ᠮᠠᠨ ᠤ ᠤᠷᠤᠨ ᠤ 3 ᠶᠡᠭᠡ ᠳᠡᠬᠡᠳᠤ ᠰᠤᠷᠭᠠᠭᠤᠯᠢ ᠪᠦᠬᠦ ᠤᠯᠤᠰ ᠤᠨ ᠵᠠᠭᠤᠨ ᠬᠦᠴᠦᠷᠬᠡᠭ ᠲᠤ ᠵᠢᠭᠰᠠᠭᠠᠭᠳᠠᠪᠠ
ᠨᠡᠶᠢᠲᠡᠯᠡᠭᠰᠡᠨ ᠴᠠᠭ᠄
2020/8/26
     ᠥᠪᠥᠷ ᠮᠣᠩᠭᠤᠯ ᠤᠨ ᠡᠳᠦᠷ ᠤᠨ ᠰᠤᠨᠢᠨ ᠤ ᠮᠡᠳᠡᠭᠡ ︵ᠰᠤᠷᠪᠤᠯᠵᠢᠯᠠᠭᠴᠢ ᠨᠠᠪᠴᠢ︶ 2019 ᠣᠨ ᠤ ᠳᠤᠮᠳᠠᠳᠤ ᠤᠯᠤᠰ ᠤᠨ ᠡᠮᠨᠡᠯᠬᠡ ᠶᠢᠨ ᠬᠤᠷᠢᠶ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢ ᠪᠠ 2019 ᠣᠨ ᠤ ᠳᠤᠮᠳᠠᠳᠤ ᠤᠯᠤᠰ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢ ᠶᠢᠨ ᠦᠨᠡᠯᠡᠯᠲᠡ ᠶᠢᠨ ᠳ᠋ᠦᠩ ᠢ ᠲᠦᠷᠦᠭᠦᠬᠡᠨ ᠪᠡᠭᠡᠵᠢᠩ ᠳᠤ ᠨᠡᠶᠢᠲᠡᠯᠡᠪᠡ᠃      ᠦᠪᠦᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ᠂ ᠦᠪᠦᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ ᠰᠤᠷᠭᠠᠭᠤᠯᠢ ᠶᠢᠨ ᠪᠤᠭᠤᠳᠤ ᠶᠢᠨ ᠡᠮᠨᠡᠯᠬᠡ ᠶᠢᠨ ᠳᠡᠬᠡᠳᠤ ᠰᠤᠷᠭᠠᠭᠤᠯᠢ᠂ ᠦᠪᠦᠷ ᠮᠣᠩᠭᠤᠯ ᠤᠨ ᠦᠨᠳᠦᠰᠦᠳᠡᠨ ᠤ ᠶᠡᠭᠡ ᠰᠤᠷᠭᠠᠭᠤᠯᠢ ᠵᠡᠷᠬᠡ ᠮᠠᠨ ᠤ ᠤᠷᠤᠨ ᠤ ᠭᠤᠷᠪᠠᠨ ᠶᠡᠭᠡ ᠳᠡᠬᠡᠳᠤ ᠰᠤᠷᠭᠠᠭᠤᠯᠢ ᠪᠦᠬᠦ ᠤᠯᠤᠰ ᠤᠨ ᠠᠨᠠᠭᠠᠬᠤ ᠤᠬᠠᠭᠠᠨ ᠤ ᠶᠡᠭᠡ ᠳᠡᠬᠡᠳᠤ ᠰᠤᠷᠭᠠᠭᠤᠯᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢ ᠶᠢᠨ ᠵᠠᠭᠤᠨ ᠬᠦᠴᠦᠷᠬᠡᠭ ᠶᠡᠭᠡ ᠳᠡᠬᠡᠳᠤ ᠰᠤᠷᠭᠠᠭᠤᠯᠢ ᠶᠢᠨ ᠨᠡᠷᠡᠰ ᠤᠨ ᠵᠢᠭᠰᠠᠭᠠᠯᠲᠠ ᠳᠤ ᠵᠢᠭᠰᠠᠭᠠᠭᠳᠠᠵᠠᠢ᠃ 2019 ᠣᠨ ᠤ ᠳᠤᠮᠳᠠᠳᠤ ᠤᠯᠤᠰ ᠤᠨ ᠠᠨᠠᠭᠠᠬᠤ ᠤᠬᠠᠭᠠᠨ ᠤ ᠶᠡᠭᠡ ᠳᠡᠬᠡᠳᠤ ᠰᠤᠷᠭᠠᠭᠤᠯᠢ ᠳᠤ ᠪᠦᠬᠦ ᠤᠯᠤᠰ ᠤᠨ 107 ᠠᠨᠠᠭᠠᠬᠤ ᠤᠬᠠᠭᠠᠨ ᠤ ᠶᠡᠭᠡ ᠳᠡᠬᠡᠳᠤ ᠰᠤᠷᠭᠠᠭᠤᠯᠢ ᠪᠠ ᠡᠮᠨᠡᠯᠬᠡ ᠶᠢᠨ ᠤᠬᠠᠭᠠᠨ ᠤ ᠬᠢᠴᠢᠶᠡᠯ ᠲᠦᠷᠦᠯ ᠲᠣᠬᠢᠷᠠᠭᠤᠯᠵᠤ ᠪᠠᠶᠢᠭ᠎ᠠ ᠶᠡᠷᠦᠩᠬᠡᠶᠢᠯᠡᠭᠰᠡᠨ ᠶᠡᠭᠡ ᠰᠤᠷᠭᠠᠭᠤᠯᠢ ︵ᠴᠡᠷᠢᠭ ᠠᠩᠬᠢ ᠶᠢᠨ ᠡᠮᠨᠡᠯᠬᠡ ᠶᠢᠨ ᠳᠡᠬᠡᠳᠤ ᠰᠤᠷᠭᠠᠭᠤᠯᠢ ᠶᠢ ᠪᠠᠭᠳᠠᠭᠠᠬᠤ ᠦᠬᠡᠢ︶ ᠶᠢ ᠬᠠᠮᠤᠷᠤᠭᠰᠠᠨ ᠪᠠᠶᠢᠨ᠎ᠠ᠃      ᠳᠤᠮᠳᠠᠳᠤ ᠤᠯᠤᠰ ᠤᠨ ᠠᠨᠠᠭᠠᠬᠤ ᠤᠬᠠᠭᠠᠨ ᠤ ᠰᠢᠨᠵᠢᠯᠡᠬᠦ ᠤᠬᠠᠭᠠᠨ ᠤ ᠬᠦᠷᠢᠶᠡᠯᠡᠩ 2014 ᠣᠨ ᠪᠠ 2019 ᠣᠨ ᠠᠴᠠ ᠡᠬᠢᠯᠡᠨ ᠳᠤᠮᠳᠠᠳᠤ ᠤᠯᠤᠰ ᠤᠨ ᠡᠮᠨᠡᠯᠭᠡ ᠶᠢᠨ ᠬᠤᠷᠢᠶ᠎ᠠ ᠨᠤᠭᠤᠳ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢ ᠪᠠ ᠳᠤᠮᠳᠠᠳᠤ ᠤᠯᠤᠰ ᠤᠨ ᠠᠨᠠᠭᠠᠬᠤ ᠤᠬᠠᠭᠠᠨ ᠤ ᠶᠡᠭᠡ ᠳᠡᠬᠡᠳᠤ ᠰᠤᠷᠭᠠᠭᠤᠯᠢ ᠨᠤᠭᠤᠳ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢ ᠳᠤ ᠦᠨᠡᠯᠡᠯᠳᠡ ᠬᠢᠬᠦ ᠪᠤᠯᠪᠠ᠃ ᠳᠤᠰ ᠦᠨᠡᠯᠡᠯᠲᠡ ᠨᠢ ᠰᠢᠨᠵᠢᠯᠡᠬᠦ ᠤᠬᠠᠭᠠᠨᠴᠢ᠂ ᠪᠤᠰᠤᠳᠴᠢ᠂ ᠲᠦᠪ ᠭᠤᠣᠯᠴᠢ ᠴᠢᠳᠠᠪᠤᠷᠢ ᠶᠢ ᠪᠠᠷᠢᠮᠳᠠᠯᠠᠨ᠂ ᠦᠷᠬᠡᠨ ᠳᠡᠯᠬᠡᠷ ᠢᠳᠡᠬᠡᠯ ᠬᠦᠨᠳᠤ ᠲᠠᠢ ᠡᠮᠨᠡᠯᠬᠡ ᠶᠢᠨ ᠬᠤᠷᠢᠶ᠎ᠠ ᠪᠠ ᠠᠨᠠᠭᠠᠬᠤ ᠤᠬᠠᠭᠠᠨ ᠤ ᠶᠡᠭᠡ ᠳᠡᠬᠡᠳᠤ ᠰᠤᠷᠭᠠᠭᠤᠯᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢ ᠶᠢ ᠦᠨᠡᠯᠡᠬᠦ ᠰᠢᠰᠲ᠋ᠧᠮ ᠢ ᠪᠦᠷᠢᠯᠳᠦᠬᠦᠯᠵᠦ᠂ ᠤᠯᠤᠰ ᠤᠨ ᠪᠠ ᠤᠷᠤᠨ ᠨᠤᠲᠤᠭ ᠤᠨ ᠠᠨᠠᠭᠠᠬᠤ ᠤᠬᠠᠭᠠᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠭᠵᠢᠯᠳᠡ᠂ ᠰᠢᠨᠵᠢᠯᠡᠬᠡᠨ ᠤ  ᠰᠠᠯᠪᠤᠷᠢ ᠶᠢᠨ ᠪᠦᠲᠦᠭᠡᠨ ᠪᠠᠶᠢᠭᠤᠯᠤᠯᠲᠠ ᠪᠠ ᠡᠬᠢ ᠪᠠᠶᠠᠯᠢᠭ ᠤᠨ ᠳᠤᠬᠢᠷᠠᠭᠤᠯᠤᠯᠳᠠ ᠳᠤ ᠴᠢᠬᠤᠯᠠ ᠪᠠᠷᠢᠮᠲᠠ ᠬᠠᠩᠭᠠᠵᠤ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号