ᠬᠥᠬᠡᠬᠤᠲᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ᠄ ᠤᠯᠠᠮᠵᠢᠯᠠᠯᠲᠤ ᠪᠡᠶ᠎ᠡ ᠶᠢᠨ ᠲᠠᠮᠢᠷ ᠢ ᠮᠠᠨᠳᠤᠭᠤᠯᠵᠤ ᠰᠢᠨ᠎ᠡ ᠴᠠᠭ ᠦᠶ᠎ᠡ ᠶᠢᠨ ᠰᠠᠶᠢᠨ ᠪᠠᠭᠠᠴᠤᠳ ᠢ ᠬᠦᠮᠦᠵᠢᠬᠦᠯᠦᠨ᠎ᠡ
ᠨᠡᠶᠢᠲᠡᠯᠡᠭᠰᠡᠨ ᠴᠠᠭ᠄
2020/8/24
     ᠬᠥᠬᠡᠬᠤᠲᠠ ᠶᠢᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠯᠢᠦᠢ ᠬᠤᠢ ᠱᠧᠩ︶ ᠤᠷᠳᠤ ᠬᠤᠭᠤᠴᠠᠭᠠᠨ ᠤ ᠲᠤᠷᠰᠢ᠂ ᠬᠥᠬᠡᠬᠤᠲᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ ᠨᠠᠰᠤᠨ ᠳᠤ ᠥᠯᠥ ᠬᠦᠷᠦᠭᠰᠡᠳ ᠤᠨ ᠶᠡᠷᠦᠩᠬᠡᠶᠢᠯᠡᠭᠰᠡᠨ ᠬᠡᠪ ᠴᠢᠨᠠᠷ ᠢ ᠬᠥᠮᠦᠵᠢᠭᠦᠯᠬᠦ ᠠᠵᠢᠯ ᠢ ᠲᠡᠭᠡᠲᠦ ᠬᠡᠮᠵᠢᠶ᠎ᠡ ᠪᠠᠷ ᠴᠢᠬᠤᠯᠠᠴᠢᠯᠠᠵᠤ᠂ ︽ᠰᠤᠷᠭᠠᠨ ᠬᠥᠮᠦᠵᠢᠯ ᠤᠨ ᠬᠠᠤᠯᠢ︾᠂ ︽ᠪᠡᠶ᠎ᠡ ᠶᠢᠨ ᠲᠠᠮᠢᠷ ᠤᠨ ᠬᠠᠤᠯᠢ︾ ᠶᠢ ᠪᠦᠬᠦ ᠲᠠᠯ᠎ᠠ ᠪᠠᠷ ᠲᠤᠭᠤᠰᠢᠯᠠᠭᠤᠯᠬᠤ ᠶᠢ ᠪᠠᠷᠢᠮᠲᠠᠯᠠᠵᠤ᠂ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠲᠠᠢ ᠬᠠᠮᠲᠤᠷᠠᠨ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠠᠵᠢᠯ ᠤᠨ ᠲᠠᠯ᠎ᠠ ᠪᠠᠷ ᠬᠢ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠲᠣᠭᠲᠠᠭᠠᠨ ᠲᠡᠭᠦᠯᠳᠡᠷᠵᠢᠭᠦᠯᠵᠦ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢ ᠲᠡᠭᠦᠯᠳᠡᠷᠵᠢᠭᠦᠯᠵᠦ᠂ ᠰᠤᠷᠭᠠᠨ ᠬᠥᠮᠦᠵᠢᠭᠦᠯᠵᠦ ᠬᠥᠲᠥᠯᠥᠨ ᠵᠢᠯᠣᠭᠤᠳᠬᠤ ᠶᠢ ᠴᠢᠬᠤᠯᠠᠴᠢᠯᠠᠵᠤ᠂ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠲᠦᠭᠡᠮᠡᠯᠵᠢᠭᠦᠯᠵᠦ᠂ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠪᠦᠬᠦ ᠬᠤᠲᠠ ᠶᠢᠨ ᠨᠠᠰᠤᠨ ᠳᠤ ᠦᠯᠦ ᠬᠦᠷᠦᠭᠰᠡᠳ ᠤᠨ ᠡᠷᠡᠭᠦᠯ ᠰᠠᠷᠠᠭᠤᠯ ᠪᠦᠭᠡᠳ ᠪᠠᠶᠠᠷ ᠪᠠᠶᠠᠰᠬᠤᠯᠠᠩ ᠲᠠᠢ ᠪᠠᠷ ᠦᠰᠦᠨ ᠪᠤᠶᠢᠵᠢᠬᠤ ᠶᠢ ᠠᠬᠢᠭᠤᠯᠪᠠ᠃      ᠰᠠᠶᠢᠨ ᠳᠤᠷ᠎ᠠ ᠶᠢᠨ ᠦᠢᠯᠡᠴᠢᠯᠡᠭᠡ ᠶᠢ ᠭᠦᠨᠵᠡᠭᠡᠶᠢᠷᠡᠭᠦᠯᠵᠦ᠂ ᠪᠡᠶ᠎ᠡ ᠶᠢᠨ ᠲᠠᠮᠢᠷ ᠤᠨ ᠵᠣᠷᠢᠭ ᠰᠠᠨᠠᠭ᠎ᠠ ᠶᠢ ᠤᠯᠠᠮᠵᠢᠯᠠᠪᠠ᠃ ᠤᠢᠢᠷ᠎ᠠ ᠶᠢᠨ ᠵᠢᠯ ᠤᠨ ᠲᠤᠷᠰᠢ᠂ ᠬᠤᠲᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ ᠡᠭᠦᠷᠭᠡ ᠴᠢᠳᠠᠪᠤᠷᠢ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠨᠠᠰᠤᠨ ᠳᠤ ᠦᠯᠦ ᠬᠦᠷᠦᠭᠰᠡᠳ ᠤᠨ ᠶᠡᠷᠦᠩᠬᠡᠶᠢᠯᠡᠭᠰᠡᠨ ᠬᠡᠪ ᠴᠢᠨᠠᠷ ᠢ ᠬᠥᠮᠦᠵᠢᠭᠦᠯᠬᠦ ᠠᠵᠢᠯ ᠳᠤ ᠴᠢᠭᠯᠡᠭᠦᠯᠦᠨ᠂ ᠪᠡᠶ᠎ᠡ ᠶᠢᠨ ᠲᠠᠮᠢᠷ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢ ᠪᠠᠶᠢᠭᠤᠯᠤᠨ ᠪᠦᠷᠢᠡᠰᠢᠭᠦᠯᠵᠦ᠂ ᠪᠥᠬᠡ ᠪᠠᠷᠢᠯᠳᠤᠬᠤ᠂ ᠵᠢᠦᠳᠣᠣ ᠪᠦᠭᠡ ᠪᠠᠷᠢᠯᠳᠤᠬᠤ᠂  ᠲᠧᠺᠸᠤᠨ᠋ᠳᠤ᠋᠂ ᠰᠤᠷ ᠬᠠᠷᠪᠤᠬᠤ᠂ ᠫᠤᠤᠳᠠᠬᠤ ᠵᠡᠷᠭᠡ ᠲᠤᠰᠬᠠᠶ ᠮᠡᠷᠭᠡᠵᠢᠯ ᠤᠨ ᠣᠨᠴᠠᠯᠢᠭ ᠲᠠᠢ ᠪᠡᠶ᠎ᠡ ᠶᠢᠨ ᠲᠠᠮᠢᠷ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢ ᠪᠦᠷᠢᠯᠳᠦᠭᠦᠯᠦᠭᠰᠡᠨ ᠪᠥᠭᠡᠳ ᠪᠡᠶ᠎ᠡ ᠶᠢᠨ ᠲᠠᠮᠢᠷ ᠤᠨ ᠰᠠᠶᠢᠨ ᠳᠤᠷ᠎ᠠ ᠶᠢᠨ ᠠᠵᠢᠯᠯᠠᠭᠴᠢᠳ ᠢ ᠵᠣᠬᠢᠶᠠᠨ ᠪᠠᠶᠢᠭᠤᠯᠵᠤ ᠰᠢᠨ᠎ᠡ ᠬᠤᠲᠠ ᠲᠣᠭᠤᠷᠢᠭ ᠤᠨ  ᠪᠣᠷᠤᠬᠤᠰᠢᠭᠤ ᠲᠥᠪ ᠰᠤᠷᠭᠠᠭᠤᠯᠢ ᠪᠠ ᠰᠢᠨ ᠶᠢᠩ ᠪᠠᠭ᠎ᠠ ᠰᠤᠷᠭᠠᠭᠤᠯᠢ ᠳᠤ ᠤᠴᠢᠭᠤᠯᠤᠨ ᠪᠥᠬᠡ ᠪᠠ ᠲᠧᠺᠸᠤᠨ᠋ᠳᠤ᠋ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯᠯᠠᠭ᠎ᠠ ᠥᠷᠨᠢᠭᠦᠯᠵᠦ᠂ ᠨᠠᠰᠤᠨ ᠳᠤ ᠬᠦᠷᠦᠭᠡᠳᠦᠢ ᠰᠤᠷᠤᠭᠴᠢᠳ ᠲᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠲᠥᠷᠥᠯ ᠵᠦᠢᠯ ᠤᠨ ᠷᠢᠳᠢ ᠰᠢᠳᠢ ᠶᠢ ᠭᠦᠢᠴᠡᠳ ᠤᠢᠢᠯᠠᠭᠠᠭᠤᠯᠵᠤ᠂ ᠦᠵᠡᠯ ᠰᠠᠨᠠᠭ᠎ᠠ ᠶᠣᠰᠣ ᠰᠤᠷᠳᠠᠬᠤᠨ ᠤ ᠪᠠᠶᠢᠭᠤᠯᠤᠯᠲᠠ ᠶᠢ ᠤᠶᠤᠨ ᠲᠠᠷᠢᠬᠢ ᠰᠡᠳᠬᠢᠯ ᠵᠢᠷᠦᠭᠡᠨ ᠳᠤᠨᠢ ᠬᠠᠳᠠᠩᠰᠢᠭᠤᠯᠪᠠ᠃      ᠪᠡᠶ᠎ᠡ ᠶᠢᠨ ᠲᠠᠮᠢᠷ ᠪᠠ ᠰᠤᠷᠭᠠᠨ ᠬᠥᠮᠦᠵᠢᠯ ᠤᠨ ᠠᠭᠤᠰᠤᠯᠴᠠᠯ ᠢ ᠠᠬᠢᠭᠤᠯᠵᠤ᠂ ᠴᠢᠳᠠᠪᠤᠷᠢᠲᠠᠨ ᠢ ᠬᠦᠷᠭᠡᠵᠦ ᠬᠥᠮᠦᠵᠢᠭᠦᠯᠪᠠ᠃ ᠮᠠᠨ ᠤ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠠᠵᠢᠯ ᠢ ᠢᠳᠡᠪᠬᠢᠲᠡᠢ ᠠᠬᠢᠭᠤᠯᠵᠤ᠂ ᠲᠥᠪ ᠬᠤᠳᠠ ᠶᠢᠨ ᠤᠷᠤᠯᠳᠤᠭᠠᠨ ᠤ ᠪᠡᠶ᠎ᠡ ᠶᠢᠨ ᠲᠠᠮᠢᠷ ᠤᠨ ᠲᠥᠷᠥᠯ ᠵᠦᠢᠯ ᠤᠨ ᠪᠦᠲᠦᠴᠡ ᠶᠢ ᠰᠢᠯᠢᠳᠡᠭᠵᠢᠭᠦᠯᠵᠦ᠂ ︽ᠭᠤᠷᠪᠠᠨ ᠶᠡᠭᠡ ᠪᠥᠮᠪᠦᠭᠡ︾ ᠶᠢᠨ ᠬᠥᠭᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠬᠥᠬᠡᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ᠂ ᠬᠤᠶᠠᠳᠤᠭᠠᠷ ᠳᠤᠮᠳᠠᠳᠤ ᠰᠤᠷᠭᠠᠭᠤᠯᠢ ᠵᠡᠷᠭᠡ ᠰᠤᠷᠭᠠᠭᠤᠯᠢ ᠶᠢᠨ ︽ᠭᠤᠷᠪᠠᠨ ᠶᠡᠭᠡ ᠪᠥᠮᠪᠦᠭᠡ︾ ᠶᠢᠨ ᠠᠵᠢᠯᠯᠠᠭ᠎ᠠ ᠶᠢ ᠲᠡᠳᠬᠦᠨ ᠳᠡᠮᠵᠢᠬᠦ ᠪᠠᠨ ᠴᠢᠩᠭᠠᠳᠬᠠᠪᠠ᠃ ︽ᠨᠡᠷᠡᠨ ᠭᠡᠷᠡᠯᠲᠦ ᠪᠡᠶ᠎ᠡ ᠶᠢᠨ ᠲᠠᠮᠢᠷ ᠤᠨ ᠬᠥᠳᠡᠯᠭᠡᠭᠡᠨ︾ ᠢ ᠦᠷᠭᠦᠯᠵᠢᠯᠡᠨ ᠥᠷᠨᠢᠭᠦᠯᠵᠦ᠂ ᠲᠤᠰᠬᠠᠶ ᠮᠡᠷᠭᠡᠵᠢᠯ ᠤᠨ ᠲᠠᠮᠢᠷ ᠤᠨ ᠰᠤᠷᠭᠠᠭᠤᠯᠢ ᠶᠢᠨ ᠵᠢᠭᠰᠠᠭᠠᠯ ᠤᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠵᠢᠭᠠᠨ ᠰᠤᠷᠭᠠᠯᠲᠠ ᠪᠠ ᠪᠣᠯᠪᠠᠰᠤᠷᠠᠯ ᠤᠨ ᠰᠠᠭᠤᠷᠢ ᠲᠥᠬᠦᠭᠡᠷᠦᠮᠵᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠰᠤᠷᠭᠠᠭᠤᠯᠢ ᠡᠷᠬᠢᠯᠡᠬᠦ ᠣᠶᠢᠯᠠᠭᠠᠭᠳᠠᠬᠤᠨ ᠢ ᠰᠠᠶᠢᠵᠢᠷᠠᠭᠤᠯᠤᠨ᠂ ᠲᠤᠰᠬᠠᠶ ᠮᠡᠷᠭᠡᠵᠢᠯ ᠤᠨ ᠪᠣᠯᠪᠠᠰᠤᠷᠠᠯ ᠤᠨ ᠬᠢᠷᠢ ᠲᠦᠪᠰᠢᠨ ᠢ ᠳᠡᠭᠡᠭᠰᠢᠯᠡᠭᠦᠯᠵᠦ᠂ ᠬᠠᠭᠠᠰ ᠡᠳᠦᠷ ᠤᠨ ᠵᠢᠭᠠᠨ ᠰᠤᠷᠭᠠᠯᠲᠠ᠂ ᠬᠠᠭᠠᠰ ᠡᠳᠦᠷ ᠤᠨ ᠪᠣᠯᠪᠠᠰᠤᠷᠠᠯ ᠤᠨ ᠰᠤᠷᠭᠠᠭᠤᠯᠢ ᠡᠷᠬᠢᠯᠡᠬᠦ ᠵᠠᠭᠪᠤᠷ ᠢ ᠠᠪᠴᠤ᠂ ᠪᠡᠶ᠎ᠡ ᠶᠢᠨ ᠲᠠᠮᠢᠷ ᠪᠣᠯᠤᠨ ᠰᠤᠷᠭᠠᠨ ᠬᠥᠮᠦᠵᠢᠯ ᠢ ᠣᠷᠭᠠᠨᠢᠭ ᠢᠶᠠᠷ ᠤᠶᠠᠯᠳᠤᠭᠤᠯᠵᠤ᠂ ᠵᠠᠯᠠᠭᠤᠴᠤᠳ ᠪᠠᠭᠠᠴᠤᠳ ᠤᠨ ᠦᠵᠡᠯ ᠰᠠᠨᠠᠭ᠎ᠠ ᠵᠠᠩ ᠮᠣᠷᠠᠯ᠂ ᠡᠷᠳᠡᠮ ᠰᠢᠨᠵᠢᠯᠡᠭᠡᠨ ᠤ ᠬᠢᠷᠢ ᠲᠦᠪᠰᠢᠨ ᠪᠣᠯᠤᠨ ᠪᠡᠶ᠎ᠡ ᠶᠢᠨ ᠲᠠᠮᠢᠷ ᠤᠨ ᠬᠢᠷᠢ ᠲᠦᠪᠰᠢᠨ ᠤ ᠲᠠᠯ᠎ᠠ ᠪᠠᠷ ᠪᠦᠬᠦ ᠲᠠᠯ᠎ᠠ  ᠪᠠᠷ ᠬᠦᠭᠵᠢᠭᠦ ᠶᠢ ᠪᠠᠳᠤᠯᠠᠪᠠ᠃      ᠰᠢᠨᠵᠢᠯᠡᠬᠦ ᠤᠬᠠᠭᠠᠨᠴᠢ ᠪᠠᠷ ᠭᠡᠷ ᠲᠡᠭᠡᠨ ᠪᠡᠶ᠎ᠡ ᠴᠢᠭᠢᠷᠠᠭᠵᠢᠭᠤᠯᠵᠤ᠂ ᠡᠷᠡᠭᠦᠯ ᠮᠡᠨᠳᠦ ᠶᠢᠨ ᠬᠢᠷᠢ ᠲᠦᠪᠰᠢᠨ ᠢ ᠳᠡᠭᠡᠭᠰᠢᠯᠡᠭᠦᠯᠪᠠ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠨᠦᠯᠦᠭᠡ ᠶᠢᠨ ᠡᠮᠦᠨ᠎ᠠ᠂ ᠬᠤᠲᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ ᠠᠵᠢᠯ ᠤᠨ ᠵᠠᠭᠪᠤᠷ ᠤᠨ ᠰᠢᠨ᠎ᠡ ᠶᠢ ᠡᠭᠦᠳᠴᠦ᠂ ᠣᠯᠠᠨ ᠵᠦᠢᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠥᠬᠡᠬᠤᠲᠠ ᠶᠢᠨ ᠪᠡᠶ᠎ᠡ ᠴᠢᠭᠢᠷᠠᠭᠵᠢᠭᠤᠯᠬᠤ ᠠᠭᠤᠳᠠᠮ ᠲᠠᠯᠠᠪᠠᠢ ᠶᠢᠨ ᠲᠠᠮᠢᠷ ᠤᠨ ᠪᠥᠵᠢᠭ ᠤᠨ ᠨᠡᠶᠢᠭᠡᠮᠯᠢᠭ ᠤᠨ ᠳᠠᠷᠤᠭ᠎ᠠ ᠰᠦᠩ ᠯᠢᠩ ᠮᠢᠨ᠂ ᠬᠥᠬᠡᠬᠤᠲᠠ ᠶᠢᠨ ᠠᠷᠪᠠᠨ ᠳᠥᠷᠪᠡᠳᠦᠭᠡᠷ ᠳᠤᠮᠳᠠᠳᠤ ᠰᠤᠷᠭᠠᠭᠤᠯᠢ ᠶᠢᠨ ᠰᠠᠭᠰᠤᠨ ᠪᠥᠮᠪᠦᠭᠡ ᠶᠢᠨ ᠳᠠᠰᠬᠠᠯᠵᠢᠭᠤᠯᠤᠭᠴᠢ ᠯᠢ ᠢᠦᠢ ᠵᠦᠸᠧ ᠵᠡᠷᠭᠡ ᠲᠤᠰᠬᠠᠶ ᠳᠠᠰᠬᠠᠯᠵᠢᠭᠤᠯᠤᠭᠴᠢ ᠶᠢ ᠤᠷᠢᠵᠤ ᠬᠢᠵᠢᠭ ᠲᠠᠢ ᠲᠡᠮᠡᠴᠡᠵᠤ ᠪᠡᠶ᠎ᠠ ᠪᠠᠨ ᠴᠢᠬᠢᠷᠠᠬᠵᠢᠭᠤᠯᠬᠤ ᠪᠡᠶ᠎ᠡ ᠶᠢᠨ ᠲᠠᠮᠢᠷ ᠤᠨ ᠬᠢᠴᠢᠶᠡᠯ ᠤᠨ 20 ᠭᠠᠷᠤᠶ ᠸᠢᠳᠢᠣ᠋ ᠶᠢ ᠰᠢᠩᠭᠡᠭᠡᠨ ᠦᠢᠯᠡᠳᠦᠭᠦᠯᠵᠦ᠂ ᠠᠭᠤᠯᠭ᠎ᠠ ᠨᠢ ᠪᠡᠶ᠎ᠡ ᠴᠢᠭᠢᠷᠠᠭᠵᠢᠭᠤᠯᠬᠤ ᠲᠠᠮᠢᠷ ᠤᠨ ᠪᠣᠯᠪᠠᠰᠤᠷᠠᠯ᠂ ᠠᠭᠤᠳᠠᠮ ᠲᠠᠯᠠᠪᠠᠶ ᠶᠢᠨ ᠪᠥᠵᠢᠭ ᠤᠨ ᠪᠣᠯᠪᠠᠰᠤᠷᠠᠯ᠂ ᠰᠠᠭᠰᠤᠨ ᠪᠥᠮᠪᠦᠭᠡ ᠶᠢᠨ ᠪᠣᠯᠪᠠᠰᠤᠷᠠᠯ ᠵᠡᠷᠭᠡ ᠣᠯᠠᠨ ᠲᠠᠯ᠎ᠠ ᠶᠢ ᠬᠠᠮᠤᠷᠴᠤ᠂ ᠲᠧᠯᠸᠢᠰ᠂ ᠸᠢᠴᠠᠲ ᠵᠡᠷᠭᠡ ᠣᠯᠠᠨ ᠨᠡᠶᠢᠲᠡ ᠶᠢᠨ ᠲᠠᠪᠴᠠᠩ ᠢᠶᠠᠷ ᠲᠠᠮᠵᠢᠭᠤᠯᠤᠨ ᠪᠡᠶ᠎ᠡ ᠴᠢᠭᠢᠷᠠᠭᠵᠢᠭᠤᠯᠬᠤ ᠣᠯᠠᠨ ᠲᠦᠮᠡᠨ ᠳᠤ ᠲᠠᠮᠵᠢᠭᠤᠯᠤᠨ ᠦᠭᠴᠦ᠂ ᠰᠣᠨᠢᠷᠬᠠᠯᠲᠤ ᠴᠢᠨᠠᠷ ᠪᠠ ᠲᠤᠰᠬᠠᠶ ᠮᠡᠷᠭᠡᠵᠢᠯ ᠤᠨ ᠴᠢᠨᠠᠷ ᠢ ᠤᠶᠠᠯᠳᠤᠭᠤᠯᠵᠤ᠂ ᠥᠷᠭᠡᠨ ᠣᠯᠠᠨ ᠵᠠᠯᠠᠭᠤᠴᠤᠳ ᠪᠠᠭᠠᠴᠤᠳ ᠤᠨ ᠭᠡᠷ ᠲᠡᠭᠡᠨ ᠰᠠᠭᠤᠵᠤ ᠬᠥᠳᠡᠯᠭᠡᠭᠡᠨ ᠬᠢᠭᠦ ᠳᠣᠲᠣᠭᠠᠳᠤ ᠬᠥᠳᠡᠯᠭᠡᠭᠴᠢ ᠬᠦᠴᠦᠨ ᠢ ᠬᠥᠭᠵᠢᠭᠡᠪᠠ᠃      ᠠᠵᠢᠯ ᠤᠨ ᠭᠤᠤᠯᠳᠠᠯᠭ᠎ᠠ ᠶᠢ ᠳᠣᠪᠤᠶᠢᠯᠭᠠᠵᠤ᠂ ᠢᠳᠡᠪᠭᠢᠲᠡᠢ ᠤᠬᠠᠭᠤᠯᠤᠨ ᠠᠭᠤᠷ ᠠᠮᠢᠰᠬᠤᠯ ᠢ ᠪᠤᠢ ᠪᠤᠯᠭᠠᠪᠠ᠃ ᠣᠳᠣ ᠪᠣᠯᠲᠠᠯ᠎ᠠ᠂ ᠮᠠᠨ ᠤ ᠬᠤᠲᠠ ᠶᠢᠨ 13 ᠪᠡᠶ᠎ᠡ ᠶᠢᠨ ᠲᠠᠮᠢᠷ ᠤᠨ ᠲᠠᠯᠠᠪᠤᠷ᠂ 19 