ᠰᠢᠨ᠎ᠡ ᠬᠤᠲᠠ ᠲᠣᠭᠤᠷᠢᠭ ᠤᠨ ᠡᠮ ᠡᠮᠨᠡᠯᠭᠡ ᠶᠢᠨ ᠳᠠᠭᠠᠳᠬᠠᠯ ᠤᠨ ᠲᠥᠪ ᠣᠯᠠᠨ ᠵᠣᠶᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠬᠢᠷᠢ ᠲᠦᠪᠰᠢᠨ ᠢ  ᠳᠡᠭᠡᠭᠰᠢᠯᠡᠭᠦᠯᠦᠨ᠎ᠡ
ᠨᠡᠶᠢᠲᠡᠯᠡᠭᠰᠡᠨ ᠴᠠᠭ᠄
2020/8/24
      ᠣᠯᠠᠨ ᠲᠦᠮᠡᠨ ᠤ ᠡᠮ ᠡᠮᠨᠡᠯᠭᠡ ᠶᠢᠨ ᠳᠠᠭᠠᠳᠬᠠᠯ ᠤᠨ ᠲᠤᠬᠠᠶᠢᠯᠠᠭᠰᠠᠨ ᠠᠵᠢᠯ ᠭᠦᠢᠴᠡᠳᠬᠡᠬᠦ ᠳᠤ ᠨᠠᠩ ᠳᠥᠭᠦᠮ ᠦᠵᠡᠭᠦᠯᠵᠦ᠂ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠬᠦ ᠶᠢᠨ ᠲᠦᠯᠦᠭᠡ᠂ ᠲᠤᠭᠤᠷᠢᠭ ᠤᠨ ᠡᠮ ᠡᠮᠨᠡᠯᠭᠡ ᠶᠢᠨ ᠳᠠᠭᠠᠳᠬᠠᠯ ᠤᠨ ᠲᠥᠪ ᠣᠯᠠᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠵᠦ᠂ ᠲᠤᠬᠠᠶᠢᠯᠠᠭᠰᠠᠨ ᠠᠵᠢᠯ ᠤᠨ ᠶᠠᠪᠤᠴᠠ ᠶᠢ ᠰᠢᠯᠢᠳᠡᠭᠵᠢᠭᠦᠯᠬᠦ᠂  ᠦᠢᠯᠡᠴᠢᠯᠡᠭᠡᠨ ᠤ ᠠᠷᠭ᠎ᠠ ᠮᠠᠶ᠋ᠢᠭ ᠤᠨ ᠰᠢᠨ᠎ᠡ ᠶᠢ ᠡᠭᠦᠳᠬᠦ᠂ ᠳᠣᠲᠣᠭᠠᠳᠤ ᠬᠠᠮᠢᠶᠠᠷᠤᠯᠲᠠ ᠶᠢ ᠴᠢᠩᠭᠠᠳᠬᠠᠬᠤ ᠲᠠᠯ᠎ᠠ ᠠᠴᠠ ᠭᠠᠷᠳᠠᠵᠤ᠂ ᠦᠢᠯᠡᠴᠢᠯᠡᠭᠡᠨ ᠤ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠡᠮ ᠡᠮᠨᠡᠯᠭᠡ ᠶᠢᠨ ᠳᠠᠭᠠᠳᠬᠠᠯ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃
