠠᠷᠬᠠᠭᠠᠵᠤ᠂ ︽ | ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠦᠨ᠂ ᠰᠠᠯᠠᠭ᠎ᠠ | ᠮᠥᠴᠢᠷ ᠬᠠᠮᠲᠤᠷᠠᠨ ᠬᠢᠨᠠᠨ ᠬᠠᠮᠢᠶᠠᠷᠬᠤ ᠶᠢ ᠠᠬᠢᠭᠤᠯᠵᠤ᠂ ︽ ᠬᠤᠶᠠᠷ ᠢ ᠰᠤᠭᠤᠴᠢᠵᠤ ᠨᠢᠭᠡ ᠶᠢ ᠢᠯᠡ ᠪᠣᠯᠭᠠᠬᠤ︾ | ᠶᠢ ᠪᠦᠬᠦ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶᠡᠨ ᠳᠤ ᠪᠦᠷᠬᠦᠭᠦᠯᠵᠦ᠂ 2019 ᠣᠨ ᠤ 8 | ᠳ᠋ᠤᠭᠠᠷ ᠰᠠᠷ᠎ᠠ ᠶᠢᠨ 2 ᠤᠨ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠠᠴᠠ ︽ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶᠡᠨ ᠳᠤ ᠰᠠᠯᠠᠭ᠎ᠠ | ᠮᠥᠴᠢᠷ ᠤᠳ ᠬᠠᠮᠲᠤᠷᠠᠨ ︿ᠬᠤᠶᠠᠷ ᠢ ᠰᠤᠭᠤᠴᠢᠵᠤ ᠨᠢᠭᠡ ᠶᠢ ᠢᠯᠡ ᠪᠣᠯᠭᠠᠬᠤ﹀ ᠬᠢᠨᠠᠯᠲᠠ ᠬᠠᠮᠢᠶᠠᠷᠤᠯᠲᠠ ᠶᠢ ᠪᠦᠬᠦ | ᠲᠠᠯ᠎ᠠ ᠪᠠᠷ ᠬᠡᠷᠡᠭᠵᠢᠭᠦᠯᠬᠦ ᠲᠤᠬᠠᠢ ᠰᠠᠨᠠᠯ︾ ︵ᠥᠪᠥᠷ ᠵᠠᠰᠠᠭ ᠲᠠᠷᠬᠠᠭᠠᠭᠰᠠᠨ ﹇2019﹈ 10 ᠳ᠋ᠤᠭᠠᠷ ᠲᠣᠭᠠᠲᠤ︶ | ᠢ ᠳᠠᠷᠤᠮᠠᠯᠯᠠᠨ ᠲᠠᠷᠬᠠᠭᠠᠵᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶᠡᠨ ᠳᠤ ︽ᠬᠤᠶᠠᠷ ᠢ | ᠰᠤᠭᠤᠴᠢᠵᠤ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠪᠠᠷ ᠥᠨᠳᠦᠰᠦᠨ ᠠᠷᠭ᠎ᠠ ᠪᠠᠷᠢᠯ ᠪᠣᠯᠭᠠᠭᠰᠠᠨ᠂ | ᠭᠤᠣᠯᠳᠠᠯᠭ᠎ᠠ ᠲᠠᠢ ᠬᠢᠨᠠᠨ ᠬᠠᠮᠢᠶᠠᠷᠬᠤ ᠪᠠᠷ ᠨᠥᠬᠦᠪᠦᠷᠢᠯᠡᠭᠰᠡᠨ᠂ ᠢᠲᠡᠭᠡᠮᠵᠢ ᠶᠢ ᠬᠢᠨᠠᠨ ᠬᠠᠮᠢᠶᠠᠷᠬᠤ ᠪᠠᠷ ᠰᠠᠭᠤᠷᠢ | ᠪᠣᠯᠭᠠᠭᠰᠠᠨ ᠰᠢᠨ᠎ᠡ ᠬᠡᠯᠪᠡᠷᠢ ᠶᠢᠨ ᠬᠢᠨᠠᠨ ᠬᠠᠮᠢᠶᠠᠷᠬᠤ ᠲᠣᠭᠲᠠᠴᠠ ᠶᠢ ᠪᠦᠷᠢᠨᠰᠢᠭᠦᠯᠬᠦ ᠪᠠᠷ ᠳᠤᠷᠠᠳᠴᠤ᠂ ᠲᠥᠪ | ᠭᠤᠣᠯᠴᠢ ᠥᠷᠢᠰᠦᠯᠳᠦᠭᠡᠨ ᠲᠠᠢ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠪᠠ ᠬᠠᠤᠯᠢᠵᠢᠭᠰᠠᠨ᠂ ᠳᠥᠭᠦᠮ | ᠳᠥᠲᠡ ᠬᠤᠳᠠᠯᠳᠤᠭ᠎ᠠ ᠡᠵᠡᠩᠨᠡᠯᠲᠡ ᠶᠢᠨ ᠣᠷᠴᠢᠨ ᠨᠥᠬᠦᠴᠡᠯ ᠢ ᠤᠯᠠᠮ ᠨᠢᠭᠡ ᠠᠯᠬᠤᠮ ᠪᠣᠢ ᠪᠣᠯᠭᠠᠪᠠ᠃ | ︵ᠬᠤᠶᠠᠷ︶ ᠲᠤᠰ ︽ᠬᠡᠷᠡᠭᠵᠢᠭᠦᠯᠬᠦ ᠨᠠᠷᠢᠨ ᠳᠦᠷᠢᠮ︾ ᠢ ᠲᠣᠭᠲᠠᠭᠠᠭᠰᠠᠨ ᠨᠢ᠂ ︽ᠨᠢᠭᠡ ᠤᠳᠠᠭ᠎ᠠ ᠳᠤ | ᠣᠯᠠᠨ ᠵᠦᠢᠯ ᠤᠨ ᠶᠠᠪᠤᠳᠠᠯ ᠢ ᠪᠠᠶᠢᠴᠠᠭᠠᠬᠤ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠬᠤᠳᠠᠯᠳᠤᠭ᠎ᠠ | ᠡᠵᠡᠩᠨᠡᠯᠲᠡ ᠶᠢᠨ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠳᠣᠲᠣᠭᠠᠳᠤ ᠱᠠᠭᠠᠷᠳᠠᠯᠭ᠎ᠠ ᠮᠥᠨ | ᠃ ︽ᠬᠤᠶᠠᠷ ᠢ ᠰᠤᠭᠤᠴᠢᠵᠤ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠪᠠᠷ ᠳᠠᠮᠵᠢᠨ ᠰᠤᠭᠤᠴᠢᠨ | ᠪᠠᠶᠢᠴᠠᠭᠠᠬᠤ ᠵᠦᠢᠯᠡᠰ ᠤᠨ ᠨᠠᠷᠢᠨ ᠬᠠᠭᠤᠳᠠᠰᠤ ᠶᠢ ᠬᠠᠮᠢᠶᠠᠷᠴᠤ᠂ ᠪᠠᠶᠢᠴᠠᠭᠠᠬᠤ ᠡᠲᠡᠭᠡᠳ ᠢ ᠲᠣᠬᠢᠶᠠᠯᠳᠤᠮᠵᠢ ᠪᠠᠷ | ᠲᠣᠭᠲᠠᠭᠠᠨ᠂ ᠪᠠᠶᠢᠴᠠᠭᠠᠬᠤ ᠬᠥᠮᠥᠨ ᠢ ᠲᠣᠬᠢᠶᠠᠯᠳᠤᠮᠵᠢ ᠪᠠᠷ ᠲᠣᠬᠢᠷᠠᠭᠤᠯᠤᠨ᠂ ᠪᠠᠶᠢᠴᠠᠭᠠᠭᠰᠠᠨ ᠦᠷ᠎ᠡ ᠳ᠋ᠦᠩ ᠢ | ᠨᠡᠶᠢᠭᠡᠮ ᠳᠤ ᠨᠡᠶᠢᠲᠡᠯᠡᠬᠦ ᠠᠷᠭ᠎ᠠ ᠮᠠᠶ᠋ᠢᠭ ᠢᠶᠠᠷ ᠳᠠᠮᠵᠢᠨ ᠣᠯᠠᠨ ᠲᠠᠯ᠎ᠠ ᠠᠴᠠ ᠬᠠᠤᠯᠢ ᠬᠡᠷᠡᠭᠵᠢᠭᠦᠯᠬᠦ᠂ ᠳᠠᠪᠬᠤᠷ | ᠪᠠᠶᠢᠴᠠᠭᠠᠬᠤ ᠠᠴᠠ ᠵᠠᠶᠢᠯᠠᠰᠭᠢᠨ᠂ ᠳᠤᠷ᠎ᠠ ᠪᠠᠷ ᠬᠠᠤᠯᠢ ᠬᠡᠷᠡᠭᠵᠢᠭᠦᠯᠬᠦ᠂ ᠰᠣᠩᠭᠤᠯᠲᠠ ᠲᠠᠢ ᠬᠠᠤᠯᠢ ᠬᠡᠷᠡᠭᠵᠢᠭᠦᠯᠬᠦ᠂ | ᠲᠥᠪ ᠪᠤᠰᠤ ᠪᠠᠷ ᠬᠠᠤᠯᠢ ᠬᠡᠷᠡᠭᠵᠢᠭᠦᠯᠬᠦ ᠵᠡᠷᠭᠡ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠨ᠂ ᠬᠠᠤᠯᠢ | ᠬᠡᠷᠡᠭᠵᠢᠭᠦᠯᠬᠦ ᠶᠢ ᠵᠢᠷᠤᠮᠵᠢᠭᠤᠯᠤᠨ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠶᠡᠷᠦ ᠶᠢᠨ ᠦᠢᠯᠡᠳᠪᠦᠷᠢᠯᠡᠯ | ᠡᠵᠡᠩᠨᠡᠯᠲᠡ ᠶᠢᠨ ᠠᠵᠢᠯᠯᠠᠭ᠎ᠠ ᠳᠠᠬᠢ ᠨᠥᠯᠥᠭᠡ ᠶᠢ ᠦᠨᠡᠨᠬᠦ ᠪᠠᠭᠠᠰᠬᠠᠵᠤ᠂ ᠬᠠᠤᠯᠢ ᠶᠢ ᠵᠢᠷᠤᠮᠯᠠᠭᠴᠢ ᠶᠢ ︽ᠤᠴᠢᠷ | ᠦᠭᠡᠢ ᠪᠣᠯ ᠦᠢᠮᠡᠭᠦᠯᠬᠦ ᠦᠭᠡᠢ︾ ᠪᠠᠶᠢᠵᠤ᠂ ᠠᠵᠤ ᠠᠬᠤᠶᠢᠯᠠᠯ ᠤᠨ ᠳᠠᠷᠤᠭᠠᠰᠤ ᠶᠢ ᠬᠥᠩᠭᠡᠯᠡᠨ᠎ᠡ᠃ | ︵ᠭᠤᠷᠪᠠ︶ ᠲᠤᠰ ︽ᠬᠡᠷᠡᠭᠵᠢᠭᠦᠯᠬᠦ ᠨᠠᠷᠢᠨ ᠳᠦᠷᠢᠮ︾ ᠢ ᠲᠣᠭᠲᠠᠭᠠᠭᠰᠠᠨ ᠨᠢ᠂ ᠬᠢᠨᠠᠯᠲᠠ | ᠬᠠᠮᠢᠶᠠᠷᠤᠯᠲᠠ ᠶᠢᠨ ᠣᠶᠢᠯᠠᠭᠠᠭᠳᠠᠬᠤᠨ ᠳᠤ ᠰᠢᠨ᠎ᠡ ᠶᠢ ᠡᠭᠦᠳᠴᠦ᠂ ᠤᠴᠢᠷ ᠶᠠᠪᠤᠳᠠᠯ ᠤᠨ ᠳᠤᠮᠳᠠᠬᠢ ᠤᠴᠢᠷ | ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠪᠦᠲᠦᠮᠵᠢᠲᠡᠢ ᠠᠷᠭ᠎ᠠ ᠵᠠᠮ ᠮᠥᠨ᠃ ᠵᠠᠰᠠᠭ ᠢ | ᠴᠣᠮᠬᠠᠳᠬᠠᠨ ᠡᠷᠬᠡ ᠶᠢ ᠪᠠᠭᠤᠯᠭᠠᠬᠤ ᠶᠢ ᠦᠷᠭᠦᠯᠵᠢᠯᠡᠨ ᠭᠦᠨᠵᠡᠭᠡᠶᠢᠷᠡᠭᠦᠯᠬᠦ ᠶᠢ ᠳᠠᠭᠠᠯᠳᠤᠨ᠂ ᠵᠠᠬ᠎ᠠ ᠳᠡᠯᠭᠡᠭᠦᠷ ᠤᠨ | ᠭᠤᠣᠯ ᠴᠣᠭᠴᠠ ᠶᠡᠬᠡᠪᠡᠷ ᠨᠡᠮᠡᠭᠳᠡᠵᠦ᠂ ᠨᠢᠭᠡ ᠪᠦᠯᠦᠭ ᠬᠦᠷᠢᠶ᠎ᠡ ᠴᠠᠷᠠᠭ᠎ᠠ ᠳᠠᠬᠢ ᠲᠦᠭᠰᠢᠭᠦᠷᠢ ᠳᠣᠪᠣᠶᠢᠮ᠎ᠠ ᠪᠣᠯᠵᠤ᠂ | ᠤᠴᠢᠷ ᠶᠠᠪᠤᠳᠠᠯ ᠤᠨ ᠳᠤᠮᠳᠠᠬᠢ ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠳᠤ | ᠰᠢᠨ᠎ᠡ ᠥᠷᠢᠰᠦᠯᠳᠦᠭᠡᠨ ᠢ ᠠᠪᠴᠢᠷᠠᠪᠠ᠃ ︽ᠬᠤᠶᠠᠷ ᠢ ᠰᠤᠭᠤᠴᠢᠵᠤ ᠨᠢᠭᠡ ᠶᠢ ᠢᠯᠡ ᠪᠣᠯᠭᠠᠬᠤ︾ ᠬᠢᠨᠠᠯᠲᠠ | ᠬᠠᠮᠢᠶᠠᠷᠤᠯᠲᠠ ᠪᠠᠷ ᠳᠠᠮᠵᠢᠨ᠂ ᠬᠠᠤᠯᠢ ᠶᠢ ᠵᠥᠷᠢᠴᠡᠭᠰᠡᠳ ᠲᠤ ︽ᠢᠷᠲᠦ ᠰᠡᠯᠡᠮ᠎ᠡ ᠶᠢ ᠥᠨᠳᠥᠷ ᠳᠠᠯᠠᠶᠢᠵᠤ︾᠂ | ᠬᠢᠨᠠᠨ ᠬᠠᠮᠢᠶᠠᠷᠬᠤ ᠡᠲᠡᠭᠡᠳ ᠬᠢᠭᠡᠳ ᠬᠢᠨᠠᠯᠲᠠ ᠬᠠᠮᠢᠶᠠᠷᠤᠯᠲᠠ ᠶᠢᠨ ᠬᠦᠴᠦᠨ ᠤ ᠬᠤᠭᠤᠷᠣᠨᠳᠤᠬᠢ ᠳᠣᠪᠣᠶᠢᠮ᠎ᠠ | ᠵᠥᠷᠢᠴᠡᠯ ᠢ ᠪᠦᠲᠦᠮᠵᠢᠲᠡᠢ ᠨᠠᠮᠳᠠᠭᠤᠯᠤᠨ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠤᠨ ᠡᠮᠬᠢ ᠵᠢᠷᠤᠮ ᠤᠨ ᠭᠤᠣᠯ | ᠬᠠᠷᠢᠭᠤᠴᠠᠯᠭᠠᠲᠠᠨ ᠤ ᠤᠬᠠᠮᠰᠠᠷ ᠢ ᠴᠢᠩᠭᠠᠳᠬᠠᠵᠤ᠂ ᠵᠠᠰᠠᠭ ᠤᠨ ᠣᠷᠳᠣᠨ ᠠᠴᠠ ᠬᠢᠨᠠᠨ ᠬᠠᠮᠢᠶᠠᠷᠴᠤ | ᠪᠠᠶᠢᠭᠰᠠᠨ ᠠᠴᠠ ᠨᠡᠶᠢᠭᠡᠮ ᠨᠡᠶᠢᠲᠡ ᠪᠠᠷ ᠬᠠᠮᠲᠤ ᠪᠠᠷ ᠵᠠᠰᠠᠬᠤ ᠲᠡᠶᠢᠰᠢ ᠬᠤᠪᠢᠷᠠᠬᠤ ᠶᠢ ᠠᠬᠢᠭᠤᠯᠪᠠ᠃ | ᠬᠤᠶᠠᠷ᠂ ᠠᠵᠢᠯ ᠤᠨ ᠬᠠᠷᠠᠯᠲᠠ | ᠠᠵᠢᠯ ᠤᠨ ᠬᠠᠷᠠᠯᠲᠠ ᠶᠢᠨ ᠲᠠᠯ᠎ᠠ ᠪᠠᠷ᠂ ᠡᠮᠦᠨ᠎ᠡ ᠡᠩᠨᠡᠭᠡᠨ ᠳᠤ ᠶᠠᠪᠤᠬᠤ ᠱᠠᠭᠠᠷᠳᠠᠯᠭ᠎ᠠ ᠶᠣᠰᠣᠭᠠᠷ᠂ 2020 | ᠣᠨ ᠤ ᠵᠢᠯ ᠤᠨ ᠡᠴᠦᠰ ᠠᠴᠠ ᠡᠮᠦᠨ᠎ᠡ᠂ ᠪᠦᠬᠦ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠬᠦᠷᠢᠶᠡᠨ ᠤ ᠠᠵᠤ ᠠᠬᠤᠶᠢᠯᠠᠯ ᠳᠤ ᠬᠤᠯᠪᠣᠭᠳᠠᠬᠤ ᠡᠩ ᠤᠨ ᠪᠠᠶᠢᠴᠠᠭᠠᠬᠤ ᠵᠦᠢᠯᠡᠰ ᠢ ᠪᠦᠬᠦᠨ ᠢ ᠪᠦᠷᠬᠦᠭᠦᠯᠦᠨ᠎ᠡ︔ | 2021 ᠣᠨ ᠤ ᠡᠴᠦᠰ ᠠᠴᠠ ᠡᠮᠦᠨ᠎ᠡ᠂ ᠪᠦᠬᠦ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠬᠦᠷᠢᠶ᠎ᠡ ᠴᠠᠷᠠᠭ᠎ᠠ ᠶᠢᠨ ᠰᠠᠯᠠᠭ᠎ᠠ ᠮᠥᠴᠢᠷ ᠠᠯᠤᠰᠯᠠᠭᠰᠠᠨ ᠬᠢᠨᠠᠯᠲᠠ ᠬᠠᠮᠢᠶᠠᠷᠤᠯᠲᠠ ᠶᠢ ᠪᠦᠷᠬᠦᠭᠦᠯᠵᠦ᠂ ᠬᠠᠮᠲᠤᠷᠠᠨ | ᠰᠤᠭᠤᠴᠢᠨ ᠪᠠᠶᠢᠴᠠᠭᠠᠬᠤ ᠶᠢ ᠪᠠᠶᠢᠩᠭᠤᠵᠢᠭᠤᠯᠤᠨ᠎ᠠ᠃ 2022 ᠣᠨ ᠤ ᠵᠢᠯ ᠤᠨ ᠡᠴᠦᠰ ᠪᠣᠯᠬᠤ ᠳᠤ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶᠡᠨ ᠤ ᠰᠢᠨ᠎ᠡ ᠮᠠᠶ᠋ᠢᠭ ᠤᠨ ᠬᠢᠨᠠᠯᠲᠠ ᠬᠠᠮᠢᠶᠠᠷᠤᠯᠲᠠ ᠶᠢᠨ | ᠲᠣᠭᠲᠠᠴᠠ ᠶᠢ ᠨᠠᠩ ᠲᠡᠭᠦᠯᠳᠡᠷᠵᠢᠭᠦᠯᠵᠦ᠂ ᠰᠠᠯᠠᠭ᠎ᠠ ᠮᠥᠴᠢᠷ ᠤᠨ ᠬᠠᠤᠯᠢ ᠬᠡᠷᠡᠭᠵᠢᠭᠦᠯᠦᠯᠲᠡ ᠨᠠᠩ ᠳᠥᠭᠦᠮ | ᠳᠥᠲᠡ᠂ ᠥᠨᠳᠥᠷ ᠪᠦᠲᠦᠮᠵᠢᠲᠡᠶ᠂ ᠣᠨᠣᠪᠴᠢᠲᠠᠶ᠂ ᠪᠦᠬᠦ ᠲᠠᠯ᠎ᠠ ᠪᠠᠷ ᠶᠠᠪᠤᠭᠳᠠᠵᠤ᠂ ᠶᠡᠷᠦᠩᠬᠡᠶᠢᠯᠡᠨ ᠬᠢᠨᠠᠨ | ᠬᠠᠮᠢᠶᠠᠷᠬᠤ᠂ ᠣᠶᠤᠨᠴᠢ ᠪᠠᠷ ᠬᠢᠨᠠᠨ ᠬᠠᠮᠢᠶᠠᠷᠬᠤ ᠶᠢ ᠪᠡᠶᠡᠯᠡᠭᠦᠯᠵᠦ᠂ ᠠᠵᠤ ᠠᠬᠤᠶᠢᠯᠠᠯ ᠤᠨ ᠢᠲᠡᠭᠡᠮᠵᠢ ᠪᠠᠷ | ᠭᠤᠣᠯᠳᠠᠯᠭ᠎ᠠ ᠪᠣᠯᠭᠠᠭᠰᠠᠨ ᠨᠡᠶᠢᠭᠡᠮ ᠤᠨ ᠢᠲᠡᠭᠡᠮᠵᠢ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ | ᠢᠲᠡᠭᠡᠮᠵᠢ ᠲᠠᠢ ᠠᠵᠤ ᠠᠬᠤᠶᠢᠯᠠᠯ ᠢ ᠨᠡᠩ ᠤᠯᠠᠨ ᠬᠦᠷᠲᠡᠮᠵᠢ ᠶᠢᠨ ᠲᠦᠷᠦᠭᠳᠡᠯ ᠲᠠᠢ ᠪᠣᠯᠭᠠᠵᠤ᠂ ᠬᠤᠳᠠᠯᠳᠤᠭ᠎ᠠ | ᠡᠵᠡᠩᠨᠡᠯᠲᠡ ᠶᠢᠨ ᠣᠷᠴᠢᠨ ᠨᠥᠬᠦᠴᠡᠯ ᠢ ᠪᠦᠬᠦ ᠣᠷᠣᠨ ᠤ ᠡᠮᠦᠨ᠎ᠡ ᠡᠩᠨᠡᠭᠡᠨ ᠳᠤ ᠣᠷᠤᠭᠤᠯᠤᠨ᠎ᠠ᠃ | ᠭᠤᠷᠪᠠ᠂ ᠭᠤᠣᠯ ᠠᠭᠤᠯᠭ᠎ᠠ | ︽ᠬᠡᠷᠡᠭᠵᠢᠭᠦᠯᠬᠦ ᠨᠠᠷᠢᠨ ᠳᠦᠷᠢᠮ︾ ᠢ ᠠᠷᠪᠠᠨ ᠪᠦᠯᠦᠭ᠂ 45 ᠵᠦᠢᠯ ᠳᠤ ᠬᠤᠪᠢᠶᠠᠪᠠ᠃ ᠨᠢᠭᠡᠳᠦᠭᠡᠷ | ᠪᠦᠯᠦᠭ ᠶᠡᠷᠦᠩᠬᠡᠢ ᠳᠦᠷᠢᠮ ᠳᠤ ᠭᠤᠣᠯᠳᠠᠭᠤ ᠲᠣᠭᠲᠠᠭᠠᠭᠰᠠᠨ ᠵᠣᠷᠢᠯᠭ᠎ᠠ᠂ ᠬᠡᠷᠡᠭᠯᠡᠭᠳᠡᠬᠦ ᠬᠦᠷᠢᠶ᠎ᠡ ᠬᠡᠪᠴᠢᠶ᠎ᠡ᠂ | ᠬᠡᠷᠡᠭᠵᠢᠭᠦᠯᠬᠦ ᠭᠤᠣᠯ ᠴᠣᠭᠴᠠ ᠵᠡᠷᠭᠡ ᠶᠢ ᠪᠠᠭᠲᠠᠭᠠᠪᠠ᠃ ᠬᠤᠶᠠᠳᠤᠭᠠᠷ ᠪᠦᠯᠦᠭ ᠲᠠᠪᠴᠠᠩ ᠤᠨ ᠬᠡᠷᠡᠭᠯᠡᠯᠲᠡ︔ | ᠭᠤᠷᠪᠠᠳᠤᠭᠠᠷ ᠪᠦᠯᠦᠭ ︽ᠨᠢᠭᠡ ᠨᠠᠷᠢᠨ ᠬᠠᠭᠤᠳᠠᠰᠤ ᠬᠤᠶᠠᠷ ᠬᠥᠮᠥᠷᠭᠡ︾︔ ᠳᠥᠷᠪᠡᠳᠦᠭᠡᠷ ᠪᠦᠯᠦᠭ ᠲᠥᠯᠥᠪᠯᠡᠭᠡ | ᠲᠣᠭᠲᠠᠭᠠᠬᠤ︔ ᠲᠠᠪᠤᠳᠤᠭᠠᠷ ᠪᠦᠯᠦᠭ ᠡᠭᠦᠷᠭᠡ ᠪᠦᠷᠢᠯᠳᠦᠭᠦᠯᠬᠦ︔ ᠵᠢᠷᠭᠤᠳᠤᠭᠠᠷ ᠪᠦᠯᠦᠭ ᠪᠠᠶᠢᠴᠠᠭᠠᠯᠲᠠ ᠶᠢ | ᠪᠡᠯᠡᠳᠬᠡᠬᠦ︔ ᠳᠣᠯᠣᠳᠤᠭᠠᠷ ᠪᠦᠯᠦᠭ ᠪᠠᠶᠢᠴᠠᠭᠠᠯᠲᠠ ᠬᠢᠬᠦ︔ ᠨᠠᠢᠮᠠᠳᠤᠭᠠᠷ ᠪᠦᠯᠦᠭ ᠳᠠᠷᠠᠭᠠᠴᠢ ᠶᠢᠨ ᠬᠢᠨᠠᠯᠲᠠ | ᠬᠠᠮᠢᠶᠠᠷᠤᠯᠲᠠ︔ ᠶᠢᠰᠦᠳᠦᠭᠡᠷ ᠪᠦᠯᠦᠭ ᠬᠢᠨᠠᠯᠲᠠ ᠬᠠᠮᠢᠶᠠᠷᠤᠯᠲᠠ ᠶᠢᠨ ᠦᠨᠡᠯᠡᠨ ᠰᠢᠯᠭᠠᠯᠲᠠ︔ ᠠᠷᠪᠠᠳᠤᠭᠠᠷ | ᠪᠦᠯᠦᠭ ᠳᠠᠭᠠᠯᠳᠤᠭᠤᠯᠤᠯ᠃ | ᠳᠥᠷᠪᠡ᠂ ᠬᠤᠯᠪᠣᠭᠳᠠᠬᠤ ᠬᠦᠷᠢᠶ᠎ᠡ ᠬᠡᠪᠴᠢᠶ᠎ᠡ | ︽ᠬᠡᠷᠡᠭᠵᠢᠭᠦᠯᠬᠦ ᠨᠠᠷᠢᠨ ᠳᠦᠷᠢᠮ︾ ᠳᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶᠡᠨ ᠤ | ᠬᠤᠯᠪᠣᠭᠳᠠᠯ ᠪᠦᠬᠦᠢ ᠰᠠᠯᠠᠭ᠎ᠠ ᠮᠥᠴᠢᠷ ᠵᠢᠴᠢ ᠪᠣᠢ ᠪᠦᠬᠦᠢ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠶᠢᠨ | ᠰᠠᠯᠠᠭ᠎ᠠ ᠮᠥᠴᠢᠷ᠂ ᠰᠠᠯᠠᠭ᠎ᠠ ᠮᠥᠴᠢᠷ ᠤᠳ ᠬᠠᠮᠲᠤᠷᠠᠨ ︽ᠬᠤᠶᠠᠷ ᠢ ᠰᠤᠭᠤᠴᠢᠵᠤ ᠨᠢᠭᠡ ᠶᠢ ᠢᠯᠡ ᠪᠣᠯᠭᠠᠬᠤ︾ | ᠬᠢᠨᠠᠯᠲᠠ ᠬᠠᠮᠢᠶᠠᠷᠤᠯᠲᠠ ᠶᠢᠨ ᠠᠵᠢᠯ ᠡᠷᠬᠢᠯᠡᠬᠦ ᠳᠤ ᠲᠤᠰ ᠨᠠᠷᠢᠨ ᠳᠦᠷᠢᠮ ᠲᠣᠬᠢᠷᠠᠨ᠎ᠠ ᠭᠡᠵᠦ ᠳᠤᠷᠠᠳᠴᠠᠢ᠃ | ᠴᠢᠬᠤᠯᠠ ᠶᠡᠭᠡ ᠠᠶᠤᠯᠭᠦᠢ ᠶᠢᠨ ᠪᠠ ᠣᠯᠠᠨ ᠨᠡᠶᠢᠲᠡ ᠶᠢᠨ ᠠᠰᠢᠭ ᠲᠤᠰᠠ ᠳᠤ ᠬᠤᠯᠪᠣᠭᠳᠠᠬᠤ᠂ ᠰᠤᠭᠤᠴᠢᠨ | ᠪᠠᠶᠢᠴᠠᠭᠠᠬᠤ ᠵᠦᠢᠯ ᠤᠨ ᠨᠠᠷᠢᠨ ᠬᠠᠭᠤᠳᠠᠰᠤᠨ ᠳᠤ ᠣᠷᠣᠭᠰᠠᠨ ᠦᠭᠡᠢ ᠬᠢᠨᠠᠨ ᠬᠠᠮᠢᠶᠠᠷᠬᠤ ᠵᠦᠢᠯ ᠢ ᠬᠠᠤᠯᠢ | ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠠᠷᠭ᠎ᠠ ᠬᠡᠮᠵᠢᠶ᠎ᠡ ᠶᠣᠰᠣᠭᠠᠷ ᠴᠢᠩᠭ᠎ᠠ ᠬᠢᠨᠠᠨ ᠬᠠᠮᠢᠶᠠᠷᠤᠨ᠎ᠠ᠃ | ᠢᠯᠡᠴᠢᠯᠡᠨ ᠵᠠᠭᠠᠯᠳᠤᠭᠰᠠᠨ᠂ ᠰᠢᠯᠵᠢᠭᠦᠯᠦᠨ ᠰᠢᠢᠳᠪᠦᠷᠢᠯᠡᠭᠦᠯᠦᠭᠰᠡᠨ ᠲᠤᠰᠢᠶᠠᠨ ᠰᠢᠢᠳᠪᠦᠷᠢᠯᠡᠭᠦᠯᠦᠭᠰᠡᠨ᠂ ᠲᠤᠭ᠎ᠠ | ᠪᠠᠷᠢᠮᠲᠠ ᠶᠢᠨ ᠬᠢᠨᠠᠨ ᠬᠡᠮᠵᠢᠯᠲᠡ ᠪᠠᠷ ᠳᠠᠮᠵᠢᠨ ᠢᠯᠡᠷᠡᠭᠦᠯᠦᠭᠰᠡᠨ ᠬᠠᠤᠯᠢ ᠴᠠᠭᠠᠵᠠ ᠬᠠᠤᠯᠢ ᠲᠣᠭᠲᠠᠭᠠᠯ ᠢ | ᠵᠥᠷᠢᠴᠡᠭᠰᠡᠨ ᠣᠨᠴᠠᠭᠠᠢ ᠬᠡᠷᠡᠭ ᠤᠨ ᠰᠦᠪᠡᠭᠴᠢ ᠶᠢ ᠴᠠᠭ ᠲᠤᠬᠠᠢ ᠳᠤᠨᠢ ᠪᠠᠶᠢᠴᠠᠭᠠᠨ ᠰᠢᠢᠳᠪᠦᠷᠢᠯᠡᠨ᠎ᠡ᠃ ᠳᠡᠭᠡᠷᠡᠬᠢ | ᠠᠷᠭ᠎ᠠ ᠮᠠᠶ᠋ᠢᠭ ᠢᠶᠠᠷ ᠢᠯᠡᠷᠡᠭᠦᠯᠦᠭᠰᠡᠨ ᠨᠡᠶᠢᠳᠡᠮ ᠤᠨ ᠴᠢᠨᠠᠷᠲᠠᠢ ᠠᠰᠠᠭᠤᠳᠠᠯ ᠪᠠ ᠵᠠᠬ᠎ᠠ ᠳᠡᠯᠭᠡᠭᠦᠷ ᠤᠨ ᠡᠮᠬᠢ | ᠵᠢᠷᠤᠮ ᠳᠤ ᠣᠷᠣᠰᠢᠬᠤ ᠳᠣᠪᠣᠶᠢᠮ᠎ᠠ ᠲᠦᠭᠰᠢᠭᠦᠷᠢ ᠶᠢ ᠬᠤᠶᠠᠷ ᠢ ᠰᠤᠭᠤᠴᠢᠨ ᠪᠠᠶᠢᠴᠠᠭᠠᠬᠤ ᠵᠡᠷᠭᠡ ᠠᠷᠭ᠎ᠠ | ᠬᠡᠯᠪᠡᠷᠢ ᠪᠠᠷ ᠬᠤᠯᠪᠣᠭᠳᠠᠭᠰᠠᠨ ᠰᠤᠭᠤᠴᠢᠨ ᠪᠠᠶᠢᠴᠠᠭᠠᠬᠤ ᠵᠦᠢᠯ ᠳᠤ ᠬᠠᠨᠳᠤᠯᠭᠠᠲᠤ ᠴᠢᠨᠠᠷᠲᠠᠢ ᠲᠤᠰᠬᠠᠢ | ᠪᠠᠶᠢᠴᠠᠭᠠᠯᠲᠠ ᠬᠢᠨ᠎ᠡ᠃ | ᠲᠠᠪᠤ᠂ ᠵᠠᠩᠭᠢᠯᠠᠭ᠎ᠠ ᠶᠢᠨ ᠦᠭᠡᠰ ᠤᠨ ᠲᠠᠶᠢᠯᠪᠤᠷᠢ | ︽ᠬᠡᠷᠡᠭᠵᠢᠭᠦᠯᠬᠦ ᠨᠠᠷᠢᠨ ᠳᠦᠷᠢᠮ︾ ᠳᠤ ᠬᠡᠯᠡᠵᠦ ᠪᠠᠶᠢᠭ᠎ᠠ ︽ᠬᠤᠶᠠᠷ ᠢ ᠰᠤᠭᠤᠴᠢᠵᠤ ᠨᠢᠭᠡ ᠶᠢ ᠢᠯᠡ | ᠪᠣᠯᠭᠠᠬᠤ︾ ᠬᠢᠨᠠᠯᠲᠠ ᠬᠠᠮᠢᠶᠠᠷᠤᠯᠲᠠ ᠭᠡᠳᠡᠭ ᠨᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ | ᠮᠥᠴᠢᠷ ᠠᠴᠠ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠬᠠᠤᠯᠢ ᠶᠣᠰᠣᠭᠠᠷ ᠬᠢᠨᠠᠨ ᠪᠠᠶᠢᠴᠠᠭᠠᠯᠲᠠ ᠬᠢᠬᠦ ᠳᠡᠭᠡᠨ᠂ | ᠵᠣᠬᠢᠬᠤ ᠬᠠᠷᠢᠴᠠᠯ ᠤᠨ ᠪᠠᠶᠢᠴᠠᠭᠠᠭᠳᠠᠬᠤ ᠡᠲᠡᠭᠡᠳ ᠢ ᠲᠣᠬᠢᠶᠠᠯᠳᠤᠯ ᠢᠶᠠᠷ ᠰᠤᠭᠤᠴᠢᠵᠤ᠂ ᠬᠠᠤᠯᠢ ᠬᠡᠷᠡᠭᠵᠢᠭᠦᠯᠦᠨ | ᠪᠠᠶᠢᠴᠠᠭᠠᠬᠤ ᠬᠥᠮᠥᠨ ᠢ ᠲᠣᠬᠢᠶᠠᠯᠳᠤᠯ ᠢᠶᠠᠷ ᠰᠣᠩᠭᠤᠨ ᠲᠣᠮᠢᠯᠠᠬᠤ ᠶᠢᠨ ᠵᠡᠷᠭᠡ ᠪᠠᠶᠢᠴᠠᠭᠠᠭᠰᠠᠨ ᠳ᠋ᠦᠩ ᠢ | ᠨᠡᠶᠢᠭᠡᠮ ᠳᠤ ᠨᠡᠶᠢᠲᠡᠯᠡᠬᠦ ᠶᠢ ᠬᠡᠯᠡᠵᠦ ᠪᠠᠶᠢᠨ᠎ᠠ᠃ | ︽ᠬᠡᠷᠡᠭᠵᠢᠭᠦᠯᠬᠦ ᠨᠠᠷᠢᠨ ᠳᠦᠷᠢᠮ︾ ᠳᠤ ᠬᠡᠯᠡᠵᠦ ᠪᠠᠶᠢᠭ᠎ᠠ ᠵᠠᠬ᠎ᠠ ᠳᠡᠯᠭᠡᠭᠦᠷ ᠤᠨ ᠭᠤᠣᠯ ᠴᠣᠭᠴᠠ ᠭᠡᠳᠡᠭ | ᠨᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠢᠶᠠᠷ ᠳᠠᠩᠰᠠᠯᠠᠭᠤᠯᠵᠤ᠂ ᠮᠠᠨ ᠤ | ᠬᠤᠲᠠ ᠶᠢᠨ ᠵᠠᠰᠠᠭ ᠵᠠᠬᠢᠷᠭᠠᠨ ᠤ ᠬᠦᠷᠢᠶ᠎ᠡ ᠬᠡᠪᠴᠢᠶᠡᠨ ᠤ ᠳᠣᠲᠣᠷ᠎ᠠ ᠠᠰᠢᠭ ᠬᠤᠨᠵᠢᠪᠤᠷᠢ ᠣᠯᠬᠤ ᠪᠠᠷ ᠬᠠᠷᠠᠯᠲᠠ | ᠪᠣᠯᠭᠠᠭᠰᠠᠨ ᠦᠢᠯᠡᠳᠪᠦᠷᠢᠯᠡᠯ ᠡᠵᠡᠩᠨᠡᠯᠲᠡ ᠡᠷᠬᠢᠯᠡᠵᠦ ᠪᠠᠶᠢᠭ᠎ᠠ ᠠᠵᠤ ᠠᠬᠤᠶᠢᠯᠠᠯ ᠤᠨ ᠬᠠᠤᠯᠢ ᠶᠢᠨ ᠡᠵᠡᠨ ᠪᠠ | ᠪᠤᠰᠤᠳ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢ ᠵᠢᠭᠠᠵᠤ ᠪᠠᠶᠢᠨ᠎ᠠ᠂ ᠡᠭᠦᠨ ᠳᠤ ᠡᠯ᠎ᠡ ᠲᠦᠷᠦᠯ ᠤᠨ ᠠᠵᠤ | ᠠᠬᠤᠶᠢᠯᠠᠯ ᠵᠢᠴᠢ ᠲᠡᠭᠦᠨ ᠤ ᠰᠠᠯᠪᠤᠷᠢ ᠪᠠᠶᠢᠭᠤᠯᠤᠮᠵᠢ᠂ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ | ᠂ ᠲᠠᠷᠢᠶᠠᠴᠢᠨ ᠤ ᠲᠤᠰᠬᠠᠢ ᠬᠤᠷᠰᠢᠶᠠᠵᠢᠯ᠂ ᠭᠠᠳᠠᠭᠠᠳᠤ ᠤᠯᠤᠰ ︵ ᠭᠠᠵᠠᠷ ᠣᠷᠣᠨ︶ ᠤᠨ ᠠᠵᠤ ᠠᠬᠤᠶᠢᠯᠠᠯ ᠤᠨ | ᠪᠠᠶᠢᠩᠭᠤ ᠰᠠᠭᠤᠭ᠎ᠠ ᠲᠥᠯᠥᠭᠡᠯᠡᠬᠦ ᠪᠠᠶᠢᠭᠤᠯᠤᠮᠵᠢ ᠵᠡᠷᠭᠡ ᠶᠢ ᠪᠠᠭᠲᠠᠭᠠᠨ᠎ᠠ᠃ | ᠵᠢᠷᠭᠤᠭ᠎ᠠ᠂ ᠣᠨᠴᠠᠯᠢᠭ ᠭᠢᠯᠠᠰ ᠴᠡᠭ | ︵ᠨᠢᠭᠡ︶ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶᠡᠨ ᠤ ᠬᠤᠯᠪᠣᠭᠳᠠᠯ | ᠪᠦᠬᠦᠢ ᠰᠠᠯᠠᠭ᠎ᠠ ᠮᠥᠴᠢᠷ ᠤᠨ ᠬᠦᠷᠢᠶ᠎ᠡ ᠬᠡᠪᠴᠢᠶ᠎ᠡ ᠶᠢᠨ ᠠᠰᠠᠭᠤᠳᠠᠯ᠃ ᠲᠥᠷᠥ ᠶᠢᠨ ᠶᠠᠪᠤᠳᠠᠯ ᠤᠨ ᠬᠤᠷᠢᠶ᠎ᠠ ᠪᠣᠯᠣᠨ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠣᠰᠣᠭᠠᠷ᠂ | ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶᠡᠨ ᠤ ᠬᠤᠯᠪᠣᠭᠳᠠᠯ ᠪᠦᠬᠦᠢ ᠰᠠᠯᠠᠭ᠎ᠠ | ᠮᠥᠴᠢᠷ ᠲᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠬᠥᠭᠵᠢᠭᠦᠯᠦᠯᠲᠡ ᠥᠭᠡᠷᠡᠴᠢᠯᠡᠯᠲᠡ᠂ ᠰᠤᠷᠭᠠᠨ | ᠬᠥᠮᠥᠵᠢᠯ᠂ ᠳᠣᠲᠣᠭᠠᠳᠤ ᠶᠢ ᠬᠠᠮᠠᠭᠠᠯᠠᠬᠤ᠂ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ᠂ | ᠠᠮᠢ ᠠᠬᠤᠢ ᠣᠷᠴᠢᠨ ᠲᠣᠭᠤᠷᠢᠨ᠂ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠵᠠᠮ | ᠬᠠᠷᠢᠯᠴᠠᠭ᠎ᠠ ᠲᠡᠭᠡᠭᠡᠪᠦᠷᠢ᠂ ᠲᠠᠷᠢᠶᠠᠯᠠᠩ ᠠᠵᠤ ᠠᠬᠤᠢ ᠬᠥᠳᠡᠭᠡ ᠲᠣᠰᠬᠤᠨ᠂ ᠬᠤᠳᠠᠯᠳᠤᠭᠠᠨ ᠤ ᠶᠠᠪᠤᠳᠠᠯ᠂ ᠰᠣᠶᠣᠯ | ᠪᠠ ᠵᠢᠭᠤᠯᠴᠢᠯᠠᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠪᠠᠴᠢᠮ ᠪᠠᠶᠢᠳᠠᠯ ᠢ ᠠᠷᠭᠠᠴᠠᠭᠠᠬᠤ᠂ ᠪᠣᠭᠤᠮᠲᠠ᠂ | ᠭᠠᠶᠢᠯᠢ ᠶᠢᠨ ᠶᠠᠪᠤᠳᠠᠯ᠂ ᠲᠤᠭ᠎ᠠ ᠪᠦᠷᠢᠳᠬᠡᠯ ᠵᠡᠷᠭᠡ 16 ᠰᠠᠯᠠᠭ᠎ᠠ ᠮᠥᠴᠢᠷ ᠪᠠᠭᠲᠠᠨ᠎ᠠ᠃ ᠮᠠᠨ ᠤ ᠬᠤᠲᠠ ᠶᠢᠨ | ᠬᠢᠨᠠᠯᠲᠠ ᠬᠠᠮᠢᠶᠠᠷᠤᠯᠲᠠ ᠶᠢᠨ ᠠᠵᠢᠯ ᠤᠨ ᠪᠣᠳᠠᠲᠠᠢ ᠪᠠᠶᠢᠳᠠᠯ ᠵᠢᠴᠢ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ | ᠳᠠᠷᠠᠭᠠᠬᠢ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢ ᠦᠨᠳᠦᠰᠦᠯᠡᠵᠦ᠂ 16 ᠰᠠᠯᠠᠭ᠎ᠠ ᠮᠥᠴᠢᠷ ᠠᠴᠠ | ᠭᠠᠳᠠᠨ᠎ᠠ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ᠂ ᠬᠠᠤᠯᠢ ᠴᠠᠭᠠᠵᠠ ᠶᠢᠨ ᠲᠣᠪᠴᠢᠶ᠎ᠠ᠂ ᠡᠳ᠋ ᠤᠨ | ᠵᠠᠰᠠᠭ ᠤᠨ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠪᠴᠢᠶ᠎ᠠ ᠶᠢ ᠬᠠᠮᠲᠤᠷᠠᠨ | ᠰᠤᠭᠤᠴᠢᠨ ᠪᠠᠶᠢᠴᠠᠭᠠᠬᠤ ᠬᠦᠷᠢᠶ᠎ᠡ ᠬᠡᠪᠴᠢᠶᠡᠨ ᠳᠤ ᠣᠷᠣᠭᠤᠯᠵᠤ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠬᠦᠷᠢᠶᠡᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠲᠦᠷ ᠴᠠᠭ 20 ᠪᠣᠯᠭᠠᠨ ᠥᠷᠭᠡᠳᠬᠡᠪᠡ | ᠃ | ︵ᠬᠤᠶᠠᠷ︶ ᠬᠠᠮᠲᠤᠷᠠᠨ ᠰᠤᠭᠤᠴᠢᠨ ᠪᠠᠶᠢᠴᠠᠭᠠᠬᠤ ᠲᠥᠯᠥᠪᠯᠡᠭᠡ ᠶᠢ ᠲᠣᠭᠲᠠᠭᠠᠬᠤ ᠪᠠ ᠡᠬᠢᠯᠡᠭᠦᠯᠬᠦ ᠰᠠᠯᠠᠭ᠎ᠠ | ᠮᠥᠴᠢᠷ ᠢ ᠲᠣᠭᠲᠠᠭᠠᠬᠤ ᠠᠰᠠᠭᠤᠳᠠᠯ᠃ ᠬᠠᠮᠲᠤᠷᠠᠨ ᠰᠤᠭᠤᠴᠢᠨ ᠪᠠᠶᠢᠴᠠᠭᠠᠬᠤ ᠳᠤ ᠬᠤᠯᠪᠣᠭᠳᠠᠬᠤ ᠰᠠᠯᠠᠭ᠎ᠠ ᠮᠥᠴᠢᠷ | ᠣᠯᠠᠨ᠂ ᠵᠣᠬᠢᠴᠠᠭᠤᠯᠬᠤ ᠳᠤ ᠬᠦᠴᠢᠷ ᠪᠣᠯᠬᠤᠷ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠢᠴᠢᠭ | ᠮᠠᠲ᠋ᠧᠷᠢᠶᠠᠯ ᠳᠤ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠰᠠᠯᠠᠭ᠎ᠠ | ᠮᠥᠴᠢᠷ ᠬᠠᠮᠲᠤᠷᠠᠨ ᠰᠤᠭᠤᠴᠢᠨ ᠪᠠᠶᠢᠴᠠᠭᠠᠬᠤ ᠠᠵᠢᠯ ᠤᠨ ᠣᠨ ᠤ ᠲᠥᠯᠥᠪᠯᠡᠭᠡ ᠶᠢ ᠦᠨᠳᠦᠰᠦᠯᠡᠨ᠂ ᠲᠤᠰ ᠵᠠᠰᠠᠭ | ᠵᠠᠬᠢᠷᠭᠠᠨ ᠤ ᠣᠷᠣᠨ ᠤ ᠪᠠᠨ ᠰᠠᠯᠠᠭ᠎ᠠ ᠮᠥᠴᠢᠷ ᠤᠳ ᠬᠠᠮᠲᠤᠷᠠᠨ ︽ᠬᠤᠶᠠᠷ ᠢ ᠰᠤᠭᠤᠴᠢᠵᠤ ᠨᠢᠭᠡ ᠶᠢ ᠢᠯᠡ | ᠪᠣᠯᠭᠠᠬᠤ︾ ᠬᠢᠨᠠᠯᠲᠠ ᠬᠠᠮᠢᠶᠠᠷᠤᠯᠲᠠ ᠶᠢᠨ ᠠᠵᠢᠯ ᠢ ᠵᠣᠬᠢᠶᠠᠨ ᠪᠠᠶᠢᠭᠤᠯᠤᠨ ᠤᠳᠤᠷᠢᠳᠬᠤ ᠬᠡᠷᠡᠭᠲᠡᠢ ᠭᠡᠵᠦ | ᠲᠣᠳᠣᠷᠬᠠᠢ ᠱᠠᠭᠠᠷᠳᠠᠵᠠᠢ᠃ ᠮᠠᠨ ᠤ ᠬᠤᠲᠠ ︽ᠬᠡᠷᠡᠭᠵᠢᠭᠦᠯᠬᠦ ᠨᠠᠷᠢᠨ ᠳᠦᠷᠢᠮ︾ ᠢ ᠲᠤᠭᠤᠷᠪᠢᠬᠤ ᠳᠠᠭᠠᠨ ᠬᠢᠨᠠᠯᠲᠠ | ᠬᠠᠮᠢᠶᠠᠷᠤᠯᠲᠠ ᠶᠢᠨ ᠪᠣᠳᠠᠲᠠᠢ ᠪᠠᠶᠢᠳᠠᠯ ᠢ ᠶᠡᠷᠦᠩᠬᠡᠶᠢᠯᠡᠨ ᠪᠣᠳᠣᠯᠬᠢᠯᠠᠵᠤ᠂ ᠠᠵᠢᠯ ᠲᠥᠷᠥᠯ ᠠᠳᠠᠯᠢᠪᠲᠤᠷ ᠵᠠᠷᠴᠢᠮ | ᠶᠣᠰᠣᠭᠠᠷ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠨᠡᠯᠢᠶᠡᠳ ᠣᠯᠠᠨ ᠬᠦᠷᠢᠶ᠎ᠡ ᠴᠠᠷᠠᠭ᠎ᠠ ᠪᠣᠯᠭᠠᠨ | ᠨᠠᠷᠢᠯᠢᠭᠵᠢᠭᠤᠯᠬᠤ ᠶᠢᠨ ᠬᠠᠮᠲᠤ᠂ ᠡᠯ᠎ᠡ ᠭᠡᠰᠢᠭᠦᠨ ᠨᠢᠭᠡᠴᠡ ᠪᠦᠬᠦᠨ ᠴᠥᠮ ᠰᠠᠯᠠᠭ᠎ᠠ ᠮᠥᠴᠢᠷ ᠬᠠᠮᠳᠤᠷᠠᠭᠰᠠᠨ ︽ | ᠬᠤᠶᠠᠷ ᠢ ᠰᠤᠭᠤᠴᠢᠬᠤ︾ ᠰᠤᠭᠤᠴᠢᠨ ᠪᠠᠶᠢᠴᠠᠭᠠᠯᠲᠠ ᠶᠢ ᠡᠬᠢᠯᠡᠭᠦᠯᠵᠦ ᠪᠣᠯᠬᠤ ᠪᠥᠭᠡᠳ ᠪᠣᠳᠠᠲᠠᠢ ᠵᠣᠬᠢᠶᠠᠨ | ᠪᠠᠶᠢᠭᠤᠯᠤᠨ ᠬᠡᠷᠡᠭᠵᠢᠭᠦᠯᠬᠦ᠂ ᠦᠷ᠎ᠡ ᠳ᠋ᠦᠩ ᠢ ᠨᠡᠶᠢᠲᠡᠯᠡᠬᠦ᠂ ᠳ᠋ᠦᠩᠨᠡᠨ ᠵᠠᠳᠠᠯᠬᠤ ᠵᠡᠷᠭᠡ ᠬᠠᠮᠢᠶ᠎ᠠ ᠪᠦᠬᠦᠢ ᠡᠭᠦᠷᠭᠡ ᠶᠢ | ᠡᠭᠦᠷᠭᠡᠯᠡᠨ᠎ᠡ ᠭᠡᠵᠦ ᠲᠣᠳᠣᠳᠬᠠᠵᠠᠢ᠃ |