ᠬᠦᠬᠡᠬᠤᠳᠠ ᠶᠢᠨ  ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠲᠠᠷᠢᠶᠠᠯᠠᠩ ᠢ ᠠᠬᠢᠭᠤᠯᠵᠤ  ᠪᠠᠶᠠᠵᠢᠭᠤᠯᠬᠤ ᠲᠤᠯᠭᠠᠭᠤᠷᠢ ᠬᠦᠴᠦᠨ ᠪᠣᠯᠪᠠ
ᠨᠡᠶᠢᠲᠡᠯᠡᠭᠰᠡᠨ ᠴᠠᠭ᠄
2020/8/25
     ᠬᠦᠬᠡᠬᠤᠳᠠ ᠶᠢᠨ  ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠲᠠᠯᠠᠪᠤᠷ  ᠲᠤ᠂ ᠨᠢᠭᠡᠨ ᠣᠨᠴᠠᠭᠠᠢ ᠡᠩᠨᠡᠭᠡ ᠪᠣᠯᠬᠤ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠭᠠᠪᠰᠢᠭᠠᠶᠢᠯᠠᠵᠦ ᠪᠤᠢ  ᠂ ᠲᠡᠳᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠦᠢᠯᠡᠰ ᠴᠣᠭᠴᠠᠯᠬᠤ᠂ ᠲᠥᠷᠥᠯ ᠵᠦᠢᠯ ᠢᠶᠠᠷ ᠳᠠᠶᠢᠴᠢᠯᠠᠬᠤ ᠵᠡᠷᠭᠡ ᠠᠷᠭ᠎ᠠ ᠬᠡᠯᠪᠡᠷᠢ ᠪᠠᠷ ᠶᠠᠳᠠᠭᠤ ᠬᠦᠴᠢᠷᠳᠡᠯᠲᠡᠢ ᠡᠷᠦᠬᠡ ᠶᠢ ᠳᠠᠶᠢᠴᠢᠯᠠᠨ ᠦᠵᠡᠯᠲᠡ ᠪᠠᠨ ᠬᠤᠪᠢᠷᠠᠭᠤᠯᠵᠤ᠂ ᠡᠷᠴᠢ ᠵᠣᠷᠢᠭ ᠢ ᠲᠡᠳᠬᠦᠬᠦ ᠪᠠ ᠤᠶᠤᠨ ᠤᠬᠠᠭᠠᠨ ᠢ ᠲᠡᠳᠬᠦᠬᠦ ᠶᠢ ᠤᠶᠠᠯᠳᠤᠭᠤᠯᠵᠤ᠂ ᠲᠠᠷᠢᠶᠠᠴᠢᠳ ᠢ ᠬᠠᠪᠰᠤᠷᠤᠨ ᠶᠠᠳᠠᠭᠤ  ᠠᠴᠠ ᠨᠢ ᠠᠩᠭᠢᠵᠢᠷᠠᠭᠤᠯᠤᠨ ᠪᠠᠶᠠᠵᠢᠭᠤᠯᠵᠤ᠂ ᠶᠠᠳᠠᠭᠤ ᠶᠢ ᠲᠡᠳᠬᠦᠬᠦ ᠦᠷ᠎ᠡ ᠪᠦᠲᠦᠮᠵᠢ ᠢᠯᠡᠳᠲᠡ ᠪᠣᠯᠪᠠ᠃    ᠥᠪᠥᠷ ᠮᠣᠩᠭᠤᠯ ᠤᠨ ᠲᠠᠯ᠎ᠠ ᠨᠤᠲᠤᠭ ᠤᠨ ᠢᠦᠶ ᠯᠢᠦᠶ ᠰᠢᠨᠵᠢᠯᠡᠬᠦ ᠤᠬᠠᠭᠠᠨ ᠮᠡᠷᠭᠡᠵᠢᠯ ᠤᠨ ᠮᠠᠯ ᠠᠵᠤ ᠠᠬᠤᠢ ᠶᠢᠨ ᠬᠢᠵᠠᠭᠠᠷᠲᠤ ᠺᠣᠮᠫᠠᠨᠢ ᠶᠢᠨ ᠮᠠᠯᠵᠢᠯ ᠤᠨ ᠲᠠᠯᠠᠪᠠᠢ ᠶᠢᠨ ᠳᠠᠷᠤᠭ᠎ᠠ ᠵᠠᠩ ᠶᠦᠩ ᠸᠧᠶ  2018 ᠣᠨ ᠳᠤ ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠴᠢ ᠪᠠᠷ ᠤᠷᠢᠭᠳᠠᠭᠰᠠᠨ ᠤ ᠳᠠᠷᠠᠭ᠎ᠠ᠂ ᠳᠠᠷᠤᠶ ᠾᠧ ᠯᠢᠨ  ᠰᠢᠶᠠᠨ  ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠳᠤ ᠢᠳᠡᠪᠬᠢᠲᠡᠶ ᠣᠷᠣᠯᠴᠠᠵᠤ᠂ ᠲᠤᠬᠠᠶ ᠶᠢᠨ ᠲᠠᠯᠠᠪᠤᠷ ᠲᠤ ᠲᠠᠶᠢᠯᠪᠤᠷᠢᠯᠠᠬᠤ᠂ ᠪᠡᠶ᠎ᠡ ᠪᠠᠷ ᠢᠶᠠᠨ ᠵᠢᠱᠢᠶ᠎ᠡ ᠦᠵᠡᠭᠦᠯᠬᠦ᠂ ᠡᠷᠦᠬᠡ ᠳᠤ ᠣᠷᠣᠵᠤ ᠨᠢᠭᠤᠷᠳᠠᠨ ᠵᠢᠭᠠᠬᠤ᠂ ᠲᠥᠪᠯᠡᠷᠡᠭᠦᠯᠦᠨ ᠪᠣᠯᠪᠠᠰᠤᠷᠠᠭᠤᠯᠬᠤ ᠵᠡᠷᠭᠡ ᠣᠯᠠᠨ ᠬᠡᠯᠪᠡᠷᠢ ᠪᠦᠬᠦᠢ ᠪᠣᠯᠪᠠᠰᠤᠷᠠᠯ ᠢᠶᠠᠷ ᠳᠠᠮᠵᠢᠭᠤᠯᠤᠨ᠂ ᠲᠠᠷᠢᠶᠠᠴᠢᠳ ᠢ ᠬᠠᠪᠰᠤᠷᠤᠨ ᠬᠠᠮᠤᠭ ᠤᠨ ᠣᠬᠤᠷ ᠬᠤᠭᠤᠴᠠᠭᠠᠨ ᠳᠤ ᠡᠯᠵᠢᠭᠡ ᠶᠢ ᠰᠢᠨᠵᠢᠯᠡᠬᠦ ᠤᠬᠠᠭᠠᠨᠴᠢ ᠪᠠᠷ ᠠᠷᠠᠴᠢᠯᠠᠬᠤ᠂ ᠡᠪᠡᠳᠴᠢᠨ ᠬᠢᠵᠢᠭ ᠢ ᠰᠡᠷᠭᠡᠶᠢᠯᠡᠨ ᠬᠤᠷᠢᠭᠯᠠᠬᠤ ᠪᠠ  ᠲᠡᠵᠢᠭᠡᠵᠦ ᠦᠷᠡᠵᠢᠭᠦᠯᠬᠦ ᠵᠡᠷᠭᠡ ᠬᠡᠷᠡᠭᠯᠡᠭᠡᠨ ᠤ ᠮᠡᠷᠭᠡᠵᠢᠯ ᠢ ᠡᠵᠡᠮᠰᠢᠭᠦᠯᠵᠡᠶ᠃ ᠦᠯᠡᠮᠵᠢ ᠤᠯᠠᠨ ᠲᠠᠷᠢᠶᠠᠴᠢᠨ ᠮᠡᠷᠭᠡᠵᠢᠯᠲᠡᠨ ᠢ ᠬᠥᠮᠦᠵᠢᠭᠦᠯᠵᠦ᠂ ᠲᠤᠬᠠᠶ ᠶᠢᠨ ᠭᠠᠵᠠᠷ ᠤᠨ ᠲᠠᠷᠢᠶᠠᠴᠢᠳ ᠤᠨ ᠣᠷᠣᠯᠭ᠎ᠠ ᠦᠷᠭᠦᠯᠵᠢᠯᠡᠨ ᠨᠡᠮᠡᠭᠳᠡᠬᠦ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠴᠡᠶ᠃ ᠲᠡᠭᠦᠨ ᠤ ᠨᠠᠷᠢᠨ ᠨᠢᠮᠪᠠᠶ ᠤᠬᠠᠭᠠᠯᠠᠨ ᠰᠡᠳᠦᠭᠰᠡᠨ ᠥᠪᠥᠷ ᠮᠣᠩᠭᠤᠯ ᠤᠨ ᠲᠠᠯ᠎ᠠ ᠨᠤᠲᠤᠭ ᠤᠨ ᠢᠦᠶ ᠯᠢᠦᠶ ᠰᠢᠨᠵᠢᠯᠡᠬᠦ ᠤᠬᠠᠭᠠᠨ ᠮᠡᠷᠭᠡᠵᠢᠯ ᠤᠨ ᠮᠠᠯ ᠠᠵᠤ ᠠᠬᠤᠶ ᠶᠢᠨ ᠬᠢᠵᠠᠭᠠᠷᠲᠤ ᠺᠣᠮᠫᠠᠨᠢ ᠪᠣᠯᠤᠨ ᠾᠧ ᠯᠢᠨ ᠰᠢᠶᠠᠨ ᠤ ᠾᠧᠢ ᠯᠣᠤ ᠶᠣᠣ ᠰᠢᠶᠠᠩ ᠤᠨ ᠵᠠᠰᠠᠭ ᠤᠨ ᠣᠷᠳᠣᠨ ᠴᠡᠪᠡᠷ ᠢᠳᠡᠰᠢᠨ ᠡᠯᠵᠢᠭᠡᠨ ᠤ ᠠᠵᠤ  ᠣᠶᠢᠯᠡᠰ  ᠤᠨ ᠬᠡᠯᠬᠢᠶ᠎ᠡ ᠶᠢᠨ ᠲᠡᠵᠢᠭᠡᠨ ᠦᠷᠡᠵᠢᠭᠦᠯᠵᠦ ᠶᠠᠳᠠᠭᠤ ᠶᠢ  ᠲᠡᠳᠬᠦᠬᠦ ᠲᠥᠷᠥᠯ  ᠵᠣᠶᠢᠯ ᠤᠨ ᠬᠠᠮᠵᠢᠯᠴᠠᠭᠠᠨ ᠤ ᠪᠦᠳᠦᠭᠦᠪᠴᠢ ᠵᠥᠪᠯᠡᠯᠴᠡᠭᠡᠷ ᠲᠣᠭᠲᠠᠵᠤ᠂ ᠺᠣᠮᠫᠠᠨᠢ ᠪᠣᠯᠤᠨ ᠾᠧᠢ ᠯᠣᠤ ᠶᠣᠣ ᠰᠢᠶᠠᠩ ᠤᠨ ᠵᠠᠰᠠᠭ ᠤᠨ ᠣᠷᠳᠣᠨ ᠬᠠᠮᠲᠤ ᠶᠢᠨ ᠲᠠᠨᠢᠯᠲᠠ ᠲᠠᠢ  ᠪᠣᠯᠵᠤ᠂ ᠾᠧᠢ ᠯᠣᠤ ᠶᠣᠣ ᠰᠢᠶᠠᠩ ᠤᠨ ᠡᠷᠭᠢᠨ ᠲᠣᠭᠤᠷᠢᠨ ᠤ 7 ᠵᠠᠰᠠᠭ ᠵᠠᠬᠢᠷᠭᠠᠨ ᠤ ᠲᠣᠰᠬᠤᠨ ᠨᠡᠶᠢᠲᠡ 1355 ᠡᠷᠦᠬᠡ ᠶᠢ  ᠲᠠᠶᠢᠴᠢᠯᠠᠵᠣ᠂ ᠡᠭᠦᠨ ᠳᠤ ᠶᠠᠳᠠᠭᠤ ᠬᠦᠴᠢᠷᠳᠡᠯᠲᠡᠶ 353 ᠡᠷᠦᠬᠡ 652 ᠬᠥᠮᠦᠨ  ᠪᠠᠶᠢᠯ᠎ᠠ᠃ ᠡᠭᠦᠨ ᠠᠴᠠ ᠭᠠᠳᠠᠨ᠎ᠠ᠂ ᠠᠵᠤ ᠠᠬᠤᠶᠢᠯᠠᠯ ᠨᠢ ᠠᠵᠢᠯᠴᠢᠨ ᠬᠡᠷᠡᠭᠯᠡᠬᠦ᠂ ᠡᠪᠡᠰᠦ ᠪᠣᠷᠳᠤᠭ᠎ᠠ ᠶᠢ ᠵᠠᠬᠢᠶᠠᠯᠠᠭ᠎ᠠ ᠪᠠᠷ ᠣᠶᠢᠯᠡᠳᠪᠣᠷᠢᠯᠡᠵᠣ ᠬᠤᠳᠠᠯᠳᠤᠨ ᠠᠪᠬᠤ ᠵᠡᠷᠭᠡ ᠠᠷᠭ᠎ᠠ   ᠬᠡᠮᠵᠢᠶ᠎ᠡ ᠪᠠ  ᠭᠠᠵᠠᠷ ᠰᠢᠷᠣᠶ ᠪᠠᠷ ᠬᠤᠪᠢ ᠣᠷᠣᠵᠤ ᠠᠰᠢᠭ ᠬᠤᠪᠢᠶᠠᠬᠤ ᠵᠡᠷᠭᠡ ᠬᠡᠯᠪᠡᠷᠢ ᠪᠠᠷ ᠢᠶᠠᠷ ᠳᠠᠮᠵᠢᠭᠤᠯᠤᠨ ᠪᠦᠬᠦ ᠰᠢᠶᠠᠩ ᠤᠨ ᠬᠠᠮᠲᠤ ᠶᠢᠨ ᠠᠵᠤ ᠠᠬᠤᠶ ᠶᠢ ᠬᠥᠭᠵᠢᠭᠦᠯᠵᠦ᠂ ᠮᠠᠯᠵᠢᠬᠤ ᠲᠠᠷᠢᠶᠠᠯᠠᠬᠤ ᠡᠷᠦᠬᠡ ᠶᠢᠨ ᠶᠠᠳᠠᠭᠤ ᠠᠴᠠ ᠠᠩᠭᠢᠵᠢᠷᠠᠨ ᠴᠢᠨᠡᠭᠡᠯᠢᠭᠵᠢᠬᠦ ᠶᠢ  ᠪᠡᠶᠡᠯᠡᠭᠦᠯᠵᠣ᠂ ᠠᠵᠤ ᠠᠬᠤᠶᠢᠯᠠᠯ ᠤᠨ ᠣᠷᠣᠯᠭ᠎ᠠ ᠶᠢ  ᠨᠡᠮᠡᠭᠳᠡᠭᠦᠯᠵᠠᠢ᠃ ᠣᠳᠣᠬᠠᠨ ᠳᠤ 200 ᠭᠠᠷᠤᠶ ᠠᠵᠢᠯᠴᠢᠨ ᠢ ᠳᠠᠶᠢᠴᠢᠯᠠᠵᠤ᠂ ᠮᠠᠯᠵᠢᠬᠤ ᠲᠠᠯᠠᠪᠠᠶ ᠶᠢᠨ ᠡᠷᠭᠢᠨ ᠲᠣᠭᠤᠷᠢᠨ ᠤ ᠲᠣᠰᠬᠤᠨ ᠢ ᠨᠥᠯᠥᠭᠡᠯᠡᠪᠡ᠃ ᠭᠤᠤᠯᠳᠠᠭᠤ ᠲᠡᠵᠢᠭᠡᠨ ᠦᠷᠡᠵᠢᠭᠦᠯᠬᠦ ᠲᠠᠯᠠᠪᠠᠶ ᠶᠢᠨ ᠲᠣᠭᠤᠷᠢᠭ ᠤᠨ ᠲᠡᠵᠢᠭᠡᠨ ᠠᠷᠠᠴᠢᠯᠠᠬᠤ᠂ ᠬᠢᠵᠢᠭ   ᠢ ᠰᠡᠷᠬᠡᠶᠢᠯᠡᠬᠦ᠂ ᠡᠷᠡᠭᠦᠯ ᠮᠡᠨᠳᠦ ᠶᠢ ᠬᠠᠮᠠᠭᠠᠯᠠᠬᠤ᠂ ᠮᠡᠷᠭᠡᠵᠢᠯ ᠵᠡᠷᠭᠡ ᠠᠵᠢᠯ ᠢ ᠬᠠᠷᠢᠭᠤᠴᠠᠵᠤ᠂ ᠠᠵᠤ ᠠᠬᠤᠶᠢᠯᠠᠯ ᠨᠢ ᠬᠥᠮᠦᠨ ᠪᠦᠷᠢ ᠶᠢᠨ  ᠰᠠᠷ᠎ᠠ ᠶᠢᠨ ᠳᠤᠮᠳᠠᠴᠢ ᠣᠷᠣᠯᠭ᠎ᠠ ᠶᠢ 3500 ᠲᠥᠭᠦᠷᠢᠭ ᠢᠶᠠᠷ  ᠨᠡᠮᠡᠭᠳᠡᠬᠦᠯᠵᠥ᠂  ᠵᠢᠯ   ᠤᠨ ᠳᠤᠮᠳᠠᠴᠢ ᠤᠷᠤᠯᠭ᠎ᠠ ᠶᠢ50000 ᠲᠥᠭᠦᠷᠢᠭ   ᠨᠡᠮᠡᠭᠳᠡᠭᠦᠯᠵᠠᠢ  ᠃     ᠰᠢᠨᠵᠢᠯᠡᠬᠦ ᠤᠬᠠᠭᠠᠨ ᠮᠡᠷᠭᠡᠵᠢᠯ ᠢᠶᠠᠷ ᠶᠠᠳᠠᠭᠤ ᠶᠢ ᠲᠡᠳᠬᠦᠬᠦ ᠠᠵᠢᠯ ᠤᠨ ᠳᠤᠮᠳᠠ᠂ ᠲᠣᠭᠳᠠᠬᠤ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠲᠦᠷᠦᠭᠦᠯᠡᠨ᠂ ᠬᠥᠬᠡᠬᠤᠲᠠ ᠶᠢᠨ ᠳ᠋ᠧ ᠾᠧᠩ ᠮᠠᠯ ᠠᠵᠤ ᠠᠬᠤᠶ ᠶᠢᠨ ᠬᠢᠵᠠᠭᠠᠷᠲᠤ ᠺᠣᠮᠫᠠᠨᠢ ᠡᠴᠠ‌‍ᠬᠡᠭᠡᠯ ᠲᠠᠢ ᠮᠠᠯ ᠪᠣᠯᠤᠨ ᠮᠡᠷᠭᠡᠵᠢᠯ ᠤᠨ ᠲᠡᠳᠬᠦᠮᠵᠢ ᠶᠢ ᠬᠠᠩᠭᠠᠵᠣ᠂ ᠣᠶᠤᠨ ᠴᠢᠳᠠᠪᠤᠷᠢ ᠪᠣᠯᠤᠨ ᠠᠵᠤ ᠣᠶᠢᠯᠡᠰ ᠢ ᠤᠶᠠᠯᠳᠤᠭᠤᠯᠤᠭᠰᠠᠨ ᠣᠨᠣᠴᠠᠲᠠᠶ ᠲᠡᠳᠭᠦᠯᠲᠡ ᠬᠢᠵᠦ᠂ ᠡᠮᠦᠨᠡᠬᠢ ᠬᠤᠭᠤᠴᠠᠭᠠᠨ ᠤ ᠪᠠᠶᠢᠳᠠᠯ ᠢ ᠣᠶᠢᠯᠠᠭᠠᠬᠤ᠂ ᠡᠷᠦᠬᠡ ᠳᠤ ᠬᠦᠷᠴᠦ ᠪᠠᠶᠢᠴᠠᠭᠠᠯᠲᠠ ᠬᠢᠬᠦ ᠪᠠᠷ ᠳᠠᠮᠵᠢᠨ᠂ ᠪᠦᠬᠦ ᠰᠢᠶᠠᠨ ᠤ ᠨᠥᠬᠦᠴᠡᠯ ᠳᠤ ᠨᠡᠶᠢᠴᠡᠭᠰᠡᠨ ᠶᠠᠳᠠᠭᠤ ᠬᠦᠴᠢᠷᠳᠡᠯᠲᠡᠶ ᠡᠷᠦᠬᠡ ᠳᠤ ᠰᠠᠶᠢᠨ ᠡᠭᠦᠯᠳᠡᠷ ᠤᠨ ᠬᠡᠭᠡᠯ ᠲᠠᠢ ᠬᠤᠨᠢ ᠢᠮᠠᠭ᠎ᠠ ᠬᠤᠪᠢᠳᠠᠵᠦ ᠦᠭᠴᠠᠢ᠃ ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠤᠮᠢᠯᠠᠭᠳᠠᠭᠴᠢ ᠵᠧᠤ ᠢ ᠲᠡᠵᠢᠭᠡᠨ ᠦᠷᠡᠵᠢᠭᠦᠯᠬᠦ ᠡᠷᠦᠬᠡ ᠳᠤ ᠰᠢᠨᠵᠢᠯᠡᠬᠦ ᠤᠬᠠᠭᠠᠨᠴᠢ ᠪᠠᠷ ᠲᠡᠵᠢᠭᠡᠨ ᠦᠷᠡᠵᠢᠭᠦᠯᠬᠦ ᠮᠡᠷᠭᠡᠵᠢᠯ ᠤᠨ ᠦᠢᠯᠡᠴᠢᠯᠡᠭᠡ ᠪᠠ  ᠵᠢᠯᠣᠭᠤᠳᠣᠯᠭ᠎ᠠ ᠬᠢᠵᠦ᠂ ᠲᠡᠵᠢᠭᠡᠨ ᠦᠷᠡᠵᠢᠭᠦᠯᠬᠦ ᠶᠠᠪᠤᠴᠠ ᠳᠤ ᠢᠯᠡᠷᠡᠭᠰᠡᠨ ᠮᠡᠷᠭᠡᠵᠢᠯ ᠤᠨ ᠠᠰᠠᠭᠤᠳᠠᠯ ᠢ ᠬᠠᠪᠰᠤᠷᠤᠨ  ᠰᠢᠢᠳᠪᠣᠷᠢᠯᠡᠵᠣ᠂ ᠶᠠᠳᠠᠭᠤ ᠬᠦᠴᠢᠷᠳᠡᠯᠲᠡᠶ ᠡᠷᠦᠬᠡ ᠶᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ  ᠪᠠᠶᠠᠵᠢᠭᠤᠯᠣᠭᠰᠠᠨ ᠪᠠᠶᠢᠨ᠎ᠠ᠃ ᠵᠧᠤ ᠢ ᠶᠢᠨ ᠲᠠᠨᠢᠯᠴᠠᠭᠤᠯᠤᠭᠰᠠᠨ ᠢᠶᠠᠷ᠂ ᠡᠮ᠎ᠡ ᠬᠤᠨᠢ ᠨᠢᠭᠡᠪᠦᠷᠢ  ᠶᠢ 2 ᠵᠢᠯ   ᠳᠤ 3 ᠬᠤᠷᠠᠭᠠᠯᠠᠭᠤᠯᠬᠤ ᠠᠷᠭ᠎ᠠ ᠪᠠᠷ ᠣᠳᠣᠬᠠᠨ ᠤ ᠵᠠᠬ᠎ᠠ ᠳᠡᠯᠭᠡᠭᠦᠷ ᠤᠨ ᠦᠨ᠎ᠡ ᠬᠠᠩᠰᠢ ᠪᠣᠯᠤᠨ ᠨᠠᠷᠢᠨ ᠨᠢᠮᠪᠠᠶ ᠠᠷᠠᠴᠢᠯᠠᠭ᠎ᠠ ᠳᠣᠤᠷ᠎ᠠ ᠴᠢᠨᠠᠷ ᠰᠠᠶᠢᠲᠠᠶ ᠬᠤᠶᠠᠷ ᠡᠰᠢᠲᠦ ᠡᠷᠯᠢᠰᠡᠵᠢᠭᠦᠯᠦᠭᠰᠡᠨ ᠬᠤᠷᠠᠭ᠎ᠠ ᠳᠤᠮᠳᠠᠴᠢ ᠪᠠᠷ 5 ᠶᠢ ᠲᠤᠰᠴᠤ᠂ ᠬᠤᠷᠠᠭ᠎ᠠ ᠪᠦᠷᠢ ᠶᠢ 6 ᠰᠠᠷ᠎ᠠ ᠠᠴᠠ 8 ᠰᠠᠷ᠎ᠠ ᠲᠡᠵᠢᠬᠡᠬᠡᠳ 1500 ᠲᠥᠭᠦᠷᠢᠭ  ᠢᠶᠠᠷ ᠬᠤᠳᠠᠯᠳᠤᠵᠤ ᠪᠣᠯᠤᠨ᠎ᠠ᠂ ᠵᠢᠯ ᠪᠦᠷᠢ 2.5  ᠬᠤᠷᠠᠭ᠎ᠠ ᠪᠠᠷ  ᠪᠣᠳᠣᠪᠡᠯ᠂ ᠡᠪᠡᠰᠦ ᠪᠣᠷᠳᠣᠭᠠᠨ ᠤ ᠥᠪᠡᠷ ᠤᠨ ᠥᠷᠲᠡᠭ 1250 ᠲᠥᠭᠦᠷᠢᠭ  ᠢ ᠭᠠᠷᠭᠠᠭᠠᠳ᠂ 2500 ᠲᠥᠭᠦᠷᠢᠭ ᠤᠨ ᠣᠷᠣᠯᠭ᠎ᠠ ᠣᠯᠵᠤ᠂ ᠦᠷ᠎ᠡ ᠠᠰᠢᠭ ᠨᠢ ᠨᠡᠯᠢᠶᠡᠳ ᠰᠠᠶᠢᠨ ᠪᠣᠯᠣᠨ᠎ᠠ ᠭᠡᠵᠡᠢ  ᠃       ᠬᠥᠬᠡᠬᠤᠲᠠ 2012 ᠣᠨ ᠠᠴᠠ ᠡᠬᠢᠯᠡᠨ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠳᠦᠷᠢᠮ  ᠢ ᠬᠡᠷᠡᠭᠵᠢᠭᠦᠯᠦᠭᠰᠡᠨ ᠠᠴᠠ ᠨᠠᠰᠢ᠂  ᠣᠶᠢᠯᠡᠳᠣᠯᠭᠡ ᠶᠢᠨ ᠳᠤᠮᠳᠠ ᠲᠠᠰᠤᠷᠠᠯᠲᠠ ᠦᠭᠡᠢ ᠰᠦᠪᠡᠭᠴᠢᠯᠡᠨ ᠤᠷᠤᠭᠰᠢᠯᠠᠵᠤ᠂ ᠰᠢᠨ᠎ᠡ ᠶᠢ ᠡᠭᠦᠳᠬᠦ ᠳᠦᠷᠢᠮ᠂  ᠯᠠᠪᠳᠠᠭᠤᠨ ᠪᠠᠲᠤᠲᠠᠶ ᠮᠡᠷᠭᠡᠵᠢᠯ ᠪᠣᠯᠤᠨ ᠴᠢᠩᠭ᠎ᠠ ᠬᠠᠮᠢᠶᠠᠷᠤᠯᠲᠠ ᠳᠤ ᠲᠦᠰᠢᠭᠯᠡᠨ᠂ ᠤᠢᠢᠷ᠎ᠠ ᠶᠢᠨ ᠬᠡᠳᠦᠨ ᠵᠢᠯ ᠤᠨ ᠬᠥᠭᠵᠢᠯᠲᠡ ᠪᠠᠷ ᠳᠠᠮᠵᠢᠭᠠᠳ᠂ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠡᠩᠨᠡᠭᠡ ᠨᠢ ᠲᠠᠷᠢᠶᠠᠯᠠᠩ ᠢ ᠠᠬᠢᠭᠤᠯᠤᠨ ᠪᠠᠶᠠᠵᠢᠭᠤᠯᠬᠤ ᠲᠤᠯᠭᠠᠭᠤᠷᠢ ᠬᠦᠴᠦᠨ ᠪᠣᠯᠤᠭᠰᠠᠨ ᠪᠠᠶᠢᠨ᠎ᠠ᠃  ︵ᠬᠥᠬᠡᠬᠤᠲᠠ ᠶᠢᠨ ᠡᠳᠦᠷ ᠤᠨ ᠰᠣᠨᠢᠨ ᠤ ᠰᠤᠷᠪᠤᠯᠵᠢᠯᠠᠭᠴᠢ ᠡᠤ ᠽᠢ ᠰᠢᠶᠠᠨ ᠴᠢᠮᠡᠭᠡᠯᠡᠭᠴᠢ ᠶᠠᠩ ᠸᠧᠶ ᠳ᠋ᠦᠩ︶
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号