     ᠨᠢᠭᠡ ᠳᠤ ᠴᠤᠪᠤᠷᠠᠯ ᠢ ᠰᠢᠯᠢᠳᠡᠭᠵᠢᠭᠦᠯᠵᠦ᠂ ᠵᠠᠰᠠᠭ ᠢ ᠴᠣᠮᠬᠠᠳᠬᠠᠨ ᠠᠷᠠᠳ ᠲᠤ ᠲᠥᠬᠦᠮ ᠦᠵᠡᠭᠦᠯᠦᠨ᠎ᠡ᠃ ᠣᠯᠠᠨ ᠲᠦᠮᠡᠨ ᠤ ᠠᠵᠢᠯ ᠶᠠᠪᠤᠳᠠᠯ ᠭᠦᠢᠴᠡᠳᠭᠡᠬᠦ ᠳᠡᠰ ᠳᠠᠷᠠᠭᠠᠯᠠᠯ ᠪᠤᠳᠤᠯᠢᠶᠠᠨᠲᠠᠶ᠂  ᠰᠢᠢᠳᠪᠦᠷᠢᠯᠡᠬᠦ ᠴᠠᠭ ᠤᠨ ᠬᠢᠵᠠᠭᠠᠷ ᠤᠷᠲᠤ᠂ ᠣᠯᠠᠨ ᠲᠠᠯ᠎ᠠ ᠠᠴᠠ ᠨᠠᠰᠢ ᠴᠠᠰᠢ ᠭᠦᠶᠦᠬᠦ ᠵᠡᠷᠭᠡ ᠳᠤᠪᠤᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ᠂ ᠮᠠᠨ ᠤ ᠲᠥᠪ ᠲᠤᠬᠠᠶᠢᠯᠠᠭᠰᠠᠨ ᠠᠵᠢᠯ ᠤᠨ ᠭᠦᠢᠴᠡᠳᠬᠡᠬᠦ ᠶᠠᠪᠤᠴᠠ ᠶᠢ ᠪᠦᠬᠦ ᠲᠠᠯ᠎ᠠ ᠪᠠᠷ ᠡᠮᠬᠢᠯᠡᠵᠦ᠂ ᠲᠠᠰ ᠳᠠᠷᠠᠭᠠᠯᠠᠯ ᠢ ᠳᠥᠭᠦᠮᠴᠢᠯᠡᠵᠦ᠂ ᠴᠠᠭ ᠲᠣᠭᠲᠠᠭᠠᠨ  ᠰᠢᠢᠳᠪᠦᠷᠢᠯᠡᠵᠦ ᠳᠠᠭᠤᠰᠬᠠᠨ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ︔ ᠠᠮᠢᠳᠤᠯᠢᠭ ᠠᠵᠢᠯ ᠣᠯᠭᠤᠯᠲᠠ ᠶᠢ ᠬᠢᠨᠠᠨ ᠲᠣᠭᠲᠠᠭᠠᠬᠤ ︽ᠣᠶᠢᠷ᠎ᠠ ᠬᠠᠪᠢ ᠲᠠᠭᠠᠨ ᠭᠦᠢᠴᠡᠳᠭᠡᠬᠦ᠂ ᠨᠢᠭᠡ ᠯᠡ ᠤᠳᠠᠭ᠎ᠠ ᠳᠤ  ᠭᠦᠢᠴᠡᠳᠭᠡᠬᠦ︾ ᠦᠢᠯᠡᠴᠢᠯᠡᠭᠡ ᠶᠢ ᠭᠦᠨᠵᠡᠭᠡᠶ ᠠᠬᠢᠭᠤᠯᠵᠤ ᠂ ᠠᠮᠢᠳᠤᠯᠢᠭ ᠠᠵᠢᠯ ᠣᠯᠭᠤᠯᠲᠠ ᠶᠢᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠢ ᠬᠢᠨᠠᠨ ᠲᠣᠭᠲᠠᠭᠠᠵᠤ ᠭᠠᠷᠳᠠᠨ ᠬᠢᠬᠦ 9 ᠴᠡᠭ ᠢ ᠰᠢᠨ᠎ᠡ ᠪᠠᠷ ᠨᠡᠮᠡᠭᠳᠡᠭᠦᠯᠵᠦ᠂ ᠤᠯᠠᠨ ᠲᠦᠮᠡᠨ ᠤ ᠦᠢᠷ᠎ᠠ ᠬᠠᠪᠢ ᠲᠠᠭᠠᠨ ᠭᠦᠢᠴᠡᠳᠭᠡᠬᠦ ᠳᠤ ᠲᠦᠬᠦᠮ ᠦᠵᠡᠭᠦᠯᠦᠨ᠎ᠡ︔ ᠲᠤᠬᠠᠶᠢᠯᠠᠭᠰᠠᠨ ᠠᠵᠢᠯ ᠤᠨ ᠴᠤᠪᠤᠷᠠᠯ ᠢᠶᠠᠨ ᠢᠯᠡ ᠪᠣᠯᠭᠠᠵᠤ᠂ ᠢᠯᠡ ᠦᠢᠯᠡᠴᠢᠯᠡᠭᠡ ᠶᠢ ᠬᠡᠷᠡᠭᠵᠢᠭᠦᠯᠵᠦ᠂ ᠤᠯᠠᠨ ᠲᠦᠮᠡᠨ ᠤ ᠬᠢᠨᠠᠯᠲᠠ ᠶᠢ ᠬᠦᠯᠢᠶᠡᠨ ᠠᠪᠤᠨ᠎ᠠ᠃       ᠬᠤᠶᠠᠷ ᠲᠤ ᠦᠢᠯᠡᠴᠢᠯᠡᠭᠡᠨ ᠤ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠠᠵᠢᠯ ᠶᠠᠪᠤᠳᠠᠯ ᠭᠦᠢᠴᠡᠳᠬᠡᠬᠦ ᠳᠡᠰ ᠳᠠᠷᠠᠭᠠᠯᠠᠯ ᠤᠨ ᠵᠦᠭᠯᠡᠭᠦᠷ ᠪᠦᠷᠢᠨ ᠪᠤᠰᠤ ᠪᠠᠶᠢᠬᠤ᠂ ᠴᠤᠩᠬᠤᠪᠴᠢ ᠶᠢᠨ ᠦᠢᠯᠡᠴᠢᠯᠡᠭᠡᠨ ᠤ ᠵᠦᠢᠯᠡᠰ ᠨᠢ ᠵᠢᠷᠤᠮᠵᠢᠯ ᠤᠨ ᠲᠣᠳᠣᠷᠬᠠᠶ ᠬᠠᠭᠤᠳᠠᠰᠤ ᠪᠠ ᠵᠢᠱᠢᠶ᠎ᠡ ᠦᠵᠡᠭᠦᠯᠬᠦ ᠪᠢᠴᠢᠭ ᠦᠭᠡᠢ ᠵᠡᠷᠭᠡ ᠠᠰᠠᠭᠤᠳᠠᠯ ᠳᠤ ᠠᠩᠬᠠᠷᠤᠯ ᠢᠶᠠᠨ ᠲᠦᠪᠯᠡᠷᠡᠭᠦᠯᠦᠨ᠂ ᠴᠤᠩᠬᠤᠪᠴᠢ ᠳᠡᠭᠡᠷ᠎ᠡ ᠰᠠᠭᠤᠭᠠᠯᠢ ᠠᠷᠠᠳ ᠤᠨ ᠳᠠᠩᠰᠠ ᠲᠠᠶᠢᠯᠬᠤ ᠵᠡᠷᠭᠡ ᠵᠦᠢᠯᠡᠰ ᠤᠨ ᠨᠢᠭᠡ ᠯᠡ ᠤᠳᠠᠭᠠᠨ ᠤ ᠴᠢᠨᠠᠷᠲᠠᠶ ᠮᠡᠳᠡᠭᠳᠡᠯ ᠤᠨ ᠲᠣᠳᠣᠷᠬᠠᠶ ᠬᠠᠭᠤᠳᠠᠰᠤ᠂ ᠬᠡᠷᠡᠭᠰᠡᠬᠦ ᠵᠦᠢᠯᠡᠰ ᠤᠨ ᠮᠠᠲ᠋ᠧᠷᠢᠶᠠᠯ ᠤᠨ ᠵᠢᠱᠢᠶ᠎ᠡ ᠦᠵᠡᠭᠦᠯᠬᠦ ᠪᠢᠴᠢᠭ ᠭᠠᠷᠭᠠᠵᠤ᠂ ᠤᠯᠠᠨ ᠲᠦᠮᠡᠨ ᠢ ᠳᠤᠲᠠᠭᠤ ᠭᠦᠶᠦᠯᠭᠡᠬᠦ︔ ᠠᠯᠪᠠᠨ ᠭᠡᠷ ᠤᠨ ᠠᠵᠢᠯ ᠤᠨ ᠪᠠᠶᠢᠷᠢ ᠨᠢᠭᠡᠪᠦᠷᠢ ᠳᠤ ᠠᠵᠢᠯ ᠤᠨ ᠪᠠᠶᠢᠷᠢ ᠶᠢᠨ ᠫᠠᠶᠢᠰᠠ᠂ ᠴᠣᠩᠬᠤᠪᠴᠢ ᠳᠡᠭᠡᠷ᠎ᠡ ᠮᠠᠯᠴᠢᠨ ᠲᠠᠷᠢᠶᠠᠴᠢᠨ ᠤᠷᠢᠳᠠᠪᠠᠷ ᠭᠦᠢᠴᠡᠳᠭᠡᠬᠦ ᠮᠡᠳᠡᠭᠳᠡᠬᠦ ᠫᠠᠶᠢᠰᠠ ᠪᠠᠶᠢᠭᠤᠯᠵᠤ᠂ ᠰᠠᠭᠤᠭᠠᠯᠢ ᠠᠷᠠᠳ ᠲᠤ ᠠᠵᠢᠯ ᠤᠨ ᠪᠠᠶᠢᠳᠠᠯ ᠢ ᠲᠣᠳᠣᠷᠬᠠᠶ ᠣᠶᠢᠯᠠᠭᠠᠭᠤᠯᠤᠨ᠎ᠠ︔ ︽ᠦᠭᠡ ᠦᠯᠡᠳᠡᠭᠡᠬᠦ ᠳᠡᠪᠲᠡᠷ︾ ᠭᠠᠷᠭᠠᠵᠤ᠂ ᠣᠯᠠᠨ ᠲᠦᠮᠡᠨ ᠤ ᠰᠠᠨᠠᠯ ᠰᠠᠨᠠᠭᠤᠯᠭ᠎ᠠ ᠶᠢ ᠴᠤᠭᠯᠠᠭᠤᠯᠵᠤ᠂ ᠴᠣᠩᠬᠤᠪᠴᠢ ᠳᠡᠭᠡᠷ᠎ᠡ AB ᠠᠵᠢᠯ ᠤᠨ ᠪᠠᠶᠢᠷᠢ ᠶᠢᠨ ᠠᠵᠢᠯᠯᠠᠬᠤ ᠳᠦᠷᠢᠮ ᠭᠠᠷᠭᠠᠵᠤ᠂ ᠣᠯᠠᠨ ᠲᠦᠮᠡᠨ ᠳᠤ ᠴᠠᠭ ᠲᠤᠬᠠᠶ ᠳᠤᠨᠢ ᠦᠢᠯᠡᠴᠢᠯᠡᠬᠦ ᠶᠢ ᠪᠠᠲᠤᠯᠠᠨ᠎ᠠ᠃      ᠭᠤᠷᠪᠠ ᠳᠤ ᠳᠣᠲᠣᠭᠠᠳᠤ ᠶᠢᠨ ᠬᠠᠮᠢᠶᠠᠷᠤᠯᠲᠠ ᠶᠢ ᠴᠢᠩᠭᠠᠳᠬᠠᠵᠤ᠂ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ︽ᠠᠵᠢᠯ ᠤᠨ ᠰᠤᠷᠲᠠᠯ ᠢᠶᠠᠨ ᠬᠤᠪᠢᠷᠠᠭᠤᠯᠬᠤ᠂ ᠣᠷᠴᠢᠨ ᠲᠣᠭᠤᠷᠢᠨ ᠢᠶᠠᠨ ᠰᠢᠯᠢᠳᠡᠭᠵᠢᠭᠦᠯᠬᠦ ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠬᠦ︾ ᠠᠵᠢᠯᠯᠠᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠡᠮᠴᠢᠯᠡᠭᠡᠨ ᠤ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠣᠨᠣᠯ ᠤᠨ ᠰᠤᠷᠤᠯᠴᠠᠯᠭ᠎ᠠ ᠶᠢ ᠲᠠᠰᠤᠷᠠᠯᠲᠠ ᠥᠬᠡᠶ ᠴᠢᠩᠭᠠᠳᠬᠠᠵᠤ᠂ ᠲᠤᠬᠠᠶᠢᠯᠠᠭᠰᠠᠨ ᠠᠵᠢᠯ ᠤᠨ ᠭᠠᠷᠲᠠᠨ ᠭᠦᠢᠴᠡᠳᠭᠡᠬᠦ ᠬᠢᠷᠢ ᠲᠦᠪᠰᠢᠨ ᠢ ᠳᠡᠭᠡᠭᠰᠢᠯᠡᠭᠦᠯᠦᠨ᠂ ᠦᠢᠯᠡᠴᠢᠯᠡᠭᠡᠨ ᠤ ᠴᠢᠳᠠᠪᠤᠷᠢ ᠶᠢ ᠴᠢᠩᠭᠠᠷᠠᠭᠤᠯᠤᠨ᠎ᠠ︔ ᠡᠯ᠎ᠡ ᠵᠣᠶᠢᠯ ᠤᠨ ᠠᠵᠢᠯ ᠤᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠠᠵᠢᠯ ᠤᠨ ᠬᠠᠷᠢᠭᠤᠴᠠᠯᠭ᠎ᠠ ᠶᠢ ᠨᠠᠶᠢᠲᠠᠪᠤᠷᠢᠵᠢᠭᠤᠯᠵᠤ᠂ ᠰᠢᠨ᠎ᠡ ᠬᠤᠲᠠ ᠲᠣᠭᠤᠷᠢᠭ ᠤᠨ ᠡᠶ᠎ᠡ ᠵᠣᠬᠢᠴᠠᠯ ᠲᠠᠢ ᠪᠥᠭᠡᠳ ᠡᠮᠬᠢ ᠵᠢᠷᠤᠮ ᠲᠠᠢ ᠡᠮᠨᠡᠯᠭᠡ ᠶᠢᠨ ᠳᠠᠭᠠᠳᠬᠠᠯ ᠤᠨ ᠣᠷᠴᠢᠨ ᠲᠣᠭᠤᠷᠢᠨ ᠢ ᠪᠣᠶ ᠪᠤᠯᠭᠠᠨ᠎ᠠ᠃
     ᠳᠡᠭᠡᠷᠡᠬᠢ ᠠᠷᠭ᠎ᠠ ᠬᠡᠮᠵᠢᠶ᠎ᠡ ᠶᠢ ᠬᠡᠷᠡᠭᠵᠢᠭᠦᠯᠦᠭᠰᠡᠨ ᠤ ᠳᠠᠷᠠᠭ᠎ᠠ᠂ ᠠᠵᠢᠯ ᠶᠠᠪᠤᠳᠠᠯ ᠭᠦᠢᠴᠡᠳᠭᠡᠬᠦ ᠣᠯᠠᠨ ᠲᠦᠮᠡᠨ ᠤ ᠥᠩᠭᠡᠷᠡᠭᠰᠡᠨ ᠳᠤ ᠣᠯᠠᠨ ᠵᠠᠮ ᠢᠶᠠᠷ ᠶᠠᠪᠤᠵᠤ ᠪᠠᠶᠢᠭᠰᠠᠨ ᠪᠠᠶᠢᠳᠠᠯ ᠢ ᠶᠡᠬᠡᠪᠡᠷ ᠰᠠᠶᠢᠵᠢᠷᠠᠭᠤᠯᠵᠤ᠂ ᠲᠤᠬᠠᠶᠢᠯᠠᠭᠰᠠᠨ ᠠᠵᠢᠯ ᠢ ᠨᠡᠩ ᠥᠨᠳᠥᠷ ᠪᠦᠲᠦᠮᠵᠢᠲᠡᠶ᠂ ᠲᠦᠷᠭᠡᠬᠡᠨ ᠬᠢᠵᠦ᠂ ᠣᠯᠠᠨ ᠲᠦᠮᠡᠨ ᠠᠵᠢᠯ ᠶᠠᠪᠤᠳᠠᠯ ᠭᠦᠢᠴᠡᠳᠭᠡᠬᠦ ᠳᠤ ᠨᠠᠩ ᠰᠡᠳᠬᠢᠯ ᠬᠠᠨᠤᠮᠵᠢᠲᠠᠶ ᠪᠤᠯᠪᠠ᠃
 
ᠢᠷᠡᠯᠲᠡ᠄ ᠰᠢᠨ᠎ᠡ ᠬᠤᠲᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号