2020 ᠣᠨ ᠤ ᠬᠥᠬᠡᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠯᠠᠭᠠᠨ ᠤ ᠭᠠᠷᠠᠭ ᠤᠨ ᠡᠬᠢᠯᠡᠯᠲᠡ ᠶᠢᠨ ᠶᠤᠰᠤᠯᠠᠯ ᠶᠠᠪᠤᠭᠳᠠᠪᠠ
ᠨᠡᠶᠢᠲᠡᠯᠡᠭᠰᠡᠨ ᠴᠠᠭ᠄
2020/8/26
     ᠥᠪᠥᠷ ᠮᠣᠩᠭᠤᠯ ᠤᠨ ᠡᠳᠦᠷ ᠤᠨ ᠰᠤᠨᠢᠨ ᠤ ᠮᠡᠳᠡᠭᠡ ︵ᠬᠠᠮ ᠵᠠᠭᠤᠴᠢᠯᠠᠭᠤᠷ ᠤᠨ ᠰᠤᠷᠪᠤᠯᠵᠢᠯᠠᠬᠴᠢ ᠦᠷᠴᠠᠶᠢᠬᠤ︶ 8 ᠰᠠᠷ᠎ᠠ ᠶᠢᠨ25 ᠤ ᠡᠳᠦᠷ᠂  ᠬᠦᠬᠡᠬᠤᠳᠠ ᠶᠢᠨ ᠰᠢᠨ᠎ᠡ ᠬᠤᠲᠠ ᠲᠣᠭᠤᠷᠢᠭ ᠤᠨ ᠰᠣᠶᠣᠯ ᠤᠨ ᠠᠭᠤᠳᠠᠮ ᠲᠠᠯᠠᠪᠠᠢ ᠳᠤ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠬᠢᠵᠢᠭ ᠲᠠᠢ ᠳᠡᠮᠡᠴᠡᠵᠤ᠂ ᠰᠢᠨ᠎ᠡ ᠶᠢ ᠡᠭᠦᠳᠬᠦ ᠬᠦᠴᠦᠷᠬᠡᠭ ᠤᠯᠤᠰ ᠢ ᠪᠠᠶᠢᠭᠤᠯᠤᠶ᠎ᠠ︾ ᠭᠡᠬᠦ ᠭᠤᠣᠯ ᠰᠡᠳᠦᠪ ᠪᠦᠬᠦᠢ 2020 ᠣᠨ ᠤ ᠬᠥᠬᠡᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠯᠠᠭᠠᠨ ᠤ ᠭᠠᠷᠠᠭ ᠵᠢᠴᠢ ᠬᠥᠬᠡᠬᠤᠲᠠ ᠶᠢᠨ ᠬᠤᠷᠢᠨ ᠲᠠᠪᠤᠳᠤᠭᠠᠷ ᠬᠤᠭᠤᠴᠠᠭᠠᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯᠯᠠᠭ᠎ᠠ ᠶᠢᠨ ᠤᠬᠠᠭᠤᠯᠭ᠎ᠠ ᠶᠢᠨ ᠭᠠᠷᠠᠭ ᠤᠨ ᠡᠬᠢᠯᠡᠯᠲᠡ ᠶᠢᠨ ᠶᠣᠰᠣᠯᠠᠯ ᠶᠠᠪᠤᠭᠳᠠᠪᠠ᠃      ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠯᠠᠭᠠᠨ ᠤ ᠭᠠᠷᠠᠭ︾ ᠪᠣᠯ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠵᠥᠪᠰᠢᠶᠡᠷᠡᠨ ᠥᠷᠨᠢᠭᠦᠯᠦᠭᠰᠡᠨ ᠶᠡᠭᠡ ᠬᠡᠪᠴᠢᠶᠡᠨ ᠤ ᠣᠯᠠᠨ ᠲᠦᠮᠡᠨᠴᠢ ᠴᠢᠨᠠᠷᠲᠠᠶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠯᠠᠭ᠎ᠠ ᠪᠣᠯᠣᠨ᠎ᠠ᠃ ᠣᠯᠠᠨ ᠵᠢᠯ ᠤᠨ ᠲᠤᠷᠰᠢ ᠬᠥᠬᠡᠬᠤᠲᠠ ᠶᠢᠨ ᠵᠢᠯ ᠪᠤᠯᠭᠠᠨ  ᠤ ᠬᠠᠮᠤᠭ ᠤᠨ ᠴᠢᠬᠤᠯᠠ ᠣᠯᠠᠨ ᠲᠦᠮᠡᠨᠴᠢ ᠴᠢᠨᠠᠷᠲᠠᠶ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯᠯᠠᠭ᠎ᠠ ᠪᠣᠯᠵᠤ ᠂ ᠪᠦᠬᠦ ᠠᠷᠠᠳ ᠤᠨ ᠰᠢᠨᠵᠢᠯᠡᠬᠦ ᠤᠬᠠᠭᠠᠨ ᠤ ᠬᠡᠪ ᠪᠣᠯᠪᠠᠰᠤᠷᠠᠯ ᠢ ᠳᠡᠭᠡᠭᠰᠢᠯᠡᠭᠦᠯᠬᠦ᠂ ᠬᠥᠬᠡᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠭᠤᠷ ᠠᠮᠢᠰᠬᠤᠯ ᠢ ᠪᠤᠢ ᠪᠣᠯᠭᠠᠬᠤ ᠳᠤ ᠢᠳᠡᠪᠬᠢᠲᠡᠢ ᠠᠬᠢᠭᠤᠯᠬᠤ ᠦᠢᠯᠡᠳᠦᠯ ᠦᠵᠡᠭᠦᠯᠵᠠᠢ᠃      2020 ᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠯᠠᠭᠠᠨ ᠤ ᠭᠠᠷᠠᠭ ᠨᠢ 8 ᠰᠠᠷ᠎ᠠ ᠶᠢᠨ 23 ᠠᠴᠠ 29 ᠤ ᠡᠳᠦᠷ ᠪᠣᠯᠲᠠᠯ᠎ᠠ᠂ ᠬᠦᠬᠡᠬᠤᠳᠠ ᠶᠢᠨ 9 ᠬᠤᠰᠢᠭᠤ ᠰᠢᠶᠠᠨ ᠲᠣᠭᠤᠷᠢᠭ ᠲᠤ ᠵᠡᠷᠭᠡ ᠪᠠᠷ ᠶᠠᠪᠤᠭᠳᠠᠵᠤ᠂ ᠡᠯ᠎ᠡ ᠭᠠᠵᠠᠷ ᠤᠨ ᠬᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠠᠶᠢᠯᠤᠮᠵᠢ ᠶᠢᠨ ᠤᠷᠤᠯᠳᠤᠭᠠᠨ᠂ ᠰᠦᠯᠵᠢᠶᠡᠨ ᠳᠡᠭᠡᠷᠡᠬᠢ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠦᠵᠡᠭᠦᠯᠭᠡ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠠᠭᠤᠷᠢᠨ ᠢ ᠨᠡᠭᠡᠭᠡᠬᠦ᠂ ᠰᠦᠯᠵᠢᠶᠡᠨ ᠳᠡᠭᠡᠷᠡᠬᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠮᠡᠳᠡᠯᠭᠡ ᠶᠢᠨ ᠰᠡᠳᠦᠪ ᠬᠠᠷᠢᠭᠤᠯᠬᠤ ᠵᠡᠷᠭᠡ ᠣᠯᠠᠨ ᠵᠦᠢᠯ ᠤᠨ ᠠᠵᠢᠯᠯᠠᠭ᠎ᠠ ᠡᠷᠬᠢᠯᠡᠬᠦ ᠪᠠᠷ ᠳᠠᠮᠵᠢᠭᠤᠯᠤᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠢᠭ ᠲᠠᠢ ᠲᠠᠮᠠᠴᠡᠬᠦ ᠶᠠᠪᠤᠴᠠ ᠳᠤ ᠦᠵᠡᠭᠦᠯᠦᠭᠰᠡᠨ ᠴᠢᠬᠤᠯᠠ ᠶᠡᠭᠡ ᠦᠢᠯᠡᠳᠦᠯ᠂ ᠣᠯᠤᠭᠰᠠᠨ ᠰᠢᠷᠢᠰ ᠦᠷ᠎ᠡ ᠪᠦᠲᠦᠭᠡᠯ ᠪᠣᠯᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯ ᠤᠨ ᠦᠢᠯᠡᠳᠪᠦᠷᠢᠯᠡᠯ ᠢ ᠰᠡᠷᠭᠦᠭᠡᠬᠦ ᠵᠡᠷᠭᠡ ᠲᠠᠯ᠎ᠠ ᠳᠠᠬᠢ ᠢᠳᠡᠪᠬᠢᠲᠡᠶ ᠦᠢᠯᠡᠳᠦᠯ ᠢ ᠳᠡᠯᠭᠡᠨ ᠦᠵᠡᠭᠦᠯᠵᠡᠶ᠃ ᠲᠤᠰ ᠠᠵᠢᠯᠯᠠᠭ᠎ᠠ ᠨᠢ ᠣᠯᠠᠨ ᠨᠡᠶᠢᠲᠡ ᠶᠢᠨ ᠰᠢᠨᠵᠢᠯᠡᠬᠦ ᠤᠬᠠᠭᠠᠨ ᠤ ᠳᠤᠷ᠎ᠠ ᠰᠣᠨᠢᠷᠬᠠᠯ ᠢ ᠬᠥᠭᠵᠢᠭᠡᠵᠦ᠂ ᠬᠥᠬᠡᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠵᠢᠯᠯᠠᠭ᠎ᠠ ᠶᠢᠨ ᠲᠤᠬᠠᠢ ᠣᠯᠠᠨ ᠨᠡᠶᠢᠲᠡ ᠶᠢᠨ ᠲᠠᠨᠢᠯᠲᠠ ᠪᠠ ᠣᠶᠢᠯᠠᠭᠠᠯᠲᠠ ᠶᠢ ᠳᠡᠭᠡᠭᠰᠢᠯᠡᠭᠦᠯᠵᠦ᠂ ᠡᠯ᠎ᠡ ᠡᠲᠡᠭᠡᠳ ᠤᠨ ᠬᠢᠨ ᠢ ᠳᠠᠶᠢᠴᠢᠯᠠᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠡᠯ᠎ᠡ ᠵᠦᠢᠯ ᠤᠨ ᠠᠵᠢᠯᠯᠠᠭ᠎ᠠ ᠳᠤ ᠢᠳᠡᠪᠬᠢᠲᠡᠢ ᠣᠷᠣᠯᠴᠠᠭᠤᠯᠬᠤ ᠪᠣᠯᠣᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号