ᠸᠠᠩ ᠯᠢ ᠰᠢᠶᠠ ᠠᠬᠤᠢ ᠲᠠᠯᠠᠪᠠᠢ ᠶᠢᠨ ᠠᠯᠪᠠᠨ ᠬᠤᠷᠠᠯ ᠢ ᠬᠤᠷᠠᠯᠳᠤᠭᠤᠯᠵᠤ  ︽ᠢᠯᠢ ᠶᠢᠨ ᠣᠳᠣ ᠦᠶ᠎ᠡ ᠶᠢᠨ ᠣᠶᠤᠨᠲᠤ ᠡᠷᠡᠭᠦᠯ ᠮᠡᠨᠳᠦ ᠶᠢᠨ ᠬᠥᠨᠳᠡᠢ︾ ᠲᠥᠷᠥᠯ ᠵᠦᠢᠯ ᠤᠨ ᠠᠬᠢᠴᠠ ᠶᠢᠨ ᠪᠠᠶᠢᠳᠠᠯ ᠢ ᠰᠣᠨᠣᠰᠪᠠ
ᠨᠡᠶᠢᠲᠡᠯᠡᠭᠰᠡᠨ ᠴᠠᠭ᠄
2020/8/25
ᠵᠠᠩ ᠪᠠᠢ ᠴᠧᠩ ᠣᠷᠣᠯᠴᠠᠪᠠ      ︵ᠰᠤᠷᠪᠤᠯᠵᠢᠯᠠᠭᠴᠢ ᠹᠧᠩ ᠶᠠᠨ ᠫᠢᠩ︶ 8 ᠳ᠋ᠤᠭᠠᠷ ᠰᠠᠷ᠎ᠠ ᠶᠢᠨ 27 ᠤ ᠡᠳᠦᠷ ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠸᠠᠩ ᠯᠢ ᠰᠢᠶᠠ ᠢᠯᠢ ᠶᠢᠨ ᠣᠳᠣ ᠦᠶ᠎ᠡ ᠶᠢᠨ ᠣᠶᠤᠨᠲᠤ ᠡᠷᠡᠭᠦᠯ ᠮᠡᠨᠳᠦ ᠶᠢᠨ ᠬᠥᠨᠳᠡᠢ ᠲᠥᠷᠥᠯ ᠵᠦᠢᠯ ᠤᠨ ᠵᠢᠯᠣᠭᠤᠳᠬᠤ ᠭᠠᠵᠠᠷ ᠠᠬᠤᠢ ᠲᠠᠯᠠᠪᠠᠢ ᠶᠢᠨ ᠠᠯᠪᠠᠨ ᠬᠤᠷᠠᠯ ᠢ ᠡᠷᠬᠢᠯᠡᠨ ᠬᠤᠷᠠᠯᠳᠤᠭᠤᠯᠵᠤ᠂ ︽ᠢᠯᠢ ᠶᠢᠨ ᠣᠳᠣ ᠦᠶ᠎ᠡ ᠶᠢᠨ ᠣᠶᠤᠨᠲᠤ ᠡᠷᠡᠭᠦᠯ ᠮᠡᠨᠳᠦ ᠶᠢᠨ ᠬᠥᠨᠳᠡᠢ︾ ᠲᠥᠷᠥᠯ ᠵᠦᠢᠯ ᠤᠨ ᠠᠬᠢᠴᠠ ᠶᠢᠨ ᠪᠠᠶᠢᠳᠠᠯ ᠢ ᠲᠤᠰᠬᠠᠢ ᠰᠡᠳᠦᠪ ᠢᠶᠠᠷ ᠰᠣᠨᠣᠰᠴᠤ᠂ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠰᠤᠳᠤᠯᠪᠠ᠃      ᠬᠤᠷᠠᠯ ᠳᠤ ᠣᠷᠣᠯᠴᠠᠭᠰᠠᠨ ᠬᠥᠮᠥᠰ ᠤᠨ ᠲᠥᠷᠥᠯ ᠵᠦᠢᠯ ᠤᠨ ᠠᠬᠢᠴᠠ ᠶᠢᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠸᠠᠩ ᠯᠢ ᠰᠢᠶᠠ ᠵᠢᠭᠠᠭᠰᠠᠨ ᠨᠢ᠂ ᠰᠦ ᠶᠢᠨ ᠦᠢᠯᠡᠰ ᠤᠨ ᠬᠥᠭᠵᠢᠯᠲᠡ ᠶᠢ ᠬᠦᠴᠦᠳᠡᠢ ᠲᠦᠯᠬᠢᠨ ᠠᠬᠢᠭᠤᠯᠵᠤ᠂ ︽ᠳᠤᠮᠳᠠᠳᠤ ᠤᠯᠤᠰ ᠤᠨ ᠰᠦ ᠶᠢᠨ ᠬᠤᠲᠠ︾ ᠶᠢᠨ ᠲᠡᠰ ᠳᠡᠪᠰᠢᠭᠰᠡᠨ ᠬᠡᠪ ᠢ ᠪᠠᠶᠢᠭᠤᠯᠬᠤ ᠨᠢ ᠲᠥᠪ ᠬᠤᠲᠠ ᠶᠢᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠠᠮᠢ ᠠᠬᠤᠢ ᠶᠢ ᠤᠷᠢᠳᠠᠪᠠᠷ ᠪᠣᠳᠣᠯᠬᠢᠯᠠᠭᠰᠠᠨ ᠪᠣᠬᠢᠷᠲᠤᠯ ᠦᠭᠡᠢ ᠬᠥᠭᠵᠢᠯᠲᠡ︾ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠵᠠᠮᠨᠠᠬᠤ ᠴᠢᠬᠤᠯᠠ ᠠᠷᠭ᠎ᠠ ᠬᠡᠮᠵᠢᠶ᠎ᠡ ᠮᠥᠨ᠃  ︽ᠢᠯᠢ ᠶᠢᠨ ᠣᠳᠣ ᠦᠶ᠎ᠡ ᠶᠢᠨ ᠣᠶᠤᠨᠲᠤ ᠡᠷᠡᠭᠦᠯ ᠮᠡᠨᠳᠦ ᠶᠢᠨ ᠬᠥᠨᠳᠡᠢ︾  ᠲᠥᠷᠥᠯ ᠵᠦᠢᠯ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ ᠪᠠᠶᠢᠭ᠎ᠠ ᠴᠢᠬᠤᠯᠠ ᠶᠡᠭᠡ ᠲᠥᠷᠥᠯ ᠵᠦᠢᠯ ᠮᠥᠨ᠂ ᠲᠥᠷᠥᠯ ᠵᠦᠢᠯ ᠤᠨ  ᠪᠠᠶᠢᠭᠤᠯᠤᠯᠲᠠ ᠶᠢ   ᠲᠥᠷᠭᠡᠳᠬᠡᠨ ᠠᠬᠢᠭᠤᠯᠬᠤ  ᠨᠢ‌ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠪᠣᠳᠠᠲᠠᠢ ᠠᠵᠢᠯᠯᠠᠭ᠎ᠠ ᠮᠥᠨ᠂ ᠮᠥᠨᠴᠦ ᠲᠥᠪ ᠬᠤᠲᠠ ᠶᠢᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠪᠠ ᠠᠯᠤᠰ ᠢᠷᠡᠭᠡᠳᠦᠢ ᠶᠢᠨ ᠬᠥᠭᠵᠢᠯᠲᠡ ᠳᠤ ᠬᠤᠯᠪᠣᠭᠳᠠᠬᠤ ᠴᠢᠬᠤᠯᠠ ᠠᠷᠭ᠎ᠠ ᠬᠡᠮᠵᠢᠶ᠎ᠡ ᠮᠥᠨ ᠭᠡᠵᠡᠢ᠃      ᠸᠠᠩ ᠯᠢ ᠰᠢᠶᠠ ᠴᠢᠬᠤᠯᠠᠴᠢᠯᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠬᠠᠷᠢᠭᠤᠴᠠᠯᠭᠠᠲᠦ ᠰᠡᠳᠬᠢᠯᠭᠡ ᠪᠠ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠨ ᠢᠳᠡᠪᠬᠢᠲᠡᠢ ᠠᠵᠢᠯᠯᠠᠵᠤ᠂ ᠪᠠᠷᠢᠯᠭ᠎ᠠ ᠶᠢᠨ ᠠᠰᠢᠭᠲᠠᠢ ᠴᠠᠭ ᠢ ᠵᠠᠪᠳᠤᠨ ᠠᠵᠢᠯ ᠤᠨ ᠲᠣᠬᠢᠷᠠᠭᠤᠯᠤᠯᠲᠠ ᠪᠠᠨ ᠴᠢᠩᠭᠠᠳᠬᠠᠵᠤ᠂ ᠪᠠᠷᠢᠯᠭ᠎ᠠ ᠶᠢᠨ ᠬᠤᠭᠤᠴᠠᠭ᠎ᠠ ᠶᠢ ᠲᠣᠩᠭᠤᠷᠠᠭᠤᠯᠤᠨ᠂ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ︽ᠨᠢᠭᠡᠳᠦᠭᠡᠷ ᠹᠷᠣᠨᠲ ᠳᠡᠭᠡᠷ᠎ᠡ ᠠᠵᠢᠯᠯᠠᠬᠤ ᠠᠷᠭ᠎ᠠ︾ ᠶᠢ ᠭᠦᠨᠵᠡᠭᠡᠢ ᠦᠢᠯᠡᠳᠦᠯᠭᠡᠵᠢᠭᠦᠯᠦᠨ ᠲᠥᠷᠥᠯ ᠵᠦᠢᠯ ᠤᠨ ᠠᠬᠢᠴᠠ ᠶᠢᠨ ᠪᠠᠶᠢᠳᠠᠯ ᠢ ᠴᠠᠭ ᠲᠤᠬᠠᠢ ᠳᠤᠨᠢ ᠡᠵᠡᠮᠰᠢᠵᠦ᠂ ᠵᠠᠰᠠᠭ ᠤᠨ ᠣᠷᠳᠣᠨ ᠪᠠ ᠠᠵᠤ ᠠᠬᠤᠶᠢᠯᠠᠯ ᠤᠨ ᠲᠣᠭᠲᠠᠭᠰᠠᠨ ᠬᠤᠭᠤᠴᠠᠭ᠎ᠠ ᠲᠠᠢ ᠪᠠᠷ ᠵᠥᠪᠯᠡᠯᠴᠡᠬᠦ ᠲᠣᠭᠲᠠᠴᠠ ᠶᠢ ᠪᠠᠶᠢᠭᠤᠯᠵᠤ᠂ ᠠᠵᠢᠯ ᠤᠨ ᠨᠡᠶᠢᠯᠡᠯ ᠬᠦᠴᠦᠨ ᠢ ᠪᠦᠷᠢᠯᠳᠦᠭᠦᠯᠦᠨ ᠬᠠᠮᠲᠤ ᠪᠠᠷ ᠰᠤᠳᠤᠯᠵᠤ᠂ ᠲᠥᠷᠥᠯ ᠵᠦᠢᠯ ᠤᠨ ᠠᠬᠢᠴᠠ ᠶᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠬᠤ ᠬᠡᠷᠡᠭᠲᠡᠢ ᠭᠡᠪᠡ᠃       ᠣᠶᠢᠯᠠᠭᠠᠭᠰᠠᠨ ᠢᠶᠠᠷ᠂  ︽ᠢᠯᠢ ᠶᠢᠨ ᠣᠳᠣ ᠦᠶ᠎ᠡ ᠶᠢᠨ ᠣᠶᠤᠨᠲᠤ ᠡᠷᠡᠭᠦᠯ ᠮᠡᠨᠳᠦ ᠶᠢᠨ ᠬᠥᠨᠳᠡᠢ︾  ᠲᠥᠷᠥᠯ ᠵᠦᠢᠯ ᠤᠨ 13 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠲᠠᠢ ᠪᠦᠬᠦ ᠳᠡᠯᠡᠬᠡᠢ ᠳᠤ ᠲᠡᠷᠢᠭᠦᠯᠡᠵᠦ ᠪᠠᠶᠢᠭ᠎ᠠ 5G+ ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠨᠢᠯᠬ᠎ᠠ ᠬᠡᠦᠬᠡᠳ ᠤᠨ   ᠨᠠᠶᠢᠷᠠᠯᠭᠠᠲᠤ ᠰᠦᠨ ᠲᠠᠯᠬ᠎ᠠ ᠶᠢᠨ ᠣᠶᠤᠨᠴᠢ ᠦᠢᠯᠡᠳᠬᠦ ᠵᠢᠱᠢᠶ᠎ᠡ ᠦᠵᠡᠭᠦᠯᠬᠦ ᠲᠥᠷᠥᠯ ᠵᠦᠢᠯ ︵ᠰᠦᠨ ᠲᠠᠯᠬ᠎ᠠ ᠶᠢᠨ ᠦᠢᠯᠡᠳᠪᠦᠷᠢ︶ ᠨᠢ ᠨᠢᠭᠡᠨᠲᠡ ᠠᠵᠢᠯ ᠢᠶᠠᠨ ᠡᠬᠢᠯᠡᠭᠦᠯᠦᠨ ᠪᠦᠲᠦᠭᠡᠨ ᠪᠠᠶᠢᠭᠤᠯᠵᠤ᠂  ᠤᠳᠤᠬᠠᠨ ᠳᠤ ᠨᠢᠭᠡᠨᠲᠡ ᠰᠠᠭᠤᠷᠢ ᠲᠠᠯᠪᠢᠬᠤ ᠪᠠᠷᠢᠯᠭ᠎ᠠ ᠶᠢᠨ 80% ᠶᠢ ᠪᠡᠶᠡᠯᠡᠭᠦᠯᠵᠦ᠂ ᠰᠠᠷ᠎ᠠ ᠶᠢᠨ  ᠰᠡᠭᠦᠯᠴᠢ  ᠠᠴᠠ  ᠡᠮᠦᠨ᠎ᠡ ᠪᠦᠬᠦᠨ ᠢ ᠪᠡᠶᠡᠯᠡᠭᠦᠯᠬᠦ ᠪᠣᠯᠣᠨ᠎ᠠ᠂ ᠪᠤᠰᠤᠳ ᠪᠠᠷᠢᠯᠭ᠎ᠠ ᠶᠢᠨ ᠢᠵᠢ ᠪᠦᠷᠢᠳᠦᠭᠦᠯᠬᠦ ᠪᠡᠯᠡᠳᠬᠡᠮᠵᠢ ᠶᠢ ᠶᠠᠭ ᠵᠡᠷᠭᠡ ᠪᠠᠷ ᠪᠠᠶᠢᠭᠤᠯᠵᠤ ᠪᠠᠶᠢᠨ᠎ᠠ᠃ 30 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠲᠠᠢ ᠤᠯᠤᠰ ᠤᠨ ᠰᠦ ᠶᠢᠨ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ  ᠨᠢ 3 ᠳᠠᠶᠠᠭᠠᠷᠴᠢᠯᠠᠭᠰᠠᠨ ᠲᠥᠯᠥᠪᠵᠢᠭᠦᠯᠭᠡ ᠵᠢᠷᠤᠭ ᠲᠥᠯᠥᠪᠯᠡᠭᠡ  ᠶᠢᠨ ᠺᠣᠮᠫᠠᠨᠢ ᠶᠢᠨ ᠤᠬᠠᠭᠳᠠᠬᠤᠨ ᠤ ᠰᠢᠨᠵᠢ ᠲᠠᠢ ᠲᠥᠯᠥᠪᠵᠢᠭᠦᠯᠭᠡ ᠶᠢᠨ ᠮᠡᠷᠭᠡᠵᠢᠯ ᠤᠨ ᠲᠥᠰᠥᠯ ᠢ  ᠠᠳᠠᠯᠢᠳᠬᠠᠨ ᠰᠤᠩᠭᠤᠬᠤ ᠠᠵᠢᠯ ᠢ ᠨᠢᠭᠡᠨᠲᠡ ᠪᠡᠶᠡᠯᠡᠭᠦᠯᠵᠡᠢ᠃ ᠤᠯᠤᠰ ᠤᠨ ᠰᠦ ᠶᠢᠨ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠪᠦᠲᠦᠭᠡᠨ ᠪᠠᠶᠢᠭᠤᠯᠤᠯᠲᠠ ᠶᠢᠨ ᠲᠥᠰᠥᠯ ᠪᠠ  ᠬᠡᠷᠡᠭᠵᠢᠬᠦᠯᠵᠦ ᠠᠬᠢᠭᠤᠯᠬᠤ ᠲᠥᠯᠥᠪᠯᠡᠭᠡ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ ᠪᠣᠢ᠃ ᠲᠥᠯᠥᠪᠵᠢᠭᠦᠯᠭᠡ ᠶᠢ ᠳᠡᠯᠭᠡᠨ ᠦᠵᠡᠭᠦᠯᠬᠦ ᠣᠷᠳᠣᠨ ᠤ ᠤᠬᠠᠭᠳᠠᠬᠤᠨ ᠤ ᠰᠢᠨᠵᠢ ᠲᠠᠢ ᠲᠥᠯᠥᠪᠵᠢᠭᠦᠯᠭᠡ  ᠶᠢᠨ ᠵᠢᠷᠤᠭ ᠲᠥᠯᠥᠪᠯᠡᠭᠡ ᠶᠢᠨ ᠲᠥᠰᠥᠯ ᠢ ᠲᠥᠰᠥᠪᠯᠡᠬᠦ ᠠᠵᠢᠯ ᠢ ᠨᠢᠭᠡᠨᠲᠡ ᠡᠬᠢᠯᠡᠭᠦᠯᠦᠭᠡᠳ ᠪᠠᠶᠢᠨ᠎ᠠ᠃      ᠬᠤᠲᠠ ᠶᠢᠨ ᠤᠳᠤᠷᠢᠳᠤᠯᠭ᠎ᠠ ᠵᠠᠩ ᠪᠠᠢ ᠴᠧᠩ᠂ ᠯᠢᠦ ᠴᠧᠩ ᠮᠢᠨ᠂ ᠦ᠋ ᠸᠧᠨ ᠮᠢᠩ᠂ ᠪᠢ ᠭᠥᠸᠧ ᠴᠧᠨ᠂ ᠶᠦᠨ ᠰᠢᠨ ᠮᠢᠩ᠂ ᠢᠯᠢ ᠪᠦᠯᠦᠭᠯᠡᠯ ᠤᠨ ᠬᠠᠷᠢᠭᠤᠴᠠᠯᠭᠠᠲᠠᠨ᠂ ᠬᠤᠯᠪᠣᠭᠳᠠᠯ ᠪᠦᠬᠦᠢ ᠬᠤᠰᠢᠭᠤ ᠰᠢᠶᠠᠨ ᠲᠣᠭᠤᠷᠢᠭ ᠂ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号