︽ᠠᠮᠢ ᠠᠬᠤᠢ ᠶᠢ ᠤᠷᠢᠳᠠᠪᠠᠷ ᠪᠣᠳᠣᠯᠬᠢᠯᠠᠭᠰᠠᠨ ᠪᠣᠬᠢᠷᠲᠤᠯ ᠦᠭᠡᠢ ᠬᠥᠭᠵᠢᠯᠲᠡ︾ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠵᠠᠮᠨᠠᠶ᠎ᠠ
ᠨᠡᠶᠢᠲᠡᠯᠡᠭᠰᠡᠨ ᠴᠠᠭ᠄
2020/8/25
     ᠣᠷᠴᠢᠮ ᠤᠨ ᠵᠢᠯ ᠠᠴᠠ ᠨᠠᠭᠠᠰᠢ᠂ ᠮᠠᠨ ᠤ ᠬᠤᠲᠠ ︽ᠠᠮᠢ ᠠᠬᠤᠢ ᠶᠢ ᠤᠷᠢᠳᠠᠪᠠᠷ ᠪᠣᠳᠣᠯᠬᠢᠯᠠᠭᠰᠠᠨ ᠪᠣᠬᠢᠷᠲᠤᠯ ᠦᠭᠡᠢ ᠬᠥᠭᠵᠢᠯᠲᠡ︾ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠵᠠᠮᠨᠠᠵᠤ᠂ ᠠᠮᠢ ᠠᠬᠤᠢ ᠶᠢᠨ ᠪᠣᠯᠪᠠᠰᠤᠨ ᠤ ᠪᠦᠲᠦᠭᠡᠨ ᠪᠠᠶᠢᠭᠤᠯᠤᠯᠲᠠ ᠶᠢᠨ ᠣᠶᠢᠯᠠᠭᠠᠭᠳᠠᠬᠤᠨ ᠢ ᠪᠠᠲᠤ ᠪᠣᠢ ᠪᠣᠯᠭᠠᠵᠤ᠂ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢ ᠵᠡᠷᠭᠡ ᠪᠠᠷ ᠴᠢᠬᠤᠯᠠᠴᠢᠯᠠᠬᠤ ᠠᠵᠢᠯ ᠤᠨ ᠠᠷᠭ᠎ᠠ ᠮᠠᠶ᠋ᠢᠭ ᠢᠶᠠᠷ ︽ᠭᠤᠷᠪᠠᠨ ᠲᠣᠭᠤᠷᠢᠭᠤᠯ ᠬᠤᠶᠠᠷ ᠪᠦᠰᠡ︾ ᠶᠢᠨ ᠨᠣᠭᠤᠭᠠᠷᠠᠭᠤᠯᠤᠯᠲᠠ ᠶᠢᠨ ᠪᠠᠶᠢᠳᠠᠯ ᠢ ᠦᠨᠳᠦᠰᠦᠨ ᠳᠡᠭᠡᠨ ᠪᠦᠷᠢᠯᠳᠦᠭᠦᠯᠵᠦ᠂ ᠬᠤᠲᠠ ᠶᠢᠨ ᠲᠣᠭᠤᠷᠢᠭ ᠤᠨ ︽ᠭᠠᠳᠠᠭᠤᠷ︾ ᠳᠠᠯᠠᠨ ᠬᠠᠷ᠎ᠠ ᠶᠢᠨ ᠡᠮᠦᠨ᠎ᠡ ᠪᠡᠯ ᠪᠠ ᠶᠡᠭᠡ ᠲᠦᠷᠭᠡᠨ ᠭᠤᠣᠯ ᠤᠨ ᠠᠮᠢ ᠠᠬᠤᠢ ᠤᠰᠤᠨ ᠴᠣᠭᠴᠠ ᠪᠠᠷ ᠭᠤᠣᠯ ᠪᠣᠯᠭᠠᠭᠰᠠᠨ ᠡᠮᠦᠨᠡᠰᠢ ᠤᠮᠠᠷᠠᠰᠢ ᠶᠢᠨ ᠠᠮᠢ ᠠᠬᠤᠢ ᠶᠢᠨ ᠬᠠᠯᠬᠠᠪᠴᠢ ᠶᠢ ᠪᠦᠷᠢᠯᠳᠦᠭᠦᠯᠵᠦ᠂ ᠬᠤᠲᠠ ᠶᠢᠨ ᠲᠣᠭᠤᠷᠢᠭ ᠤᠨ ︽ᠳᠣᠲᠣᠭᠤᠷ︾ ᠪᠠᠶᠢᠭᠤᠯᠭ᠎ᠠ ᠨᠢᠭᠡᠴᠡ ᠶᠢᠨ ᠬᠦᠷᠢᠶ᠎ᠡ ᠬᠠᠰᠢᠶ᠎ᠠ ᠨᠡᠶᠢᠭᠡᠮ ᠲᠣᠭᠤᠷᠢᠭ ᠤᠨ ᠨᠣᠭᠤᠭᠠᠷᠠᠭᠤᠯᠤᠯᠲᠠ ᠪᠠᠷ ᠴᠡᠭ ᠪᠣᠯᠭᠠᠨ᠂ ᠵᠠᠮ ᠳᠠᠭᠠᠤ ᠶᠢᠨ ᠨᠣᠭᠤᠭᠠᠷᠠᠭᠤᠯᠤᠯᠲᠠ ᠪᠠᠷ ᠱᠤᠭᠤᠮ‌‍ᠪᠣᠯᠭᠠᠨ᠂ ᠭᠤᠣᠯ ᠤᠨ ᠵᠠᠮ ᠤᠨ ᠨᠣᠭᠤᠭᠠᠷᠠᠭᠤᠯᠤᠯᠲᠠ ᠪᠠᠷ ᠴᠠᠭᠠᠷᠢᠭ ᠪᠣᠯᠭᠠᠨ᠂ ᠴᠡᠴᠡᠷᠯᠢᠭ ᠴᠡᠩᠭᠡᠯ ᠤᠨ ᠬᠦᠷᠢᠶᠡᠯᠡᠩ ᠤᠨ ᠨᠣᠭᠤᠭᠠᠷᠠᠭᠤᠯᠤᠯᠲᠠ ᠪᠠᠷ ᠲᠠᠯᠠᠪᠠᠢ ᠪᠣᠯᠭᠠᠭᠰᠠᠨ ︽ᠴᠡᠭ᠂ ᠱᠤᠭᠤᠮ᠂ ᠴᠠᠭᠠᠷᠢᠭ᠂ ᠲᠠᠯᠠᠪᠠᠢ︾ ᠬᠠᠷᠢᠯᠴᠠᠨ ᠤᠶᠠᠯᠳᠤᠭᠰᠠᠨ ᠨᠣᠭᠤᠭᠠᠷᠠᠭᠤᠯᠤᠯᠲᠠ ᠶᠢᠨ ᠲᠣᠣᠷ ᠢ ᠪᠦᠷᠢᠯᠳᠦᠭᠦᠯᠵᠦ᠂ ︽ᠠᠮᠢ ᠠᠬᠤᠢ ᠶᠢᠨ ᠣᠷᠣᠨ᠂ ᠨᠣᠭᠤᠭᠠᠷᠠᠭᠤᠯᠤᠭᠰᠠᠨ ᠵᠠᠮ᠂ ᠴᠡᠴᠡᠷᠯᠢᠭ᠂ ᠪᠠᠭ᠎ᠠ ᠴᠡᠩᠭᠡᠯ ᠤᠨ ᠬᠦᠷᠢᠶᠡᠯᠡᠩ᠂ ᠵᠢᠵᠢᠭ ᠨᠣᠭᠤᠭᠠᠨ ᠭᠠᠵᠠᠷ︾ ᠲᠠᠪᠤᠨ ᠲᠡᠰ ᠤᠨ ᠨᠣᠭᠤᠭᠠᠷᠠᠭᠤᠯᠤᠯᠲᠠ ᠶᠢᠨ ᠰᠢᠰᠲ᠋ᠧᠮᠵᠢ ᠶᠢ ᠠᠯᠬᠤᠮ ᠠᠯᠬᠤᠮ ᠢᠶᠠᠷ ᠪᠦᠷᠢᠯᠳᠦᠭᠦᠯᠵᠦ᠂ ᠬᠤᠲᠠ ᠶᠢᠨ ᠨᠣᠭᠤᠭᠠᠷᠠᠭᠤᠯᠤᠯᠲᠠ ᠶᠢᠨ ᠲᠠᠯᠠᠪᠠᠢ ᠪᠠ ᠶᠠᠰᠤ ᠴᠢᠨᠠᠷ ᠢ ᠵᠢᠯ ᠠᠴᠠ ᠵᠢᠯ ᠳᠤ ᠳᠡᠭᠡᠭᠰᠢᠯᠡᠭᠦᠯᠪᠡ᠃ ᠵᠢᠷᠤᠭ ᠪᠣᠯ ᠴᠢᠩ ᠴᠧᠩ ᠴᠡᠴᠡᠷᠯᠢᠭ ᠤᠨ ᠪᠦᠬᠦ ᠦᠵᠡᠮᠵᠢ᠃ᠰᠤᠷᠪᠤᠯᠵᠢᠯᠠᠭᠴᠢ ᠯᠢᠦ ᠯᠢ ᠰᠢᠶᠠ  ᠦ᠋ ᠽᠢ ᠰᠢᠦᠸᠠᠨ ᠰᠡᠭᠦᠳᠡᠷᠯᠡᠪᠡ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号