ᠬᠦᠬᠡᠬᠤᠳᠠ ᠳᠤᠮᠳᠠᠳᠤ ᠪᠠᠭ᠎ᠠ ᠰᠤᠷᠭᠠᠭᠤᠯᠢ ᠶᠢᠨ 49425 ᠰᠤᠷᠤᠭᠴᠢ ᠶᠢ ᠢᠯᠡ ᠪᠠᠷ ᠠᠩᠬᠢ ᠬᠤᠪᠢᠶᠠᠪᠠ
ᠨᠡᠶᠢᠲᠡᠯᠡᠭᠰᠡᠨ ᠴᠠᠭ᠄
2020/8/26
     ᠥᠪᠥᠷ ᠮᠣᠩᠭᠤᠯ ᠤᠨ ᠡᠳᠦᠷ ᠤᠨ ᠰᠤᠨᠢᠨ ᠤ ᠮᠡᠳᠡᠭᠡ  ︵ᠰᠤᠷᠪᠤᠯᠵᠢᠯᠠᠭᠴᠢ ᠨᠠᠪᠴᠢ︶ 8 ᠰᠠᠷ᠎ᠠ ᠶᠢᠨ 24  ᠤ ᠡᠳᠦᠷ᠂ 2020 ᠣᠨ ᠤ ᠬᠥᠬᠡᠬᠤᠲᠠ ᠶᠢᠨ ᠠᠯᠪᠠᠨ ᠵᠢᠷᠤᠮ ᠤᠨ ᠰᠤᠷᠭᠠᠨ ᠬᠥᠮᠥᠵᠢᠯ ᠤᠨ ᠱᠠᠲᠤᠨ ᠤ ︽ᠢᠯᠡ ᠪᠠᠷ ᠠᠩᠭᠢ ᠬᠤᠪᠢᠶᠠᠬᠤ︾ ᠠᠬᠤᠶ ᠲᠠᠯᠠᠪᠠᠢ ᠶᠢᠨ ᠬᠤᠷᠠᠯ ᠬᠥᠬᠡᠬᠤᠲᠠ ᠶᠢᠨ ᠰᠣᠷᠣᠭᠴᠢ ᠡᠯᠰᠡᠬᠦ ᠰᠢᠯᠭᠠᠯᠲᠠ ᠶᠢᠨ ᠬᠠᠮᠢᠶᠠᠷᠤᠯᠲᠠ ᠶᠢᠨ ᠲᠥᠪ ᠲᠤ ᠶᠠᠪᠤᠭᠳᠠᠪᠠ᠃ ᠬᠥᠬᠡᠬᠤᠲᠠ ᠶᠢᠨ ᠲᠦᠷᠪᠡᠨ ᠲᠣᠭᠤᠷᠢᠭ ᠤᠨ ᠳᠤᠮᠳᠠᠳᠤ ᠪᠠᠭ᠎ᠠ ᠰᠤᠷᠭᠠᠭᠤᠯᠢ ᠶᠢᠨ 49425 ᠰᠤᠷᠤᠭᠴᠢ ᠶᠢ ᠲᠤᠬᠠᠢ ᠶᠢᠨ ᠲᠠᠯᠠᠪᠠᠢ ᠳᠤ ᠨᠤᠮᠧᠷ ᠰᠤᠩᠭᠤᠬᠤ ᠪᠠᠷ ᠳᠠᠮᠵᠢᠨ᠂ ᠢᠯᠡ ᠪᠠᠷ ᠠᠩᠭᠢ ᠬᠤᠪᠢᠶᠠᠪᠠ᠃ ᠡᠨᠡ ᠨᠢ ᠬᠥᠬᠡᠬᠤᠲᠠ ᠶᠢᠨ ᠠᠯᠪᠠᠨ ᠵᠢᠷᠤᠮ ᠤᠨ ᠰᠤᠷᠭᠠᠨ ᠬᠥᠮᠥᠵᠢᠯ ᠤᠨ ᠱᠠᠲᠤᠨ ᠳᠤ ᠠᠩᠬ᠎ᠠ ᠤᠳᠠᠭ᠎ᠠ ᠢᠯᠡ ᠪᠠᠷ ᠠᠩᠭᠢ ᠬᠤᠪᠢᠶᠠᠵᠤ ᠪᠠᠶᠢᠭ᠎ᠠ ᠶᠠᠪᠤᠳᠠᠯ ᠪᠣᠯᠣᠨ᠎ᠠ᠃      ︽ᠢᠯᠡ ᠪᠠᠷ ᠠᠩᠭᠢ ᠬᠤᠪᠢᠶᠠᠬᠤ︾ ᠳᠤᠬᠠᠢ ᠶᠢᠨ ᠳᠠᠯᠠᠪᠠᠢ ᠳᠤ ᠺᠣᠮᠫᠢᠦ᠋ᠲ᠋ᠧᠷ ᠢᠶᠠᠷ ᠨᠤᠮᠧᠷ ᠰᠤᠩᠭᠤᠨ ᠠᠩᠬᠢ ᠬᠤᠪᠢᠶᠠᠬᠤ ᠳᠠᠭᠠᠨ᠂ ᠺᠣᠮᠫᠢᠦ᠋ᠲ᠋ᠧᠷ ᠠᠴᠠ ᠪᠠᠭᠰᠢ ᠰᠤᠷᠤᠭᠴᠢ ᠨᠢᠭᠡᠪᠦᠷᠢ ᠳᠤ 12 ᠣᠷᠣᠨᠲᠤ ᠲᠣᠭᠠᠨ ᠤ ᠨᠣᠮᠧᠷ ᠥᠭᠭᠦᠨ᠎ᠡ᠂ ᠡᠨᠡ ᠬᠦ ᠳᠤᠷ᠎ᠠ ᠶᠢᠨ ᠨᠣᠮᠧᠷ ᠨᠢ ᠰᠤᠷᠤᠭᠴᠢ ᠪᠠ ᠠᠩᠭᠢ ᠶᠢᠨ ᠡᠷᠬᠢᠯᠡᠭᠴᠢ ᠶᠢᠨ ᠮᠡᠳᠡᠭᠡ ᠵᠠᠩᠭᠢ ᠶᠢ ᠤᠷᠢᠳᠴᠢᠯᠠᠵᠤ ᠮᠡᠳᠡᠵᠦ ᠳᠡᠶᠢᠯᠬᠦ ᠦᠭᠡᠢ ᠮᠥᠷᠲᠡᠭᠡᠨ ᠬᠥᠮᠥᠨ ᠵᠠᠬᠢᠷᠤᠨ ᠡᠵᠡᠮᠳᠡᠵᠦ ᠴᠢᠳᠠᠬᠤ ᠦᠭᠡᠢ ᠶᠤᠮ᠃ ᠡᠨᠡ ᠵᠢᠯ ᠬᠥᠬᠡᠬᠤᠲᠠ ᠶᠢᠨ ᠠᠯᠪᠠᠨ ᠵᠢᠷᠤᠮ ᠤᠨ ᠰᠤᠷᠭᠠᠨ ᠬᠥᠮᠥᠵᠢᠯ ᠤᠨ ᠱᠠᠲᠤᠨ ᠤ ᠡᠬᠢᠯᠡᠯᠲᠡ ᠶᠢᠨ ᠣᠨ ᠳᠤ ᠣᠷᠣᠬᠤ 49425 ᠰᠤᠷᠤᠭᠴᠢ ᠶᠢ ᠨᠡᠶᠢᠲᠡ 1053 ᠠᠩᠭᠢ ᠬᠤᠪᠢᠶᠠᠵᠤ᠂ ᠠᠩᠭᠢ ᠬᠤᠪᠢᠶᠠᠬᠤ ᠳᠤ ᠤᠷᠤᠯᠴᠠᠭᠰᠠᠨ ᠠᠩᠭᠢ ᠶᠢᠨ ᠡᠷᠬᠢᠯᠡᠭᠴᠢ ᠨᠡᠶᠢᠲᠡ 1042 ᠬᠥᠮᠦᠨ ᠪᠠᠶᠢᠪᠠ᠃ ᠡᠭᠦᠨ ᠳᠤ ᠪᠠᠭ᠎ᠠ ᠰᠤᠷᠭᠠᠭᠤᠯᠢ ᠶᠢᠨ ᠨᠢᠭᠡᠳᠦᠭᠡᠷ ᠣᠨ ᠤ ᠰᠤᠷᠤᠭᠴᠢ 26394ᠪᠠᠶᠢᠵᠤ᠂ 583 ᠠᠩᠭᠢ ᠬᠤᠪᠢᠶᠠᠵᠤ᠂ ᠪᠠᠭ᠎ᠠ ᠰᠤᠷᠭᠠᠭᠤᠯᠢ ᠶᠢᠨ ᠠᠩᠭᠢ ᠶᠢᠨ ᠡᠷᠬᠢᠯᠡᠭᠴᠢ 572 ᠪᠠᠶᠢᠪᠠ︔ ᠠᠩᠬ᠎ᠠ ᠵᠡᠷᠬᠡ ᠶᠢᠨ ᠳᠤᠮᠳᠠᠳᠤ ᠰᠤᠷᠭᠠᠭᠤᠯᠢ ᠶᠢᠨ ᠨᠢᠬᠡᠳᠦᠬᠡᠷ ᠤᠨ ᠤ ᠰᠤᠷᠤᠭᠴᠢ 23031 ᠪᠠᠶᠢᠵᠤ᠂ 470 ᠠᠩᠬᠢ ᠬᠤᠪᠢᠶᠠᠵᠤ᠂ ᠠᠩᠬᠢ ᠶᠢᠨ ᠡᠷᠬᠢᠯᠡᠭᠴᠢ 470 ᠪᠠᠶᠢᠪᠠ᠃      ᠡᠨᠡ ᠵᠢᠯ ᠬᠥᠬᠡᠬᠤᠲᠠ ᠶᠢᠨ ᠡᠯ᠎ᠡ ᠬᠤᠰᠢᠭᠤ ᠰᠢᠶᠠᠨ ᠲᠣᠭᠤᠷᠢᠭ ᠤᠨ ᠰᠤᠷᠭᠠᠨ ᠬᠥᠮᠥᠵᠢᠯ ᠤᠨ ᠲᠣᠪᠴᠢᠶ᠎ᠠ ᠰᠤᠷᠭᠠᠭᠤᠯᠢ ᠪᠠᠷ ᠨᠢᠭᠡᠴᠢ ᠪᠣᠯᠭᠠᠨ ᠰᠢᠨ᠎ᠡ ᠰᠤᠷᠤᠭᠴᠢᠳ ᠤᠨ ᠨᠡᠷ᠎ᠡ ᠶᠢ ᠠᠩᠭᠢ ᠬᠤᠪᠢᠶᠠᠬᠤ ᠵᠥᠭᠡᠯᠡᠨ ᠲᠣᠨᠤᠭ ᠤᠨ ᠰᠢᠰᠲ᠋ᠧᠮ ᠳᠤ ᠣᠷᠣᠭᠤᠯᠤᠨ ︽ᠢᠯᠡ ᠪᠠᠷ ᠠᠩᠭᠢ ᠬᠤᠪᠢᠶᠠᠬᠤ︾ ᠠᠵᠢᠯᠯᠠᠭ᠎ᠠ ᠪᠤᠯᠵᠡᠢ︔ ᠡᠯ᠎ᠡ ᠰᠤᠷᠭᠠᠭᠤᠯᠢ ᠰᠤᠷᠤᠭᠴᠢ ᠡᠯᠰᠡᠬᠦ ᠲᠥᠯᠥᠪᠯᠡᠭᠡ ᠪᠣᠯᠤᠨ ᠰᠤᠷᠭᠠᠭᠤᠯᠢ ᠶᠢᠨ ᠪᠣᠳᠠᠲᠠᠶ ᠡᠯᠰᠡᠬᠦ ᠰᠤᠷᠤᠭᠴᠢ ᠶᠢᠨ ᠲᠤᠭ᠎ᠠ ᠶᠢ ᠦᠨᠳᠦᠰᠦᠯᠡᠨ᠂ ᠠᠩᠭᠢ ᠶᠢᠨ ᠲᠤᠭ᠎ᠠ ᠪᠠ ᠨᠢᠬᠡ ᠠᠩᠬᠢ ᠶᠢᠨ ᠰᠤᠷᠤᠭᠴᠢ ᠶᠢᠨ ᠲᠤᠭ᠎ᠠ ᠵᠢᠴᠢ ᠠᠩᠭᠢ ᠶᠢᠨ ᠡᠷᠬᠢᠯᠡᠭᠴᠢ ᠪᠠᠨ ᠳᠤᠭᠳᠠᠭᠠᠨ᠂ ᠳᠠᠬᠢᠨ ︽ᠲᠡᠩᠴᠡᠭᠦᠷᠢᠲᠡᠶ ᠲᠣᠬᠢᠷᠠᠭᠤᠯᠬᠤ᠂ ᠪᠦᠲᠦᠴᠡ ᠨᠢ ᠵᠣᠬᠢᠰᠲᠠᠶ︾ ᠵᠠᠷᠴᠢᠮ ᠶᠣᠰᠣᠭᠠᠷ᠂ ᠠᠩᠭᠢ ᠶᠢᠨ ᠡᠷᠬᠢᠯᠡᠭᠴᠢ ᠲᠠᠢ ᠬᠠᠮᠵᠢᠯᠴᠠᠭᠰᠠᠨ ᠡᠯ᠎ᠡ ᠬᠢᠴᠢᠶᠡᠯ ᠲᠥᠷᠥᠯ ᠤᠨ ᠪᠠᠭᠰᠢ ᠶᠢ ᠲᠣᠭᠲᠠᠭᠠᠵᠤ᠂ ᠠᠩᠭᠢ ᠶᠢᠨ ᠡᠷᠬᠢᠯᠡᠭᠴᠢ ᠶᠢᠨ ᠨᠡᠷᠡᠰ ᠢ ︽ᠢᠯᠡ ᠪᠠᠷ ᠠᠩᠭᠢ ᠬᠤᠪᠢᠶᠠᠬᠤ︾ ᠵᠥᠭᠡᠯᠡᠨ ᠲᠣᠨᠤᠭ ᠤᠨ ᠲᠠᠪᠴᠠᠩ ᠳᠤ ᠳᠠᠮᠵᠢᠭᠤᠯᠤᠨ᠎ᠠ︔ ︽ᠢᠯᠡ ᠪᠠᠷ ᠠᠩᠭᠢ ᠬᠤᠪᠢᠶᠠᠬᠤ︾ ᠲᠤᠬᠠᠢ ᠶᠢᠨ ᠲᠠᠯᠠᠪᠠᠶ ᠳᠤ ᠪᠥᠬᠦ ᠰᠢᠨ᠎ᠡ ᠰᠤᠷᠤᠭᠴᠢᠳ ᠢ ᠺᠤᠮᠫᠢᠦ᠋ᠲ᠋ᠧᠷ ᠢᠶᠠᠷ ᠰᠤᠩᠭᠤᠨ ᠠᠩᠭᠢ ᠬᠤᠪᠢᠶᠠᠬᠤ ᠶᠢᠨ ᠬᠠᠮᠲᠤ ᠠᠩᠭᠢ ᠶᠢᠨ ᠡᠷᠬᠢᠯᠡᠭᠴᠢ ᠶᠢ ᠴᠤ ᠺᠤᠮᠫᠢᠦ᠋ᠲ᠋ᠧᠷ ᠢᠶᠠᠷ ᠰᠤᠩᠭᠤᠨ ᠲᠣᠭᠲᠠᠭᠠᠨ᠎ᠠ᠃ ᠰᠤᠷᠭᠠᠭᠤᠯᠢ ᠡᠬᠢᠯᠡᠬᠦ ᠠᠴᠠ ᠡᠮᠦᠨ᠎ᠡ ᠡᠯ᠎ᠡ ᠰᠤᠷᠭᠠᠭᠤᠯᠢ ᠨᠢ ᠰᠤᠷᠭᠠᠭᠤᠯᠢ ᠶᠢᠨ ᠬᠦᠷᠢᠶᠡᠨ ᠤ ᠢᠯᠡ ᠪᠠᠶᠢᠷᠢᠨ ᠳᠤ ᠠᠩᠭᠢ ᠬᠤᠪᠢᠶᠠᠭᠰᠠᠨ ᠦᠷ᠎ᠡ ᠳ᠋ᠦᠩ ᠢ ᠵᠠᠷᠯᠠᠨ ᠨᠡᠶᠢᠲᠡᠯᠡᠨ᠎ᠡ᠃ ︽ᠢᠯᠡ ᠪᠠᠷ ᠠᠩᠭᠢ ᠬᠤᠪᠢᠶᠠᠭᠰᠠᠨ︾ ᠦᠷ᠎ᠡ ᠳ᠋ᠦᠩ ᠢ 24 ᠤ 20 ᠴᠠᠭ ᠲᠤ ᠬᠥᠬᠡᠬᠤᠲᠠ ᠶᠢᠨ ᠰᠣᠷᠣᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ ᠳᠤ ᠨᠡᠶᠢᠳᠡᠯᠡᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号