ᠪᠡᠶ᠎ᠡ ᠶᠢᠨ ᠲᠠᠮᠢᠷ ᠤᠨ ᠣᠷᠳᠣᠨ᠂ ᠪᠡᠶ᠎ᠡ ᠴᠢᠭᠢᠷᠠᠭᠵᠢᠭᠤᠯᠬᠤ ᠵᠦᠷᠢᠭ ᠵᠠᠮ ᠪᠠ ᠪᠡᠶ᠎ᠡ ᠴᠢᠭᠢᠷᠠᠭᠵᠢᠭᠤᠯᠬᠤ ᠶᠠᠪᠠᠭᠠᠨ ᠵᠠᠮ ᠵᠡᠷᠭᠡ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠭᠠᠵᠠᠷ ᠲᠠᠯᠠᠪᠤᠷ ᠪᠦᠬᠦᠨ ᠢᠶᠠᠷ ᠢᠶᠠᠨ ᠰᠦᠢᠳᠬᠡᠯ ᠪᠠᠭ᠎ᠠ ᠬᠤᠷᠢᠶᠠᠬᠤ ᠪᠤᠶᠤ ᠰᠦᠢᠳᠬᠡᠯ ᠬᠤᠷᠢᠶᠠᠬᠤ ᠦᠭᠡᠢ ᠪᠠᠷ ᠨᠡᠶᠢᠭᠡᠮ ᠨᠡᠶᠢᠲᠡ ᠳᠤ ᠴᠢᠯᠦᠭᠡᠲᠡᠢ ᠨᠡᠭᠡᠭᠡᠬᠦ ᠶᠢᠨ ᠬᠠᠮᠲᠤ ᠨᠠᠰᠤᠨ ᠳᠤ ᠦᠯᠦ ᠬᠦᠷᠦᠭᠰᠡᠳ ᠤᠨ ᠡᠷᠡᠭᠦᠯ ᠢᠶᠠᠷ ᠦᠰᠦᠨ ᠪᠤᠶᠢᠵᠢᠬᠤ ᠶᠢ ᠬᠠᠯᠠᠮᠵᠢᠯᠠᠨ ᠬᠠᠶᠢᠷᠠᠯᠠᠬᠤ ᠨᠡᠶᠢᠲᠡ ᠶᠢᠨ ᠠᠰᠠᠷᠠᠮᠵᠢ ᠶᠢᠨ ᠤᠬᠠᠭᠤᠯᠭ᠎ᠠ ᠪᠠ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠶᠢ ᠢᠯᠡ ᠭᠠᠵᠠᠷ ᠲᠤ ᠡᠯᠭᠦᠨ ᠨᠡᠪᠲᠡᠷᠡᠭᠦᠯᠵᠦ᠂ ᠨᠠᠰᠤᠨ ᠳᠤ ᠦᠯᠦ ᠬᠦᠷᠦᠭᠰᠡᠳ ᠤᠨ ᠪᠡᠶ᠎ᠡ ᠶᠢᠨ ᠲᠠᠮᠢᠷ ᠤᠨ ᠰᠣᠶᠣᠯ ᠢ ᠡᠳᠦᠷ ᠲᠤᠲᠤᠮ ᠤᠨ ᠠᠮᠢᠳᠤᠷᠠᠯ ᠳᠤᠮᠳᠠ ᠪᠠᠨ ᠦᠨᠳᠦᠰᠦᠯᠡᠭᠦᠯᠬᠦ ᠶᠢ ᠶᠡᠭᠡ ᠪᠠᠷ ᠤᠬᠠᠭᠤᠯᠤᠨ ᠬᠥᠲᠥᠯᠥᠨ ᠵᠢᠯᠣᠭᠤᠳᠴᠤ᠂ ᠦᠵᠡᠯ ᠰᠠᠨᠠᠭ᠎ᠠ ᠶᠣᠰᠣ ᠰᠤᠷᠳᠠᠬᠤᠨ ᠤ ᠪᠠᠶᠢᠭᠤᠯᠤᠯᠲᠠ ᠪᠠᠷ ᠵᠠᠯᠠᠭᠤᠴᠤᠳ ᠪᠠᠭᠠᠴᠤᠳ ᠤᠨ ᠡᠷᠡᠭᠦᠯ ᠢᠶᠠᠷ ᠦᠰᠦᠨ ᠪᠤᠶᠢᠵᠢᠬᠤ ᠶᠢ ᠬᠥᠲᠥᠯᠥᠨ ᠲᠠᠭᠠᠭᠤᠯᠪᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号