ᠰᠢᠨᠵᠢᠯᠡᠬᠦ ᠤᠬᠠᠭᠠᠨ ᠮᠡᠷᠭᠡᠵᠢᠯ ᠤᠨ ᠨᠠᠶᠢᠷ ᠲᠤ ᠤᠷ᠎ᠠ ᠮᠡᠷᠭᠡᠵᠢᠯ ᠢᠶᠠᠨ ᠭᠠᠶᠢᠬᠠᠭᠤᠯᠪᠠ
ᠨᠡᠶᠢᠲᠡᠯᠡᠭᠰᠡᠨ ᠴᠠᠭ᠄
2020/8/24
     
     ᠥᠴᠥᠭᠡᠳᠦᠷ᠂ 2020 ᠣᠨ ᠤ ᠢᠦᠶᠢᠴᠦᠸᠠᠨ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠯᠠᠭ᠎ᠠ ᠶᠢᠨ ᠭᠠᠷᠠᠭ ᠵᠢᠴᠢ ᠢᠦᠶᠢᠴᠦᠸᠠᠨ ᠲᠣᠭᠤᠷᠢᠭ ᠤᠨ ᠪᠠᠭᠠᠴᠤᠳ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠶᠢᠰᠦᠳᠦᠭᠡᠷ ᠬᠤᠭᠤᠴᠠᠭᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠠᠶᠢᠷ ᠢᠦᠶᠢᠴᠦᠸᠠᠨ ᠲᠣᠭᠤᠷᠢᠭ ᠤᠨ ᠵᠠᠯᠠᠭᠤᠴᠤᠳ ᠪᠠᠭᠠᠴᠤᠳ ᠤᠨ ᠣᠷᠳᠣᠨ ᠳᠤ ᠶᠠᠪᠤᠭᠳᠠᠪᠠ᠃ ᠰᠢᠨᠵᠢᠯᠡᠬᠦ ᠤᠬᠠᠭᠠᠨ ᠮᠡᠷᠭᠡᠵᠢᠯ ᠤᠨ ᠵᠢᠵᠢᠭ ᠦᠢᠯᠡᠳᠬᠡᠯ ᠤᠨ ᠦᠵᠡᠭᠦᠯᠭᠡ ᠲᠣᠭᠯᠠᠯᠲᠠ᠂ ᠠᠭᠠᠷ ᠤᠨ ᠠᠶᠠᠯᠠᠯ ᠤᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠪᠠ ᠦᠢᠯᠡᠳᠦᠯᠴᠡᠨ ᠲᠤᠷᠰᠢᠬᠤ᠂ ᠮᠠᠰᠢᠨ ᠬᠥᠮᠥᠨ ᠢ ᠤᠭᠰᠠᠷᠠᠬᠤ ᠵᠡᠷᠭᠡ ᠬᠥᠳᠡᠯᠭᠡᠭᠡᠨ ᠢᠶᠠᠷ ᠳᠠᠮᠵᠢᠨ᠂ ᠬᠡᠦᠬᠡᠳ ᠤᠳ ᠲᠤ ᠰᠢᠨᠵᠢᠯᠡᠬᠦ ᠤᠬᠠᠭᠠᠨ ᠤ ᠷᠢᠳᠢ ᠰᠢᠳᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠨ ᠢ ᠮᠡᠳᠡᠷᠡᠭᠦᠯᠪᠡ᠃                                            ᠴᠢᠮᠡᠭᠡᠯᠡᠭᠴᠢ ᠳ᠋ᠢᠩ ᠭᠧᠨ ᠾᠧᠦ ᠰᠡᠭᠦᠳᠡᠷᠯᠡᠪᠡ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号