ᠵᠣᠴᠢᠨ᠄ ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶᠠᠨ ᠤ ᠳᠡᠳ᠋ ᠳᠤᠪᠴᠢᠶᠠᠨ ᠳᠠᠷᠤᠭ᠎ᠠ ᠯᠢ ᠳ᠋ᠦᠩ᠂ ᠲᠠᠷᠢᠶᠠᠯᠠᠩ ᠮᠠᠯ ᠠᠵᠤ ᠠᠬᠤᠶ ᠶᠢᠨ | ᠰᠠᠯᠠᠭᠠᠨ ᠤ ᠰᠠᠯᠠᠭᠠᠨ ᠳᠠᠷᠤᠭ᠎ᠠ ᠵᠠᠩ ᠸᠧᠶ ᠳ᠋ᠦᠩ᠂ ᠠᠯᠪᠠᠨ ᠬᠡᠷ ᠤᠨ ᠳᠡᠳ᠋ ᠡᠷᠬᠢᠯᠡᠭᠴᠢ ᠵᠣᠣ ᠶᠠ ᠷᠦ᠋ | 1.ᠬᠠᠮᠢᠶᠠᠷᠤᠭᠴᠢ᠄ | ᠲᠤᠰ ᠤᠳᠠᠭᠠᠨ ᠤ ᠰᠤᠷᠪᠤᠯᠵᠢᠯᠠᠭ᠎ᠠ ᠪᠣᠯ ᠬᠥᠬᠡᠬᠤᠲᠠ ᠶᠢᠨ ᠵᠠᠰᠠᠭ ᠤᠨ ᠣᠷᠳᠣᠨ ᠤ ᠰᠦᠯᠵᠢᠶ᠎ᠡ ᠪᠣᠯᠤᠨ ᠬᠦᠬᠡᠬᠤᠲᠠ ᠶᠢᠨ ᠷᠠᠳᠢᠣ᠋ | ᠲᠧᠯᠸᠢᠰ ᠬᠤᠷᠢᠶ᠎ᠠ ᠶᠢᠨ ᠤᠳᠬ᠎ᠠ ᠤᠷᠠᠯᠢᠭ ᠤᠨ ᠷᠠᠳᠢᠣ᠋ ᠨᠡᠪᠲᠡᠷᠡᠭᠦᠯᠭᠡ ᠶᠢᠨ ᠬᠠᠮᠲᠤᠷᠠᠭᠰᠠᠨ ᠲᠤᠰᠬᠠᠶ ᠰᠤᠷᠪᠤᠯᠵᠢᠯᠠᠭ᠎ᠠ ᠪᠣᠯᠤᠨ᠎ᠠ᠃ ᠰᠦᠯᠵᠢᠶᠡᠨ ᠠᠨᠳᠠ ᠨᠠᠷ | ᠰᠦᠯᠵᠢᠶᠡᠨ ᠳᠡᠭᠡᠷ᠎ᠡ ᠦᠭᠡ ᠦᠯᠡᠳᠡᠭᠡᠵᠦ ᠡᠷᠬᠢᠮ ᠵᠣᠴᠢᠳ ᠲᠠᠢ ᠵᠤᠭᠤᠭᠳᠠᠵᠤ ᠪᠤᠯᠤᠨ᠎ᠠ᠂ ᠰᠦᠯᠵᠢᠶᠡᠨ ᠠᠨᠳᠠ ᠨᠠᠷ ᠤᠨ ᠢᠳᠡᠪᠬᠢᠲᠡᠶ ᠣᠷᠣᠯᠴᠠᠬᠤ ᠶᠢ | ᠪᠠᠶᠠᠷᠯᠠᠨ ᠤᠭᠲᠤᠵᠤ ᠪᠠᠶᠢᠨ᠎ᠠ᠃ | 2. ᠬᠦᠳᠦᠯᠦᠭᠴᠢ | ᠠᠷᠠᠳ ᠲᠦᠮᠡᠨ ᠢ ᠳᠠᠭᠠᠭᠤᠯᠤᠨ ᠤᠳᠠᠭᠠᠨ ᠣᠨ ᠤ ᠶᠠᠳᠠᠭᠤ ᠬᠦᠴᠢᠷᠳᠡᠯ ᠠᠴᠠ ᠠᠩᠭᠢᠵᠢᠷᠠᠵᠤ᠂ ᠪᠦᠬᠦ ᠲᠠᠯ᠎ᠠ ᠪᠠᠷ ᠴᠢᠨᠡᠭᠡᠯᠢᠭᠵᠢᠬᠦ ᠵᠣᠯ ᠵᠢᠷᠭᠠᠯᠲᠤ | ᠠᠮᠢᠳᠤᠷᠠᠯ ᠤᠨ ᠬᠠᠷᠠᠯᠲᠠ ᠶᠢ ᠪᠡᠶᠡᠯᠡᠭᠦᠯᠬᠦ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠠᠳ ᠲᠦᠮᠡᠨ ᠳᠤ ᠠᠮᠠᠯᠠᠭᠰᠠᠨ ᠲᠥᠪ ᠴᠢᠩᠭ᠎ᠠ ᠠᠮᠠᠯᠠᠯᠲᠠ | ᠮᠥᠨ᠃ 2020 ᠣᠨ ᠳᠤ ᠮᠠᠨ ᠤ ᠤᠯᠤᠰ ᠤᠨ ᠣᠳᠣ ᠶᠢᠨ ᠬᠡᠷᠡᠭᠵᠢᠭᠦᠯᠵᠦ ᠪᠠᠶᠢᠭ᠎ᠠ ᠪᠠᠷᠢᠮᠵᠢᠶ᠎ᠠ ᠲᠤᠤᠷᠠᠬᠢ ᠬᠥᠳᠡᠭᠡ ᠲᠤᠰᠬᠤᠨ ᠤ ᠶᠠᠳᠠᠭᠤ ᠬᠦᠴᠢᠷᠳᠡᠯᠲᠡᠢ | ᠬᠥᠮᠦᠨ ᠠᠮᠠ ᠶᠢ ᠶᠠᠳᠠᠭᠤ ᠠᠴᠠ ᠠᠩᠭᠢᠵᠢᠷᠠᠭᠤᠯᠵᠤ᠂ ᠶᠠᠳᠠᠭᠤ ᠬᠦᠴᠢᠷᠳᠡᠯᠲᠡᠢ ᠬᠤᠰᠢᠭᠤ ᠰᠢᠶᠠᠨ ᠢ ᠪᠦᠬᠦᠨ ᠢ ᠶᠠᠳᠠᠭᠤ ᠠᠴᠠ ᠠᠩᠭᠢᠵᠢᠷᠠᠭᠤᠯᠵᠤ᠂ ᠣᠷᠣᠨ | ᠪᠦᠰᠡ ᠶᠢᠨ ᠴᠢᠨᠠᠷᠳᠠᠢ ᠪᠦᠬᠦᠯᠢ ᠴᠣᠭᠴᠠ ᠶᠢᠨ ᠶᠠᠳᠠᠭᠤ ᠬᠦᠴᠢᠷᠳᠡᠯ ᠢ ᠰᠢᠢᠳᠪᠦᠷᠢᠯᠡᠬᠦ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠨᠠᠭᠠᠳᠤ | ᠵᠠᠬ᠎ᠠ ᠶᠢᠨ ᠡᠭᠦᠷᠭᠡ ᠮᠥᠨ᠂ ᠶᠡᠷᠦᠩᠬᠡᠢ ᠱᠦᠵᠢ ᠰᠢ ᠶᠢᠨ ᠫᠢᠩ ᠤᠨ ᠬᠠᠮᠤᠭ ᠠᠴᠠ ᠰᠠᠨᠠᠭᠠᠰᠢᠷᠠᠵᠤ ᠪᠠᠶᠢᠭ᠎ᠠ ᠲᠡᠷᠢᠭᠦᠨ ᠴᠢᠬᠤᠯᠠ ᠶᠠᠪᠤᠳᠠᠯ ᠮᠥᠨ᠃ | ᠣᠳᠣᠬᠠᠨ ᠳᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠨᠢ ᠨᠢᠭᠡᠨᠲᠡ ᠪᠠᠬᠢᠯᠡᠯᠲᠡ ᠳᠠᠭᠠᠷᠢᠬᠤ᠂ ᠡᠴᠦᠰ ᠤᠨ ᠢᠯᠠᠯᠲᠠ ᠶᠢ | ᠣᠯᠬᠤ ᠵᠠᠩᠭᠢᠯᠠᠭ᠎ᠠ ᠶᠢᠨ ᠴᠠᠭ ᠲᠠᠭᠠᠨ ᠤᠷᠤᠭᠠᠳ ᠪᠤᠢ᠂ ᠲᠡᠭᠡᠪᠡᠯ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠡᠳ᠋ ᠤᠨ ᠵᠠᠰᠠᠭ ᠤᠨ ᠡᠭᠦᠷᠭᠡ | ᠴᠢᠳᠠᠪᠬᠢ ᠶᠢᠨ ᠦᠢᠯᠡᠳᠦᠯ ᠢᠶᠠᠨ ᠬᠡᠷᠬᠢᠨ ᠪᠠᠳᠠᠷᠠᠭᠤᠯᠵᠤ᠂ ᠲᠥᠪ᠂ ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ ᠨᠠᠮ ᠤᠨ ᠬᠤᠷᠢᠶ᠎ᠠ ᠬᠤᠲᠠ ᠶᠢᠨ ᠵᠠᠰᠠᠭ | ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠬᠤᠲᠠ ᠶᠢᠨ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠲᠦ ᠳᠠᠢᠯᠠᠯᠳᠤᠭᠠᠨ ᠳᠤ ᠬᠦᠴᠦᠨ ᠨᠡᠮᠡᠷᠢᠯᠡᠭᠰᠡᠨ ᠪᠤᠢ︖ | 3. ᠬᠦᠳᠦᠯᠦᠭᠴᠢ | ᠡᠨᠡ ᠵᠢᠯ ᠥᠪᠥᠷ ᠮᠣᠩᠭᠤᠯ ᠪᠦᠬᠦ ᠣᠷᠣᠨ ᠤ 57 ᠶᠠᠳᠠᠭᠤ ᠬᠦᠴᠢᠷᠳᠡᠯᠲᠡᠢ ᠬᠤᠰᠢᠭᠤ ᠰᠢᠶᠠᠨ ᠨᠢᠬᠡᠨᠲᠡ ᠪᠦᠬᠦᠨ ᠢᠶᠠᠷ ᠢᠶᠠᠨ ᠶᠠᠳᠠᠭᠤ ᠠᠴᠠ | ᠠᠩᠭᠢᠵᠢᠷᠠᠪᠠ ᠭᠡᠵᠦ ᠨᠡᠶᠢᠳᠡᠯᠡᠯ᠎ᠡ᠃ ᠲᠡᠭᠡᠪᠡᠯ ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠮᠠᠨ ᠤ ᠬᠤᠲᠠ ᠶᠢᠨ ᠶᠠᠳᠠᠭᠤ ᠠᠴᠠ ᠠᠩᠬᠢᠵᠢᠷᠠᠭᠤᠯᠬᠤ | ᠰᠢᠢᠳᠪᠦᠷᠢᠳᠦ ᠳᠠᠶᠢᠯᠠᠯᠳᠤᠭᠠᠨ ᠤ ᠰᠢᠢᠳᠪᠦᠷᠢᠲᠦ ᠢᠯᠠᠯᠲᠠ ᠶᠢ ᠤᠯᠬᠤ ᠶᠢ ᠠᠬᠢᠭᠤᠯᠬᠤ ᠶᠠᠪᠤᠴᠠ ᠳᠤ ᠶᠠᠮᠠᠷ ᠶᠠᠮᠠᠷ ᠬᠤᠪᠢ ᠨᠡᠮᠡᠷᠢ ᠦᠵᠡᠭᠦᠯᠦᠭᠰᠡᠨ ᠪᠣᠶ︖ | ᠶᠠᠮᠠᠷ ᠶᠠᠮᠠᠷ ᠪᠦᠲᠦᠮᠵᠢᠲᠡᠶ ᠠᠷᠭ᠎ᠠ ᠬᠡᠮᠵᠢᠶ᠎ᠡ ᠠᠪᠬᠤ ᠪᠠᠷ ᠳᠠᠮᠵᠢᠭᠤᠯᠤᠨ 2019 ᠣᠨ ᠤ ᠪᠥᠬᠦ ᠣᠷᠣᠨ ᠤ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ | ᠰᠢᠪᠲᠤᠯᠤᠯᠲᠠ ᠶᠢᠨ ᠦᠷ᠎ᠡ ᠪᠦᠲᠦᠮᠵᠢ ᠶᠢᠨ ᠬᠢᠨᠠᠨ ᠰᠢᠯᠭᠠᠯᠲᠠ ᠳᠤ ᠭᠤᠷᠪᠠᠳᠤᠭᠠᠷ ᠲᠤ ᠵᠢᠭᠰᠠᠭᠠᠭᠳᠠᠵᠤ᠂ ᠪᠥᠬᠦ ᠬᠤᠲᠠ ᠶᠢᠨ 17 ᠠᠬᠢᠭᠤᠯᠬᠤ | ᠳᠤᠭᠤᠶᠢᠯᠠᠩ ᠤᠨ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠤᠯᠲᠠ ᠶᠢᠨ ᠦᠷ᠎ᠡ ᠪᠦᠲᠦᠮᠵᠢ ᠶᠢᠨ ᠬᠢᠨᠠᠨ ᠰᠢᠯᠭᠠᠯᠲᠠ ᠳᠤ ᠨᠢᠭᠡᠳᠦᠭᠡᠷ ᠲᠤ | ᠵᠢᠭᠰᠠᠭᠠᠭᠳᠠᠭᠰᠠᠨ ᠰᠠᠶᠢᠨ ᠬᠢᠷᠢ ᠪᠦᠲᠦᠮᠵᠢ ᠣᠯᠤᠭᠰᠠᠨ ᠪᠣᠢ︖ | 4.ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠳᠡᠳ᠋ ᠳᠠᠷᠤᠭ᠎ᠠ ᠯᠢ ᠳ᠋ᠦᠩ | | | | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠵᠠᠪᠠᠯ ᠣᠯᠵᠤ᠂ ᠶᠠᠳᠠᠭᠤ ᠬᠦᠴᠢᠷᠳᠡᠯᠲᠡᠶ ᠭᠠᠵᠠᠷ ᠣᠷᠣᠨ ᠪᠠ | ᠶᠠᠳᠠᠭᠤ ᠬᠦᠴᠢᠷᠳᠡᠯᠲᠡᠶ ᠬᠥᠮᠦᠨ ᠠᠮᠠ ᠶᠢ ᠪᠦᠬᠦᠨ ᠢ ᠲᠣᠭᠲᠠᠭᠰᠠᠨ ᠬᠤᠭᠤᠴᠠᠭᠠᠨ ᠳᠤ ᠶᠠᠳᠠᠭᠤ ᠠᠴᠠ ᠠᠩᠭᠢᠵᠢᠷᠠᠭᠤᠯᠬᠤ ᠶᠢ ᠪᠠᠳᠤᠯᠠᠬᠤ ᠪᠣᠯ ᠰᠢ ᠶᠢᠨ ᠫᠢᠩ | ᠨᠥᠬᠦᠷ ᠢᠶᠠᠷ ᠭᠤᠣᠯ ᠪᠤᠯᠭᠠᠭᠰᠠᠨ ᠨᠠᠮ ᠤᠨ ᠲᠥᠪ ᠬᠤᠷᠢᠶ᠎ᠠ ᠠᠴᠠ ᠪᠦᠬᠦ ᠤᠯᠤᠰ ᠤᠨ ᠠᠷᠠᠳ ᠲᠦᠮᠡᠨ ᠳᠤ ᠠᠮᠠᠯᠠᠭᠰᠠᠨᠲ᠋ᠥ᠋ᠪ ᠴᠢᠩᠭ᠎ᠠ ᠠᠮᠠᠯᠠᠯᠲᠠ ᠮᠥᠨ᠂ | ᠮᠦᠨ ᠴᠤ ᠮᠠᠨ ᠤ ᠣᠳᠣᠬᠠᠨ ᠤ ᠬᠠᠮᠤᠭ ᠤᠨ ᠴᠢᠬᠤᠯᠠ ᠤᠯᠤᠰ ᠲᠦᠷᠦ ᠶᠢᠨ ᠡᠭᠦᠷᠭᠡ ᠮᠥᠨ᠃ 2019 ᠣᠨ ᠤ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ ᠠᠵᠢᠯ ᠤᠨ ᠳᠤᠮᠳᠠ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠲᠥᠪ᠂ ᠥᠪᠡᠷᠲᠡᠭᠡᠨ ᠵᠠᠰᠠᠬᠤ ᠣᠷᠣᠨ ᠪᠣᠯᠤᠨ ᠬᠤᠲᠠ ᠶᠢᠨ | ᠨᠠᠮ ᠤᠨ ᠬᠤᠷᠢᠶ᠎ᠠ ᠵᠠᠰᠠᠭ ᠤᠨ ᠣᠷᠳᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠬᠤ ᠡᠯ᠎ᠡ | ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠲᠠᠢ ᠨᠢᠭᠲᠠ ᠤᠶᠠᠯᠳᠤᠭᠤᠯᠤᠨ᠂ ᠮᠠᠨ ᠤ ᠬᠤᠲᠠ ᠶᠢᠨ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠠᠯᠠᠭ᠎ᠠ ᠮᠥᠴᠢᠷ ᠤᠨ ᠡᠭᠦᠷᠭᠡ | ᠴᠢᠳᠠᠪᠬᠢ ᠡᠭᠦᠷᠭᠡ ᠬᠠᠷᠢᠭᠤᠴᠠᠯᠭ᠎ᠠ ᠳᠤ ᠰᠠᠭᠤᠷᠢᠯᠠᠵᠤ᠂ ᠡᠭᠦᠷᠭᠡ ᠶᠢ ᠠᠬᠢᠭᠤᠯᠬᠤ ᠶᠢ ᠴᠢᠩᠭ᠎ᠠ ᠠᠩᠬᠠᠷᠴᠤ᠂ ︽4 ᠲᠠᠯ᠎ᠠ︾ ᠶᠢ ᠰᠠᠶᠢᠲᠤᠷ ᠠᠳᠬᠤᠵᠤ᠂ | ᠰᠢᠢᠳᠪᠦᠷᠢᠲᠦ ᠢᠯᠠᠯᠲᠠ ᠶᠢ ᠣᠯᠬᠤ ᠪᠣᠭᠤᠮᠳᠠ ᠰᠢᠪᠳᠤᠯᠤᠯᠳᠠ ᠶᠢ ᠦᠨᠡᠨ ᠬᠦ ᠠᠳᠬᠤᠨ ᠪᠣᠳᠠᠲᠠᠢ ᠠᠵᠢᠯᠯᠠᠪᠠ᠃ | ᠨᠢᠭᠡ ᠳᠤ ᠵᠤᠬᠢᠶᠠᠨ ᠪᠠᠶᠢᠭᠤᠯᠵᠤ ᠤᠳᠤᠷᠢᠳᠬᠤ ᠶᠢ ᠪᠣᠳᠠᠳᠠᠢ ᠠᠳᠬᠤᠪᠠ᠃ ᠪᠢᠳᠡ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠮᠠᠨ ᠤ ᠬᠤᠲᠠ ᠶᠢᠨ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤᠮᠳᠠ ᠡᠭᠦᠷᠭᠡᠯᠡᠭᠰᠡᠨ ︽ᠶᠠᠳᠠᠭᠤ ᠶᠢ ᠲᠡᠳᠬᠦᠬᠦ ᠪᠡᠯᠡ ᠮᠥᠩᠭᠦ ᠬᠤᠷᠠᠮᠳᠤᠭᠤᠯᠬᠤ ᠶᠢ ᠪᠠᠲᠤᠯᠠᠬᠤ᠂ | ᠴᠠᠭ ᠲᠤᠬᠠᠢ ᠳᠤᠨᠢ ᠳᠣᠷᠣᠭᠰᠢ ᠪᠠᠭᠤᠯᠭᠠᠬᠤ ᠪᠠ ᠬᠡᠷᠡᠭᠯᠡᠬᠦ ᠶᠢ ᠬᠢᠨᠠᠨ ᠬᠠᠮᠢᠶᠠᠷᠬᠤ︾ ᠬᠡᠳᠦᠨ ᠵᠦᠢᠯ ᠤᠨ ᠭᠤᠣᠯᠳᠠᠯᠭ᠎ᠠ ᠲᠠᠢ ᠡᠭᠦᠷᠭᠡ ᠪᠠ ᠠᠵᠢᠯ ᠤᠨ ᠡᠭᠦᠷᠭᠡ | ᠬᠠᠷᠢᠭᠤᠴᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠮᠠᠨ ᠤ ᠲᠣᠪᠴᠢᠶᠠᠨ ᠤ ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠬᠠᠮᠢᠶᠠᠷᠤᠯᠲᠠ ᠶᠢᠨ ᠤᠳᠤᠷᠢᠳᠬᠤ | ᠲᠤᠭᠤᠶᠢᠯᠠᠩ᠂ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠬᠥᠳᠡᠯᠦᠯ ᠪᠠᠶᠢᠳᠠᠯ ᠢ ᠬᠢᠨᠠᠨ ᠡᠵᠡᠮᠳᠡᠬᠦ ᠠᠵᠢᠯ ᠤᠨ ᠤᠳᠤᠷᠢᠳᠬᠤ | ᠳᠤᠭᠤᠶᠢᠯᠠᠩ᠂ ᠶᠠᠳᠠᠭᠤ ᠶᠢ ᠲᠡᠳᠬᠦᠬᠦ ᠪᠡᠯᠡ ᠮᠥᠩᠭᠦ ᠶᠢ ᠬᠡᠷᠡᠭᠯᠡᠬᠦ ᠬᠠᠮᠢᠶᠠᠷᠤᠯᠲᠠ ᠶᠢᠨ ᠠᠰᠠᠭᠤᠳᠠᠯ ᠢ ᠵᠢᠭᠰᠠᠭᠠᠨ ᠪᠠᠶᠢᠴᠠᠭᠠᠬᠤ ᠳᠤᠭᠤᠶᠢᠯᠠᠩ ᠤᠨ ᠡᠭᠦᠷᠭᠡ | ᠬᠠᠷᠢᠭᠤᠴᠠᠯᠭ᠎ᠠ ᠶᠢᠨ ᠬᠤᠪᠢᠶᠠᠷᠢ ᠶᠢ ᠳᠠᠬᠢᠨ ᠡᠮᠬᠢᠯᠡᠵᠦ᠂ ᠳᠠᠬᠢᠨ ᠨᠠᠷᠢᠯᠢᠭᠵᠢᠭᠤᠯᠵᠤ᠂ ︽ᠠᠵᠢᠯ ᠤᠨ ᠬᠤᠪᠢᠶᠠᠷᠢᠯᠠᠯ ᠲᠣᠳᠣᠷᠬᠠᠶ᠂ ᠲᠤᠰ ᠲᠤᠰ ᠤᠨ | ᠬᠠᠷᠢᠭᠤᠴᠠᠯᠭ᠎ᠠ ᠪᠠᠨ ᠬᠦᠢᠴᠡᠳᠭᠡᠬᠦ᠂ ᠵᠣᠬᠢᠴᠠᠭᠤᠯᠤᠨ ᠠᠬᠢᠭᠤᠯᠬᠤ︾ ᠠᠵᠢᠯ ᠤᠨ ᠲᠤᠭᠲᠠᠴᠠ ᠶᠢ ᠤᠯᠠᠮ ᠨᠢᠭᠡ ᠠᠯᠬᠤᠮ ᠪᠦᠷᠢᠯᠳᠦᠭᠦᠯᠬᠦ ᠶᠢᠨ ᠬᠠᠮᠲᠤ ᠪᠦᠬᠦ | ᠬᠤᠲᠠ ᠶᠢᠨ ᠡᠳ᠋ ᠤᠨ ᠵᠠᠰᠠᠭ ᠤᠨ ᠰᠢᠰᠲ᠋ᠧᠮ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠤᠰᠬᠠᠶ ᠰᠡᠳᠦᠪᠲᠦ ᠬᠤᠷᠠᠯ ᠢ ᠤᠯᠠᠨᠲᠠ | ᠬᠤᠷᠠᠯᠳᠤᠭᠤᠯᠵᠤ᠂ ᠡᠯ᠎ᠡ ᠵᠦᠢᠯ ᠤᠨ ᠡᠭᠦᠷᠭᠡ ᠶᠢ ᠪᠦᠲᠦᠮᠵᠢᠲᠡᠶ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠪᠠ᠃ ᠡᠭᠦᠨ ᠤ ᠬᠠᠮᠲᠤ᠂ ᠬᠢᠨᠠᠯᠲᠠ ᠲᠠᠯᠪᠢᠵᠤ | ᠪᠠᠶᠢᠴᠠᠭᠠᠬᠤ ᠪᠠᠨ ᠴᠢᠩᠭᠠᠳᠬᠠᠬᠤ᠂ ᠠᠮᠵᠢᠯᠲᠠ ᠪᠦᠲᠦᠮᠵᠢ ᠶᠢ ᠦᠨᠡᠯᠡᠬᠦ᠂ ᠠᠯᠪᠠᠨ ᠵᠠᠷ ᠨᠡᠶᠢᠲᠡᠯᠡᠬᠦ ᠶᠢ ᠰᠠᠶᠢᠲᠤᠷ ᠬᠢᠬᠦ ᠭᠤᠷᠪᠠᠨ ᠲᠠᠯ᠎ᠠ ᠪᠠᠷ ᠶᠠᠳᠠᠭᠤ ᠶᠢ | ᠲᠡᠳᠬᠦᠬᠦ ᠪᠠᠯᠠ ᠮᠦᠩᠭᠦ ᠶᠢᠨ ᠣᠷᠳᠣ ᠬᠤᠭᠤᠴᠠᠭᠠᠨ ᠤ ᠪᠦᠲᠦᠮᠵᠢᠲᠡᠶ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠵᠤ᠂ ᠶᠠᠳᠠᠭᠤ ᠶᠢ ᠲᠡᠳᠬᠦᠬᠦ | ᠪᠠᠯᠠ ᠮᠥᠩᠭᠦ ᠶᠢᠨ ᠣᠷᠳᠣ ᠬᠤᠭᠤᠴᠠᠭᠠᠨ ᠤ ᠬᠠᠮᠢᠶᠠᠷᠤᠯᠲᠠ ᠶᠢ ᠪᠠᠶᠢᠩᠭᠤ ᠠᠳᠬᠤᠵᠤ᠂ ᠣᠷᠳᠣ ᠬᠤᠭᠤᠴᠠᠭᠠᠨ ᠤ ᠪᠦᠲᠦᠮᠵᠢᠲᠡᠶ ᠬᠢᠨᠠᠯᠲᠠ ᠲᠠᠯᠪᠢᠬᠤ ᠶᠢ | ᠠᠬᠢᠭᠤᠯᠪᠠ᠃ | ᠬᠤᠶᠠᠷ ᠲᠤ ᠤᠨᠤᠯ ᠤᠨ ᠰᠤᠷᠤᠯᠴᠠᠯᠭ᠎ᠠ ᠶᠢ ᠠᠳᠬᠤᠪᠠ᠃ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ | ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠶᠡᠷᠦᠩᠬᠡᠶ ᠱᠦᠵᠢ ᠰᠢ ᠶᠢᠨ ᠫᠢᠩ ᠤᠨ ᠶᠠᠳᠠᠭᠤ ᠶᠢ | ᠲᠡᠳᠬᠦᠬᠦ ᠠᠵᠢᠯ ᠤᠨ ᠲᠤᠬᠠᠶ ᠴᠢᠬᠤᠯᠠ ᠥᠭᠦᠯᠡᠯᠲᠡ᠂ ᠴᠢᠬᠤᠯᠠ ᠶᠠᠷᠢᠶ᠎ᠠ ᠪᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ | ᠰᠤᠷᠤᠯᠴᠠᠨ ᠲᠤᠭᠤᠰᠢᠯᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠤᠯᠬᠤ ᠶᠢ ᠤᠯᠤᠰ ᠲᠥᠷᠥ ᠶᠢᠨ | ᠦᠨᠳᠦᠷᠴᠡ ᠳᠤ ᠲᠠᠯᠪᠢᠵᠤ᠂ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠤᠣᠯ ᠲᠤᠭᠤᠶᠢᠯᠠᠩ ᠤᠨ ᠤᠨᠤᠯ ᠤᠨ ᠰᠤᠷᠤᠯᠴᠠᠯᠭ᠎ᠠ ᠲᠠᠢ | ᠤᠶᠠᠯᠳᠤᠭᠤᠯᠤᠨ᠂ ᠤᠷᠢᠳ ᠬᠤᠵᠢᠳ 12 ᠤᠳᠠᠭ᠎ᠠ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠤᠨᠤᠯ ᠤᠨ ᠰᠤᠷᠤᠯᠴᠠᠯᠭ᠎ᠠ᠂ | ᠲᠥᠷᠥ ᠶᠢᠨ ᠪᠤᠳᠤᠯᠭ᠎ᠠ ᠶᠢ ᠤᠯᠠᠮᠵᠢᠯᠠᠬᠤ᠂ ᠠᠵᠢᠯ ᠢ ᠠᠬᠢᠭᠤᠯᠬᠤ ᠪᠠᠷ ᠭᠤᠣᠯ ᠠᠭᠤᠯᠭ᠎ᠠ ᠪᠣᠯᠭᠠᠭᠰᠠᠨ ᠰᠤᠷᠤᠯᠴᠠᠯᠭ᠎ᠠ ᠶᠢᠨ ᠬᠤᠷᠠᠯ ᠢ ᠬᠤᠷᠠᠯᠳᠤᠭᠤᠯᠵᠤ᠂ | ᠶᠡᠷᠦᠩᠬᠡᠢ ᠱᠦᠵᠢ ᠰᠢ ᠶᠢᠨ ᠫᠢᠩ ᠤᠨ 5 ᠵᠢᠯ ᠤᠨ 6 ᠤᠳᠠᠭ᠎ᠠ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠤᠰᠬᠠᠢ ᠰᠡᠳᠦᠪ ᠢᠶᠠᠷ ᠰᠤᠷᠤᠯᠴᠠᠵᠤ᠂ | ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠶᠢ ᠨᠠᠮ ᠤᠨ ᠤᠳᠤᠷᠢᠳᠬᠤ ᠳᠤᠭᠤᠶᠢᠯᠠᠩ ᠤᠨ ᠭᠤᠤᠯ ᠳᠤᠭᠤᠶᠢᠯᠠᠩ ᠤᠨ ᠰᠤᠷᠤᠯᠴᠠᠯᠭ᠎ᠠ ᠬᠥᠮᠦᠵᠢᠯ | ᠂ ᠲᠤᠬᠠᠶᠢᠯᠠᠭᠰᠠᠨ ᠠᠵᠢᠯ ᠲᠠᠢ ᠵᠡᠷᠭᠡᠪᠡᠷ ᠪᠠᠶᠢᠷᠢᠯᠠᠭᠤᠯᠵᠤ᠂ ᠵᠡᠷᠭᠡᠪᠡᠷ ᠨᠠᠶᠢᠳᠠᠪᠤᠷᠢᠵᠢᠭᠤᠯᠪᠠ᠃ | ᠭᠤᠷᠪᠠ ᠳᠤ ᠪᠡᠯᠡ ᠮᠥᠩᠭᠦ ᠶᠢᠨ ᠪᠠᠲᠤᠯᠠᠭ᠎ᠠ ᠶᠢ ᠠᠳᠬᠤᠪᠠ᠃ ᠲᠥᠷᠥᠯ ᠵᠦᠢᠯ ᠤᠨ ᠲᠥᠰᠦᠪ ᠤᠨ ᠪᠡᠯᠡ ᠮᠥᠩᠭᠦ ᠶᠢ ᠪᠦᠬᠦ ᠬᠦᠴᠦᠨ ᠢᠶᠠᠷ ᠪᠠᠲᠤᠯᠠᠵᠤ | ᠂ 2019 ᠣᠨ ᠳᠤ ᠬᠤᠲᠠ ᠶᠢᠨ ᠲᠣᠰ ᠱᠠᠲᠤᠨ ᠤ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠲᠤᠰᠬᠠᠢ ᠪᠡᠯᠡ ᠮᠥᠩᠭᠦ ᠶᠢ 3.13 ᠳ᠋ᠦᠩᠰᠢᠭᠤᠷ | ᠲᠥᠭᠦᠷᠢᠭ ᠲᠣᠬᠢᠷᠠᠭᠤᠯᠵᠤ᠂ ᠳᠡᠭᠡᠷ᠎ᠡ ᠱᠠᠲᠤᠨ ᠤ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠲᠤᠰᠬᠠᠢ ᠪᠡᠯᠡ ᠮᠥᠩᠭᠦ ᠶᠢ 1.57 ᠳ᠋ᠦᠩᠰᠢᠭᠤᠷ ᠲᠥᠭᠦᠷᠢᠭ | ᠴᠢᠷᠮᠠᠶᠢᠨ ᠣᠯᠵᠤ᠂ ᠡᠯ᠎ᠡ ᠱᠠᠲᠤᠨ ᠤ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠲᠤᠰᠬᠠᠶ ᠪᠡᠯᠡ ᠮᠥᠩᠭᠦ ᠶᠢ ᠴᠠᠭ ᠲᠤᠬᠠᠶ ᠳᠤᠨᠢ 4.5 ᠳ᠋ᠦᠩᠰᠢᠭᠤᠷ | ᠲᠥᠭᠦᠷᠢᠭ ᠪᠠᠭᠤᠯᠭᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠳᠠ ᠰᠢᠪᠳᠤᠯᠬᠤ ᠡᠭᠦᠷᠭᠡ ᠶᠢᠨ ᠬᠡᠷᠡᠭᠴᠡᠭᠡ ᠶᠢ ᠪᠠᠲᠤᠯᠠᠪᠠ᠃ | ᠳᠥᠷᠪᠡ ᠳᠤ ᠬᠡᠷᠡᠭᠯᠡᠯᠲᠡ ᠶᠢᠨ ᠬᠢᠨᠠᠯᠲᠠ ᠬᠠᠮᠢᠶᠠᠷᠤᠯᠲᠠ ᠶᠢ ᠠᠳᠬᠤᠪᠠ᠃ ᠶᠠᠳᠠᠭᠤ ᠶᠢ ᠲᠡᠳᠬᠦᠬᠦ ᠪᠡᠯᠡ ᠮᠥᠩᠭᠦ ᠶᠢ ᠳᠦᠷᠢᠮᠵᠢᠭᠦᠨ ᠥᠨᠳᠥᠷ | ᠪᠦᠲᠦᠮᠵᠢᠲᠡᠶ ᠬᠡᠷᠡᠭᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠲᠥᠪ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠤᠰᠬᠠᠢ ᠲᠣᠭᠤᠷᠢᠨ | ᠪᠠᠶᠢᠴᠠᠭᠠᠯᠲᠠ᠂ ᠲᠥᠷᠦ ᠶᠢᠨ ᠶᠠᠪᠤᠳᠠᠯ ᠤᠨ ᠬᠤᠷᠢᠶᠠᠨ ᠤ ᠶᠠᠳᠠᠭᠤ ᠶᠢ ᠲᠡᠳᠬᠦᠬᠦ ᠠᠯᠪᠠᠨ ᠭᠡᠷ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠰᠢᠮᠳᠠᠭᠤᠯᠤᠨ ᠪᠠᠶᠢᠴᠠᠭᠠᠯᠲᠠ ᠵᠢᠴᠢ ᠡᠯ᠎ᠡ ᠱᠠᠳᠤ ᠳᠠᠪᠬᠤᠷᠭ᠎ᠠ ᠶᠢᠨ ᠲᠣᠭᠤᠷᠢᠨ ᠪᠠᠶᠢᠴᠠᠭᠠᠯᠲᠠ᠂ ᠬᠢᠨᠠᠨ ᠰᠢᠯᠭᠠᠯᠲᠠ ᠶᠢ ᠤᠭᠳᠤᠬᠤ ᠠᠵᠢᠯ ᠢ ᠪᠦᠬᠦ ᠲᠠᠯ᠎ᠠ ᠪᠠᠷ | ᠰᠠᠶᠢᠲᠤᠷ ᠬᠢᠵᠦ᠂ ᠡᠯ᠎ᠡ ᠱᠠᠳᠤ ᠲᠠᠪᠬᠤᠷᠭ᠎ᠠ ᠶᠢᠨ ᠲᠣᠭᠤᠷᠢᠨ ᠪᠠᠶᠢᠴᠠᠭᠠᠯᠲᠠ᠂ ᠰᠢᠮᠳᠠᠭᠤᠯᠤᠨ ᠪᠠᠶᠢᠴᠠᠭᠠᠯᠲᠠ᠂ ᠬᠢᠨᠠᠨ ᠰᠢᠯᠭᠠᠯᠲᠠ ᠶᠢᠨ ᠬᠠᠷᠢᠭᠤ | ᠳᠤᠰᠬᠠᠭᠰᠠᠨ ᠠᠰᠠᠭᠤᠳᠠᠯ ᠢ ᠦᠨᠳᠦᠰᠦᠯᠡᠨ ︽ᠴᠢᠩᠭ᠎ᠠ ᠠᠩᠬᠠᠷᠴᠤ ᠪᠣᠳᠠᠲᠠᠢ ᠰᠠᠶᠢᠵᠢᠷᠠᠭᠤᠯᠤᠨ︾ ᠂ ᠪᠡᠯᠡ ᠮᠥᠩᠭᠦ ᠶᠢ ᠪᠠᠶᠢᠴᠠᠭᠠᠬᠤ ᠪᠠ ᠠᠮᠵᠢᠯᠲᠠ | ᠪᠦᠲᠦᠮᠵᠢ ᠶᠢ ᠦᠨᠡᠯᠡᠬᠦ ᠠᠵᠢᠯ ᠢ ᠪᠦᠬᠦ ᠲᠠᠯ᠎ᠠ ᠪᠠᠷ ᠥᠷᠨᠢᠭᠦᠯᠵᠦ᠂ ᠠᠯᠪᠠᠨ ᠶᠣᠰᠣᠨ ᠤ ᠪᠢᠴᠢᠭ ᠮᠠᠲ᠋ᠧᠷᠢᠶᠠᠯ ᠢᠶᠠᠷ ᠥᠪᠡᠷᠲᠡᠭᠡᠨ ᠵᠠᠰᠠᠬᠤ ᠣᠷᠣᠨ ᠤ ᠡᠳ᠋ ᠤᠨ | ᠵᠠᠰᠠᠭ ᠤᠨ ᠲᠢᠩᠬᠢᠮ᠂ ᠬᠤᠲᠠ ᠶᠢᠨ ᠨᠠᠮ ᠤᠨ ᠬᠤᠷᠢᠶ᠎ᠠ ᠬᠤᠲᠠ ᠶᠢᠨ ᠵᠠᠰᠠᠭ ᠤᠨ ᠣᠷᠳᠣᠨ᠂ ᠬᠤᠲᠠ ᠶᠢᠨ ᠶᠠᠳᠠᠭᠤ ᠶᠢ ᠲᠡᠳᠬᠦᠵᠦ ᠨᠡᠭᠡᠭᠡᠨ ᠬᠦᠭᠵᠢᠬᠦᠯᠬᠦ | ᠤᠳᠤᠷᠢᠳᠬᠤ ᠳᠤᠭᠤᠶᠢᠯᠠᠩ᠂ ᠬᠤᠲᠠ ᠶᠢᠨ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠯᠪᠠᠨ ᠭᠡᠷ᠂ ᠬᠤᠲᠠ ᠶᠢᠨ | ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠵᠡᠷᠭᠡ ᠣᠯᠠᠨ ᠰᠠᠯᠠᠭ᠎ᠠ ᠮᠥᠴᠢᠷ ᠲᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠠᠬᠢᠴᠠ ᠪᠠᠨ 50 ᠭᠠᠷᠤᠶ ᠤᠳᠠᠭ᠎ᠠ | ᠬᠠᠷᠢᠭᠤ ᠮᠡᠳᠡᠭᠦᠯᠵᠦ᠂ ᠡᠯ᠎ᠡ ᠱᠠᠳᠤ ᠳᠠᠪᠬᠤᠷᠭ᠎ᠠ ᠶᠢᠨ ᠲᠣᠭᠤᠷᠢᠨ ᠪᠠᠶᠢᠴᠠᠭᠠᠵᠤ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠪᠦᠬᠦᠨ ᠢ | ᠴᠡᠭᠴᠡᠯᠡᠨ ᠰᠠᠶᠢᠵᠢᠷᠠᠭᠤᠯᠵᠤ᠂ ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠬᠦᠳᠡᠯᠦᠯ ᠪᠠᠶᠢᠳᠠᠯ ᠢ ᠬᠢᠨᠠᠨ ᠡᠵᠡᠮᠳᠡᠬᠦ ᠲᠠᠪᠴᠠᠩ ᠤᠨ ᠠᠮᠵᠢᠯᠲᠠ ᠪᠦᠲᠦᠮᠵᠢ ᠶᠢᠨ | ᠬᠠᠷᠠᠯᠲᠠ ᠶᠢ ᠲᠠᠭᠯᠠᠨ ᠮᠡᠳᠡᠭᠦᠯᠦᠭᠰᠡᠨ ᠨᠣᠷᠮ᠎ᠠ ᠪᠠ ᠬᠢᠨᠠᠨ ᠬᠠᠷᠭᠤᠭᠤᠯᠤᠭᠰᠠᠨ ᠨᠣᠷᠮ᠎ᠠ ᠨᠢ ᠴᠦᠮ ᠵᠠᠭᠤ ᠶᠢ ᠳᠠᠪᠠᠵᠤ᠂ ᠶᠠᠳᠠᠭᠤ ᠶᠢ ᠲᠡᠳᠬᠦᠬᠦ ᠪᠡᠯᠡ | ᠮᠥᠩᠭᠦ ᠶᠢᠨ ᠡᠳᠦᠷ ᠤᠨ ᠵᠠᠷᠤᠯᠭ᠎ᠠ ᠶᠢᠨ ᠠᠬᠢᠴᠠ 92% ᠠᠴᠠ ᠳᠡᠭᠡᠭᠰᠢ ᠳᠤ ᠬᠦᠷᠴᠦ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ | ᠪᠣᠯᠤᠨ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠡᠯ᠎ᠡ ᠵᠦᠢᠯ ᠤᠨ ᠠᠵᠢᠯ ᠤᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠳᠡᠭᠡᠳᠦ | ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠪᠣᠯᠤᠨ ᠮᠠᠨ ᠤ ᠬᠤᠲᠠ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠬᠤ ᠶᠢ ᠬᠢᠨᠠᠨ | ᠰᠢᠯᠭᠠᠬᠤ ᠳᠤᠭᠤᠶᠢᠯᠠᠩ ᠤᠨ ᠲᠠᠭᠠᠰᠢᠶᠠᠯ ᠢ ᠣᠯᠪᠠ᠃ | 5. ᠬᠥᠲᠥᠯᠥᠭᠴᠢ | 2020 ᠣᠨ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠲᠦ | ᠲᠠᠶᠢᠯᠠᠯᠳᠤᠭᠠᠨ ᠬᠢᠵᠦ ᠰᠢᠢᠳᠪᠦᠷᠢᠲᠦ ᠢᠯᠠᠯᠲᠠ ᠣᠯᠬᠤ ᠡᠴᠦᠰ ᠤᠨ ᠵᠢᠯ ᠪᠣᠯᠤᠨ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠲᠦᠭ ᠲᠦᠮᠡᠨ ᠠᠷᠠᠳ | ᠲᠦᠮᠡᠨ ᠢ ᠳᠠᠭᠠᠭᠤᠯᠤᠨ ᠬᠦᠰᠡᠯ ᠵᠡᠭᠦᠳᠦ ᠪᠠᠨ ᠲᠡᠷᠭᠡᠯᠰᠢᠭᠦᠯᠵᠦ᠂ ᠵᠣᠯ ᠵᠢᠷᠭᠠᠯ ᠵᠦᠭ ᠲᠡᠮᠡᠤᠯᠬᠦ ᠵᠢᠯ ᠮᠥᠨ᠃ ᠡᠨᠡ ᠬᠦ ᠵᠠᠩᠭᠢᠯᠠᠭ᠎ᠠ ᠶᠢᠨ ᠴᠠᠭ ᠮᠥᠴᠡ ᠳᠤ᠂ | ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠡᠨᠡ ᠵᠢᠯ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠬᠡᠷᠬᠢᠨ ᠠᠬᠢᠭᠤᠯᠤᠭᠰᠠᠨ | ᠪᠤᠢ︖ | 6. ᠲᠠᠷᠢᠶᠠᠯᠠᠩ ᠮᠠᠯ ᠠᠵᠤ ᠠᠬᠤᠶ ᠶᠢᠨ ᠰᠠᠯᠠᠭᠠᠨ ᠤ ᠳᠠᠷᠤᠭ᠎ᠠ ᠵᠠᠩ ᠸᠧᠶ ᠳ᠋ᠦᠩ | | | | ᠬᠦᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ︽ᠬᠤᠶᠠᠷ ᠲᠤ ᠵᠣᠪᠠᠭ᠋ᠤ ᠦᠭᠡᠢ︾ ︽ᠭᠤᠷᠪᠠ ᠶᠢ ᠪᠠᠲᠤᠯᠠᠬᠤ︾ ᠶᠠᠳᠠᠭᠤ ᠠᠴᠠ ᠠᠩᠭᠢᠵᠢᠷᠠᠭᠤᠯᠬᠤ | ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠲᠠ ᠶᠢᠨ ᠨᠠᠮ ᠤᠨ ᠬᠤᠷᠢᠶ᠎ᠠ ᠬᠤᠲᠠ ᠶᠢᠨ ᠵᠠᠰᠠᠭ ᠤᠨ ᠣᠷᠳᠣᠨ ᠤ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠳᠤᠯᠬᠤ ᠭᠤᠣᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠰᠠᠯᠠᠭ᠎ᠠ ᠮᠦᠴᠢᠷ ᠤᠨ ᠡᠭᠦᠷᠭᠡ | ᠬᠠᠷᠢᠭᠤᠴᠠᠯᠭ᠎ᠠ ᠳᠤ ᠰᠠᠭᠤᠷᠢᠯᠠᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠤᠰᠬᠠᠢ ᠠᠵᠢᠯ ᠢ ᠠᠬᠢᠭᠤᠯᠬᠤ ᠳᠤᠭᠤᠶᠢᠯᠠᠩ ᠳᠤ ᠡᠭᠦᠷᠭᠡᠯᠡᠬᠦ ᠠᠵᠢᠯ ᠤᠨ ᠡᠭᠦᠷᠭᠡ ᠪᠠᠨ ᠢᠳᠡᠪᠬᠢᠲᠡᠢ ᠪᠡᠶᠡᠯᠡᠭᠦᠯᠵᠦ | ᠂ ᠮᠠᠨ ᠤ ᠬᠤᠲᠠ ᠶᠢᠨ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠢ ᠡᠮᠬᠢ ᠵᠢᠷᠤᠮ ᠲᠠᠢ ᠠᠬᠢᠭᠤᠯᠬᠤ ᠶᠢ ᠪᠦᠬᠦ ᠬᠦᠴᠦᠨ ᠢᠶᠠᠷ ᠢᠶᠠᠨ | ᠪᠠᠲᠤᠯᠠᠪᠠ᠃ | ᠨᠢᠭᠡ ᠳᠤ ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠣᠷᠣᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠶᠠᠳᠠᠭᠤ ᠶᠢ ᠲᠡᠳᠬᠦᠬᠦ ᠪᠡᠷᠬᠡ ᠠᠰᠠᠭᠤᠳᠠᠯ ᠢ | ᠰᠢᠢᠳᠪᠦᠷᠢᠯᠡᠬᠦ ᠪᠡᠯᠡ ᠮᠥᠩᠭᠦ ᠶᠢᠨ ᠪᠠᠲᠤᠯᠠᠭ᠎ᠠ ᠶᠢᠨ ᠠᠵᠢᠯ ᠢ ᠰᠠᠶᠢᠲᠤᠷ ᠬᠢᠪᠡ᠃ ᠬᠤᠲᠠ ᠶᠢᠨ ᠨᠠᠮ ᠤᠨ ᠬᠤᠷᠢᠶ᠎ᠠ ᠬᠤᠲᠠ ᠶᠢᠨ ᠵᠠᠰᠠᠭ ᠤᠨ ᠣᠷᠳᠣᠨ ᠤ | ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠣᠷᠣᠭᠤᠯᠤᠯᠲᠠ ᠶᠢᠨ ᠡᠷᠴᠢᠮ ᠢ ᠰᠤᠯᠠᠷᠠᠭᠤᠯᠬᠤ ᠦᠭᠡᠶ ᠪᠠᠶᠢᠬᠤ ᠪᠠ ᠶᠠᠳᠠᠭᠤ ᠠᠴᠠ ᠠᠩᠭᠢᠵᠢᠷᠠᠭᠤᠯᠬᠤ ᠦᠷ᠎ᠡ | ᠪᠦᠲᠦᠮᠵᠢ ᠶᠢ ᠳᠡᠭᠡᠭᠰᠢᠯᠡᠭᠦᠯᠬᠦ ᠠᠵᠢᠯ ᠤᠨ ᠱᠠᠭᠠᠷᠳᠠᠯᠭ᠎ᠠ ᠶᠣᠰᠣᠭᠠᠷ᠂ ᠲᠣᠰ ᠱᠠᠲᠤᠨ ᠤ ᠶᠠᠳᠠᠭᠤ ᠶᠢ ᠲᠡᠳᠬᠦᠬᠦ ᠲᠥᠷᠥᠯ ᠵᠦᠢᠯ ᠤᠨ ᠲᠥᠰᠦᠪ ᠤᠨ ᠪᠡᠯᠡ | ᠮᠥᠩᠭᠦ ᠶᠢ 3.3 ᠳ᠋ᠦᠩᠰᠢᠭᠤᠷ ᠲᠦᠭᠦᠷᠢᠭ ᠲᠣᠬᠢᠷᠠᠭᠤᠯᠵᠤ᠂ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠠᠵᠢᠯ ᠤᠨ ᠵᠠᠷᠤᠳᠠᠯ ᠢ 609 ᠲᠦᠮᠡᠨ | ᠲᠥᠭᠦᠷᠢᠭ ᠲᠣᠬᠢᠷᠠᠭᠤᠯᠵᠤ᠂ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠶᠢᠨ ᠨᠥᠬᠦᠪᠥᠷᠢ ᠵᠠᠷᠤᠳᠠᠯ ᠢ 86.8 ᠲᠦᠮᠡᠨ ᠲᠥᠭᠦᠷᠢᠭ ᠲᠣᠬᠢᠷᠠᠭᠤᠯᠵᠤ᠂ | ᠳᠡᠭᠡᠳᠦ ᠱᠠᠲᠤᠨ ᠤ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠲᠤᠰᠬᠠᠢ ᠪᠡᠯᠡ ᠮᠥᠩᠭᠦ ᠶᠢ 2.4 ᠳ᠋ᠦᠩᠰᠢᠭᠤᠷ ᠲᠦᠭᠦᠷᠢᠭ ᠣᠯᠬᠤ ᠪᠠᠷ ᠴᠢᠷᠮᠠᠶᠢᠵᠤ᠂ | ᠮᠠᠨ ᠤ ᠬᠤᠲᠠ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠬᠤ ᠡᠯ᠎ᠡ ᠲᠥᠷᠥᠯ ᠤᠨ ᠡᠭᠦᠷᠭᠡ ᠶᠢᠨ ᠪᠡᠯᠡ ᠮᠥᠩᠭᠦ ᠶᠢᠨ ᠬᠡᠷᠡᠭᠴᠡᠭᠡ ᠶᠢ ᠪᠦᠬᠦ | ᠬᠦᠴᠦᠨ ᠢᠶᠠᠷ ᠪᠠᠳᠤᠯᠠᠪᠠ᠃ ᠡᠭᠦᠨ ᠤ ᠬᠠᠮᠲᠤ᠂ ᠥᠨᠳᠥᠷ ᠪᠠᠷᠢᠮᠵᠢᠶ᠎ᠠ ᠥᠨᠳᠥᠷ ᠶᠠᠰᠤ ᠴᠢᠨᠠᠷ ᠢᠶᠠᠷ ᠪᠡᠯᠡ ᠮᠥᠩᠭᠦ ᠶᠢᠨ ᠪᠠᠲᠤᠯᠠᠭ᠎ᠠ ᠬᠠᠩᠭᠠᠵᠤ᠂ ᠡᠳ᠋ ᠤᠨ | ᠵᠠᠰᠠᠭ ᠤᠨ ᠪᠡᠯᠡ ᠮᠥᠩᠭᠦ ᠶᠢᠨ ᠥᠷᠭᠡᠳᠭᠡᠬᠦ ᠬᠦᠰᠢᠬᠦ ᠦᠢᠯᠡᠳᠦᠯ ᠢ ᠬᠦᠢᠴᠡᠳ ᠪᠠᠳᠠᠷᠠᠭᠤᠯᠬᠤ ᠲᠡᠭᠡᠷ᠎ᠡ ᠬᠦᠴᠦ ᠲᠠᠯᠪᠢᠵᠤ᠂ ᠵᠠᠰᠠᠭ ᠤᠨ ᠣᠷᠳᠣᠨ ᠢ ᠣᠷᠣᠯᠠᠨ | ︽ᠡᠳ᠋ ᠤᠨ ᠵᠠᠰᠠᠭ᠂ ᠮᠥᠩᠭᠦᠨ ᠬᠦᠢᠯᠭᠡᠭᠡ ᠪᠠ ᠨᠡᠶᠢᠭᠡᠮ ᠤᠨ ᠬᠥᠷᠥᠩᠭᠡ ᠬᠠᠮᠲᠤᠪᠠᠷ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠬᠤ ᠳᠤ ᠬᠦᠴᠦᠨ | ᠨᠡᠮᠡᠷᠢᠯᠡᠬᠦ ᠶᠢ ᠬᠡᠷᠡᠭᠵᠢᠬᠦᠯᠬᠦ ᠲᠤᠬᠠᠶ ᠬᠡᠷᠡᠭᠵᠢᠭᠦᠯᠬᠦ ᠲᠥᠰᠦᠯ︾ ᠢ ᠲᠤᠭᠤᠷᠪᠢᠵᠤ᠂ ᠮᠥᠩᠭᠦᠨ ᠭᠦᠢᠯᠭᠡᠭᠡ ᠪᠠ ᠨᠡᠶᠢᠭᠡᠮ ᠤᠨ ᠪᠡᠯᠡ ᠮᠥᠩᠭᠦ ᠶᠢ ᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ ᠤᠷᠤᠯᠴᠠᠭᠤᠯᠬᠤ ᠶᠢ ᠢᠳᠡᠪᠬᠢᠲᠡᠢ ᠬᠥᠲᠥᠯᠥᠨ ᠵᠢᠯᠣᠭᠤᠳᠴᠤ ᠂ ᠡᠳ᠋ ᠤᠨ ᠵᠠᠰᠠᠭ ᠤᠨ ᠪᠠᠯᠠ ᠮᠥᠩᠭᠦ ᠲᠠᠢ | ᠨᠢᠭᠡ ᠴᠢᠭᠯᠡᠯ ᠢᠶᠠᠷ ᠨᠢᠭᠡᠳᠦᠯᠲᠡᠶ ᠲᠥᠯᠥᠪᠯᠡᠵᠦ᠂ ᠨᠢᠭᠡ ᠠᠶᠢᠵᠠᠮ ᠢᠶᠠᠷ ᠠᠵᠢᠯ ᠥᠷᠨᠢᠬᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ | ᠠᠬᠢᠭᠤᠯᠪᠠ᠃ | ᠬᠤᠶᠠᠷ ᠲᠤ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠪᠡᠯᠡ ᠮᠥᠩᠭᠦ ᠶᠢ ᠰᠠᠯᠭᠠᠨ ᠥᠭᠬᠦ ᠠᠬᠢᠴᠠ ᠶᠢ ᠲᠥᠷᠭᠡᠳᠭᠡᠵᠦ᠂ ᠶᠠᠳᠠᠭᠤ ᠶᠢ ᠲᠡᠳᠬᠦᠬᠦ | ᠪᠡᠷᠬᠡ ᠠᠰᠠᠭᠤᠳᠠᠯ ᠢ ᠰᠢᠢᠳᠪᠦᠷᠢᠯᠡᠬᠦ ᠪᠡᠯᠡ ᠮᠥᠩᠭᠦ ᠶᠢ ᠰᠢᠯᠵᠢᠭᠦᠯᠦᠨ ᠥᠭᠬᠦ ᠠᠵᠢᠯ ᠢ ᠰᠠᠶᠢᠲᠤᠷ ᠬᠢᠪᠡ᠃ ᠡᠳ᠋ ᠤᠨ ᠵᠠᠰᠠᠭ ᠤᠨ ᠡᠭᠦᠷᠭᠡ ᠴᠢᠳᠠᠪᠤᠷᠢ ᠡᠭᠦᠷᠭᠡ | ᠬᠠᠷᠢᠭᠤᠴᠠᠯᠭ᠎ᠠ ᠪᠠᠨ ᠭᠦᠢᠴᠡᠳ ᠪᠠᠳᠠᠷᠠᠭᠤᠯᠬᠤ ᠶᠢᠨ ᠲᠥᠯᠥᠭᠡ᠂ ᠡᠯ᠎ᠡ ᠱᠠᠲᠤᠨ ᠤ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠲᠤᠰᠬᠠᠶ ᠪᠡᠯᠡ ᠮᠥᠩᠭᠦ ᠶᠢ | ᠴᠠᠭ ᠲᠤᠬᠠᠶ ᠳᠤᠨᠢ᠂ ᠲᠤᠭ᠎ᠠ ᠶᠣᠰᠣᠭᠠᠷ ᠨᠢ ᠪᠣᠳᠠᠲᠠᠶᠢᠵᠢᠭᠤᠯᠬᠤ ᠶᠢ ᠪᠠᠲᠤᠯᠠᠵᠤ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ︽ ᠲᠥᠰᠥᠪ ᠤᠨ ᠬᠠᠤᠯᠢ | ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠲᠤᠰᠬᠠᠶ ᠪᠡᠯᠡ ᠮᠥᠩᠭᠦ ᠶᠢᠨ ᠬᠠᠮᠢᠶᠠᠷᠤᠯᠲᠠ ᠶᠢᠨ | ᠠᠷᠭ᠎ᠠ︾ ᠪᠣᠯᠤᠨ ︽ᠥᠪᠡᠷᠲᠡᠭᠡᠨ ᠵᠠᠰᠠᠬᠤ ᠣᠷᠣᠨ ᠤ ᠲᠤᠰᠬᠠᠶ ᠲᠦᠷᠦᠯ ᠢᠶᠠᠷ ᠲᠤᠷᠤᠭᠰᠢ ᠮᠦᠩᠭᠦ ᠰᠢᠯᠵᠢᠭᠦᠯᠦᠨ ᠥᠭᠬᠦ ᠬᠠᠮᠢᠶᠠᠷᠤᠯᠲᠠ ᠶᠢᠨ ᠠᠷᠭ᠎ᠠ︾ ᠶᠢᠨ | ᠬᠤᠯᠪᠤᠭᠳᠠᠯ ᠪᠦᠬᠦᠢ ᠲᠣᠭᠲᠠᠭᠠᠯ ᠢ ᠬᠢᠨᠠᠮᠠᠭᠠᠶ ᠬᠡᠷᠡᠭᠵᠢᠬᠦᠯᠵᠦ᠂ ᠳᠡᠭᠡᠳᠦ ᠱᠠᠲᠤᠨ ᠤ ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠭᠦᠢᠴᠡᠳᠬᠡᠯ ᠲᠣᠭᠠᠨ ᠤ | ᠪᠢᠴᠢᠭ ᠮᠠᠲ᠋ᠧᠷᠢᠶᠠᠯ ᠢ ᠣᠯᠤᠭᠰᠠᠨ ᠤ ᠳᠠᠷᠠᠭ᠎ᠠ᠂ ᠬᠠᠮᠤᠭ ᠲᠡᠷᠢᠭᠦᠨ ᠳᠤ ᠪᠢᠴᠢᠭ ᠮᠠᠲ᠋ᠧᠷᠢᠶᠠᠯ ᠢ ᠹᠠᠺᠰ ᠪᠤᠶᠤ ᠰᠢᠦᠳᠠᠨ ᠤ ᠬᠠᠶᠢᠷᠴᠠᠭ ᠢᠶᠠᠷ ᠳᠠᠮᠵᠢᠭᠤᠯᠤᠨ | ᠶᠠᠳᠠᠭᠤ ᠶᠢ ᠲᠡᠳᠬᠦᠬᠦ ᠵᠦᠢᠯᠡᠰ ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠤ ᠬᠦᠷᠭᠡᠬᠦ ᠶᠢᠨ ᠬᠠᠮᠲᠤ ᠵᠠᠬᠢᠳᠠᠯ ᠢᠶᠠᠷ ᠮᠡᠳᠡᠭᠳᠡᠵᠦ᠂ ᠶᠠᠳᠠᠭᠤ ᠶᠢ ᠲᠡᠳᠬᠦᠬᠦ | ᠪᠡᠯᠡ ᠮᠥᠩᠭᠦ ᠶᠢ ᠬᠤᠪᠢᠶᠠᠷᠢᠯᠠᠬᠤ ᠰᠠᠨᠠᠯ ᠢ ᠬᠤᠷᠢᠶᠠᠬᠤ ᠶᠢᠨ ᠵᠡᠷᠭᠡᠪᠡᠷ ᠡᠳ᠋ ᠤᠨ ᠵᠠᠰᠠᠭ ᠤᠨ ᠰᠠᠯᠭᠠᠨ ᠥᠭᠬᠦ ᠲᠠᠪᠴᠠᠩ ᠳᠡᠭᠡᠷ᠎ᠡ ᠰᠠᠯᠭᠠᠨ ᠥᠭᠪᠡ᠃ | ᠳᠡᠭᠡᠳᠦ ᠱᠠᠲᠤᠨ ᠤ ᠶᠠᠳᠠᠭᠤ ᠶᠢ ᠲᠡᠳᠬᠦᠬᠦ ᠲᠤᠰᠬᠠᠶ ᠪᠡᠯᠡ ᠮᠥᠩᠭᠦ ᠶᠢ 5 ᠠᠵᠢᠯ ᠤᠨ ᠡᠳᠦᠷ ᠤᠨ ᠲᠤᠳᠤᠷ᠎ᠠ ᠬᠤᠰᠢᠭᠤ ᠰᠢᠶᠠᠨ ︵ᠲᠣᠭᠤᠷᠢᠭ︶ ᠲᠤ | ᠪᠠᠭᠤᠯᠭᠠᠬᠤ ᠶᠢ ᠦᠨᠳᠦᠰᠦᠨ ᠳᠡᠭᠡᠨ ᠪᠡᠶᠡᠯᠡᠭᠦᠯᠪᠡ᠃ 7 ᠳ᠋ᠤᠭᠠᠷ ᠰᠠᠷ᠎ᠠ ᠶᠢᠨ 20 ᠤ ᠡᠳᠦᠷ ᠪᠣᠯᠲᠠᠯ᠎ᠠ᠂ ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ | ᠴᠠᠭ ᠲᠤᠬᠠᠶ ᠳᠤᠨᠢ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠲᠤᠰᠬᠠᠶ ᠪᠠᠯᠠ ᠮᠥᠩᠭᠦ ᠶᠢ 2.4 | ᠳ᠋ᠦᠩᠰᠢᠭᠤᠷ ᠲᠥᠭᠦᠷᠢᠭ ᠪᠠᠭᠤᠯᠭᠠᠵᠤ᠂ ᠬᠤᠲᠠ ᠶᠢᠨ ᠲᠣᠰ ᠱᠠᠲᠤᠨ ᠤ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠲᠤᠰᠬᠠᠶ ᠪᠠᠯᠠ ᠮᠥᠩᠭᠦ ᠶᠢ 2.8 | ᠳ᠋ᠦᠩᠰᠢᠭᠤᠷ ᠲᠥᠭᠦᠷᠢᠭ ᠪᠠᠭᠤᠯᠭᠠᠵᠤ᠂ ᠬᠤᠲᠠ ᠶᠢᠨ ᠲᠣᠰ ᠱᠠᠲᠤᠨ ᠤ ᠪᠡᠯᠡ ᠮᠥᠩᠭᠦ ᠶᠢ ᠪᠦᠬᠦᠨ ᠢ ᠲᠤᠰᠬᠠᠢ ᠲᠦᠷᠦᠯ ᠢᠶᠠᠷ ᠡᠳ᠋ ᠤᠨ ᠵᠠᠰᠠᠭ ᠤᠨ ᠬᠦᠮᠦᠷᠭᠡ | ᠠᠴᠠ ᠰᠢᠯᠵᠢᠭᠦᠯᠦᠨ ᠥᠭᠴᠦ᠂ ᠪᠦᠬᠦ ᠬᠤᠲᠠ ᠳᠤ ᠬᠤᠰᠢᠭᠤ ᠰᠢᠶᠠᠨ ᠲᠣᠭᠤᠷᠢᠭ ᠤᠨ ᠡᠯ᠎ᠡ ᠱᠠᠲᠤᠨ ᠤ ᠡᠯ᠎ᠡ ᠲᠥᠷᠥᠯ ᠤᠨ ᠡᠳ᠋ ᠤᠨ ᠵᠠᠰᠠᠭ ᠤᠨ ᠶᠠᠳᠠᠭᠤ ᠶᠢ | ᠲᠡᠳᠬᠦᠬᠦ ᠲᠤᠰᠬᠠᠢ ᠪᠡᠯᠡ ᠮᠥᠩᠭᠦ ᠶᠢ 5.2 ᠳ᠋ᠦᠩᠰᠢᠭᠤᠷ ᠲᠥᠭᠦᠷᠢᠭ ᠪᠠᠭᠤᠯᠭᠠᠵᠤ᠂ ᠮᠠᠨ ᠤ ᠬᠤᠲᠠ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠳᠠ | ᠰᠢᠪᠳᠤᠯᠬᠤ ᠬᠠᠷᠠᠯᠲᠠ ᠶᠢ ᠪᠡᠶᠡᠯᠡᠭᠦᠯᠬᠦ ᠳᠤ ᠪᠠᠲᠤ ᠪᠠᠬᠢ ᠡᠳ᠋ ᠤᠨ ᠬᠦᠴᠦᠨ ᠤ ᠪᠠᠲᠤᠯᠠᠭ᠎ᠠ ᠬᠠᠩᠭᠠᠪᠠ᠃ | ᠭᠤᠷᠪᠠ ᠳᠤ ᠬᠡᠷᠡᠭᠴᠡᠭᠡ ᠶᠢ ᠦᠨᠳᠦᠰᠦᠯᠡᠨ ᠴᠡᠭᠴᠡᠯᠡᠬᠦ᠂ ᠴᠡᠭᠴᠡᠯᠡᠪᠡᠰᠦ ᠵᠣᠬᠢᠬᠤ ᠶᠢ ᠨᠢ ᠪᠦᠬᠦᠨ ᠢ ᠴᠡᠭᠴᠡᠯᠡᠬᠦ ᠵᠠᠷᠴᠢᠮ ᠶᠤᠰᠤᠭᠠᠷ᠂ ᠲᠠᠷᠢᠶᠠᠯᠠᠩ ᠳᠤ | ᠬᠤᠯᠪᠣᠭᠳᠠᠬᠤ ᠪᠡᠯᠡ ᠮᠥᠩᠭᠦ ᠶᠢ ᠨᠢᠭᠡᠳᠦᠯᠲᠡᠶ ᠲᠥᠯᠥᠪᠯᠡᠵᠦ ᠡᠮᠬᠢᠯᠡᠨ ᠨᠡᠶᠢᠳᠭᠡᠬᠦ ᠶᠢ ᠢᠳᠡᠪᠬᠢᠲᠡᠶ ᠪᠠᠷ ᠲᠦᠯᠬᠢᠨ ᠠᠬᠢᠭᠤᠯᠪᠠ᠃ ᠡᠳ᠋ ᠤᠨ ᠵᠠᠰᠠᠭ ᠤᠨ ᠪᠡᠯᠡ | ᠮᠥᠩᠭᠦ ᠶᠢᠨ ᠬᠠᠩᠭᠠᠯᠭ᠎ᠠ ᠶᠢᠨ ᠰᠢᠰᠲ᠋ᠧᠮ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ | ᠳᠡᠭᠡᠭᠰᠢᠯᠡᠭᠦᠯᠬᠦ ᠶᠢᠨ ᠲᠥᠯᠥᠭᠡ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠠᠳᠠᠭᠤ ᠬᠦᠴᠢᠷᠳᠡᠯᠲᠡᠢ ᠰᠢᠶᠠᠨ ᠤ ᠲᠠᠷᠢᠶᠠᠯᠠᠩ ᠳᠤ ᠬᠤᠯᠪᠣᠭᠳᠠᠬᠤ ᠪᠡᠯᠡ | ᠮᠥᠩᠭᠦ ᠶᠢ ᠨᠢᠭᠡᠳᠦᠯᠲᠡᠢ ᠲᠥᠯᠥᠪᠯᠡᠵᠦ ᠡᠮᠬᠢᠯᠡᠨ ᠨᠡᠶᠢᠳᠭᠡᠬᠦ ᠠᠵᠢᠯ ᠢ ᠢᠳᠡᠪᠬᠢᠲᠡᠢ ᠲᠦᠯᠬᠢᠨ ᠠᠬᠢᠭᠤᠯᠪᠠ᠃ ᠥᠪᠡᠷᠲᠡᠭᠡᠨ ᠵᠠᠰᠠᠬᠤ ᠣᠷᠣᠨ ᠤ ᠡᠳ᠋ ᠤᠨ | ᠵᠠᠰᠠᠭ ᠤᠨ ᠲᠢᠩᠬᠢᠮ ᠶᠠᠳᠠᠭᠤ ᠶᠢ ᠲᠡᠳᠬᠦᠬᠦ ᠠᠯᠪᠠᠨ ᠭᠡᠷ ᠤᠨ ︽2020 ᠣᠨ ᠤ ᠶᠠᠳᠠᠭᠤ ᠬᠦᠴᠢᠷᠳᠡᠯᠲᠡᠶ ᠬᠤᠰᠢᠭᠤ ᠰᠢᠶᠠᠨ ᠤ ᠲᠠᠷᠢᠶᠠᠯᠠᠩ ᠮᠠᠯ ᠠᠵᠤ | ᠠᠬᠤᠶ ᠳᠤ ᠬᠤᠯᠪᠣᠭᠳᠠᠬᠤ ᠪᠡᠯᠡ ᠮᠦᠩᠭᠦ ᠶᠢ ᠡᠮᠬᠢᠯᠡᠨ ᠨᠡᠶᠢᠳᠭᠡᠬᠦ ᠲᠤᠷᠰᠢᠯᠲᠠ ᠶᠢᠨ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ᠤᠨ ᠠᠵᠢᠯ ᠤᠨ | ᠱᠠᠭᠠᠷᠳᠠᠯᠭ᠎ᠠ ᠶᠣᠰᠣᠭᠠᠷ᠂ ︽ᠬᠡᠷᠡᠭᠴᠡᠭᠡ ᠶᠢ ᠦᠨᠳᠦᠰᠦᠯᠡᠨ ᠴᠡᠭᠴᠡᠯᠡᠬᠦ᠂ ᠴᠡᠭᠴᠡᠯᠡᠪᠡᠰᠦ ᠵᠣᠬᠢᠬᠤ ᠶᠢ ᠨᠢ ᠪᠦᠬᠦᠨ ᠢ ᠴᠡᠭᠴᠡᠯᠡᠬᠦ᠂ ᠵᠢᠷᠤᠮᠵᠢᠭᠤᠯᠤᠨ ᠡᠮᠬᠢᠯᠡᠨ | ᠨᠡᠶᠢᠯᠡᠭᠦᠯᠬᠦ︾ ᠵᠠᠷᠴᠢᠮ ᠶᠣᠰᠣᠭᠠᠷ᠂ ᠦᠴᠤᠸᠠᠨ ᠰᠢᠶᠠᠨ ᠪᠣᠯᠤᠨ ᠴᠢᠩ ᠱᠦᠶ ᠾᠧ ᠰᠢᠶᠠᠨ ᠢ ᠴᠠᠭ ᠲᠤᠬᠠᠶ ᠳᠤᠨᠢ ᠵᠢᠯᠣᠭᠤᠳᠴᠤ ᠪᠠᠶᠢᠭᠠᠳ ᠨᠢᠭᠡᠳᠦᠯᠲᠡᠶ | ᠲᠥᠯᠦᠪᠯᠡᠨ ᠡᠮᠬᠢᠯᠡᠨ ᠨᠡᠶᠢᠳᠭᠡᠬᠦ ᠠᠵᠢᠯ ᠢ ᠰᠠᠶᠢᠲᠤᠷ ᠬᠢᠯᠭᠡᠪᠡ᠃ ᠬᠤᠲᠠ ᠶᠢᠨ ᠶᠠᠳᠠᠭᠤ ᠶᠢ ᠲᠡᠳᠬᠦᠬᠦ ᠠᠯᠪᠠᠨ ᠭᠡᠷ᠂ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠤᠰᠤᠨ ᠤ ᠶᠠᠪᠤᠳᠠᠯ ᠤᠨ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ᠂ ᠣᠢ ᠰᠢᠭᠤᠶ | ᠨᠤᠲᠤᠭ ᠪᠡᠯᠴᠢᠭᠡᠷ ᠤᠨ ᠲᠣᠪᠴᠢᠶ᠎ᠠ ᠵᠢᠷᠭᠤᠭᠠᠨ ᠰᠠᠯᠠᠭ᠎ᠠ ᠮᠥᠴᠢᠷ ᠲᠠᠢ ᠬᠠᠮᠲᠤᠷᠠᠨ ᠬᠢᠨᠠᠭᠰᠠᠨ ᠪᠠ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠬᠦ | ᠠᠯᠪᠠᠨ ᠭᠡᠷ᠂ ᠡᠳ᠋ ᠤᠨ ᠵᠠᠰᠠᠭ ᠤᠨ ᠲᠢᠩᠬᠢᠮ ᠢᠶᠠᠷ ᠵᠦᠪᠰᠢᠶᠡᠷᠡᠭᠦᠯᠦᠭᠡᠳ᠂ 2020 ᠣᠨ ᠳᠤ᠂ ᠮᠠᠨ ᠤ ᠬᠤᠲᠠ ᠶᠢᠨ ᠶᠠᠳᠠᠭᠤ ᠬᠦᠴᠢᠷᠳᠡᠯᠲᠡᠶ ᠰᠢᠶᠠᠨ ᠤ | ᠲᠠᠷᠢᠶᠠᠯᠠᠩ ᠳᠤ ᠬᠤᠯᠪᠣᠭᠳᠠᠬᠤ ᠪᠡᠯᠡ ᠮᠥᠩᠭᠦ ᠶᠢ 1.68 ᠳ᠋ᠦᠩᠰᠢᠭᠤᠷ ᠲᠥᠭᠦᠷᠢᠭ ᠡᠮᠬᠢᠯᠡᠨᠨᠡᠶᠢᠳᠭᠡᠬᠦ ᠪᠠᠷ ᠲᠦᠯᠦᠪᠯᠡᠵᠦ᠂ 7 ᠳ᠋ᠤᠭᠠᠷ ᠰᠠᠷ᠎ᠠ ᠶᠢᠨ | 20 ᠤ ᠡᠳᠦᠷ ᠪᠣᠯᠲᠠᠯ᠎ᠠ᠂ ᠮᠠᠨ ᠤ ᠬᠤᠲᠠ ᠨᠢᠭᠡᠨᠲᠡ ᠲᠥᠯᠥᠪᠯᠡᠭᠡ ᠶᠣᠰᠣᠭᠠᠷ ᠡᠮᠬᠢᠯᠡᠨ ᠨᠡᠶᠢᠯᠡᠭᠦᠯᠦᠭᠰᠡᠨ ᠪᠦᠭᠡᠳ 4297.71 ᠲᠦᠮᠡᠨ ᠲᠥᠭᠦᠷᠢᠭ ᠤᠨ | ᠵᠠᠷᠤᠯᠭ᠎ᠠ ᠶᠢ ᠪᠡᠶᠡᠯᠡᠭᠦᠯᠵᠦ᠂ ᠶᠠᠳᠠᠭᠤ ᠬᠦᠴᠢᠷᠳᠡᠯᠲᠡᠢ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠠᠬᠢᠭᠤᠯᠬᠤ ᠳᠤ | ᠯᠠᠪᠳᠠᠭᠤᠨ ᠪᠠᠲᠤᠲᠠᠢ ᠪᠡᠯᠡ ᠮᠥᠩᠭᠦ ᠶᠢᠨ ᠰᠠᠭᠤᠷᠢ ᠲᠠᠯᠪᠢᠪᠠ᠃ | ᠲᠦᠷᠪᠡ ᠳᠤ ᠲᠣᠭᠤᠷᠢᠨ ᠪᠠᠶᠢᠴᠠᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠲᠠᠢ ᠤᠶᠠᠯᠳᠤᠭᠤᠯᠤᠨ᠂ ᠶᠠᠳᠠᠭᠤ ᠶᠢ ᠲᠡᠳᠬᠦᠬᠦ ᠪᠡᠯᠡ | ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠲᠡᠭᠦᠯᠳᠡᠷᠵᠢᠬᠦᠯᠪᠡ᠃ ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠪᠣᠯ ᠡᠳ᠋ ᠤᠨ ᠵᠠᠰᠠᠭ ᠤᠨ | ᠶᠠᠳᠠᠭᠤ ᠶᠢ ᠳᠡᠳᠬᠦᠬᠦ ᠪᠡᠯᠡ ᠮᠥᠩᠭᠦ ᠶᠢᠨ ᠬᠠᠮᠢᠶᠠᠷᠤᠯᠲᠠ ᠶᠢᠨ ᠴᠢᠬᠤᠯᠠ ᠠᠭᠤᠯᠭ᠎ᠠ ᠪᠣᠯᠤᠨ᠎ᠠ᠃ ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠬᠢᠨᠠᠨ | ᠬᠠᠮᠢᠶᠠᠷᠤᠯᠲᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠤᠷᠲᠤ ᠬᠤᠭᠤᠴᠠᠭᠠᠨ ᠤ | ᠪᠦᠲᠦᠮᠵᠢᠲᠡᠶ ᠬᠢᠨᠠᠨ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠬᠦ ᠶᠢᠨ ᠲᠥᠯᠥᠭᠡ᠂ ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠵᠠᠰᠠᠭ ᠤᠨ | ᠣᠷᠳᠣᠨ ᠢ ᠣᠷᠣᠯᠠᠨ ︽ᠬᠥᠬᠡᠬᠤᠲᠠ ᠶᠢᠨ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠪᠡᠯᠡ ᠮᠥᠩᠭᠦ ᠳᠤ ᠬᠢᠨᠠᠯᠲᠠ ᠲᠠᠯᠪᠢᠬᠤ ᠪᠠ ᠠᠵᠢᠯ ᠤᠨ ᠪᠦᠳᠦᠮᠵᠢ ᠶᠢ | ᠬᠢᠨᠠᠨ ᠬᠠᠮᠢᠶᠠᠷᠬᠤ ᠶᠢ ᠴᠢᠩᠭᠠᠳᠬᠠᠬᠤ ᠬᠡᠷᠡᠭᠵᠢᠭᠦᠯᠬᠦ ᠲᠥᠰᠦᠯ︾ ᠢ ᠲᠤᠭᠤᠷᠪᠢᠭᠰᠠᠨ ᠤ ᠬᠠᠮᠲᠤ ᠲᠤᠬᠠᠶ ᠶᠢᠨ ᠭᠠᠵᠠᠷ ᠤᠨ ᠪᠠᠶᠢᠴᠠᠭᠠᠯᠲᠠ ᠪᠣᠯᠤᠨ ᠠᠮᠵᠢᠯᠲᠠ | ᠪᠦᠳᠦᠮᠵᠢ ᠶᠢ ᠦᠨᠡᠯᠡᠬᠦ ᠬᠤᠶᠠᠷ ᠲᠠᠯ ᠠ ᠪᠠᠷ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠪᠠ᠃ | ᠨᠢᠭᠡ ᠲᠠᠯ᠎ᠠ ᠪᠠᠷ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠲᠤᠰᠬᠠᠶ ᠪᠡᠯᠡ ᠮᠥᠩᠭᠦ ᠶᠢᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠵᠢᠴᠢ ᠡᠯ᠎ᠡ ᠱᠠᠲᠤ | ᠲᠡᠰ ᠤᠨ ᠲᠣᠭᠤᠷᠢᠨ ᠪᠠᠶᠢᠴᠠᠭᠠᠭᠰᠠᠨ᠂ ᠰᠢᠮᠳᠠᠭᠤᠯᠤᠨ ᠪᠠᠶᠢᠴᠠᠭᠠᠭᠰᠠᠨ᠂ ᠭᠢᠨᠠᠨ ᠰᠢᠯᠭᠠᠵᠤᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠲᠠᠢ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ ᠤ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠲᠠᠢ ᠴᠢᠩᠭ᠎ᠠ ᠬᠠᠷᠢᠴᠠᠭᠤᠯᠵᠤ᠂ | ᠬᠤᠲᠠ ᠶᠢᠨ ᠨᠠᠮ ᠤᠨ ᠬᠤᠷᠢᠶ᠎ᠠ ᠬᠤᠲᠠ ᠶᠢᠨ ᠵᠠᠰᠠᠭ ᠤᠨ ᠣᠷᠳᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠬᠤ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠲᠣᠤᠷ ᠲᠠᠲᠠᠬᠤ ᠮᠠᠶ᠋ᠢᠭ ᠤᠨ᠂ ᠪᠦᠬᠦ | ᠰᠦᠯᠵᠢᠶ᠎ᠡ ᠶᠢᠨ ᠮᠠᠶ᠋ᠢᠭ ᠤᠨ᠂ ᠪᠦᠬᠦᠨ ᠢ ᠬᠠᠮᠤᠷᠤᠭᠰᠠᠨ ︽ᠢᠯᠡᠷᠡᠭᠦᠯᠬᠦ᠂ ᠳᠠᠬᠢᠨ ᠬᠠᠷᠭᠤᠭᠤᠯᠤᠨ ᠪᠠᠶᠢᠴᠠᠭᠠᠬᠤ︾ ᠠᠵᠢᠯᠯᠠᠭ᠎ᠠ ᠶᠢ ᠪᠦᠬᠦ ᠲᠠᠯ᠎ᠠ ᠪᠠᠷ | ᠥᠷᠨᠢᠭᠦᠯᠵᠦ᠂ ︽ᠣᠷᠠᠨ ᠲᠠᠷᠬᠠᠨ︾ ᠤ ᠵᠣᠷᠢᠭ ᠰᠠᠨᠠᠭ᠎ᠠ᠂ ︽ᠬᠤᠸᠠᠷ ᠬᠠᠳᠬᠤᠬᠤ︾ ᠡᠷᠳᠡᠮ ᠢᠶᠠᠷ ᠲᠤᠬᠠᠶ ᠶᠢᠨ ᠭᠠᠵᠠᠷ ᠲᠤᠨᠢ ᠰᠢᠮᠳᠠᠭᠤᠯᠤᠨ | ᠰᠢᠢᠳᠪᠦᠷᠢᠯᠡᠭᠦᠯᠵᠦ᠂ ︽ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠣᠭᠤᠮᠲᠠ︾ ᠶᠢ ᠡᠷᠡᠰ ᠰᠠᠶᠢᠲᠤᠷ ᠲᠠᠪᠠᠵᠤ᠂ ᠴᠡᠭᠴᠡᠯᠡᠨ | ᠰᠠᠶᠢᠵᠢᠷᠠᠭᠤᠯᠤᠭᠰᠠᠨ ᠰᠢᠯᠢᠳᠡᠭ ᠦᠷ᠎ᠡ ᠪᠦᠲᠦᠮᠵᠢ ᠪᠠᠷ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠶᠡᠷᠦᠩᠬᠡᠢ ᠰᠢᠯᠭᠠᠨ ᠬᠤᠷᠢᠶᠠᠯᠲᠠ ᠶᠢ | ᠤᠭᠲᠤᠬᠤ ᠶᠢ ᠦᠨᠡᠨᠬᠦ ᠪᠠᠳᠤᠯᠠᠪᠠ᠃ ᠪᠢᠳᠡ ᠤᠷᠢᠳ ᠬᠤᠵᠢᠳ 3 ᠤᠳᠠᠭ᠎ᠠ ᠲᠤᠰᠬᠠᠶ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠲᠣᠮᠢᠯᠠᠵᠤ᠂ ᠳᠡᠰ | ᠳᠠᠪᠬᠤᠷᠭ᠎ᠠ ᠬᠤᠪᠢᠶᠠᠨ᠂ ᠭᠤᠣᠯᠳᠠᠯᠭ᠎ᠠ ᠬᠤᠪᠢᠶᠠᠨ ᠪᠦᠬᠦ ᠬᠤᠲᠠ ᠶᠢᠨ 9 ᠬᠤᠰᠢᠭᠤ ᠰᠢᠶᠠᠨ ᠲᠣᠭᠤᠷᠢᠭ ᠵᠢᠴᠢ ᠨᠡᠭᠡᠭᠡᠯᠲᠡ ᠶᠢᠨ ᠲᠣᠭᠤᠷᠢᠭ ᠢ ᠲᠤᠬᠠᠢ ᠶᠢᠨ | ᠭᠠᠵᠠᠷ ᠲᠤᠨᠢ ᠰᠢᠮᠳᠠᠭᠤᠯᠤᠨ ᠪᠠᠶᠢᠴᠠᠭᠠᠪᠠ᠃ ᠡᠯ᠎ᠡ ᠬᠤᠰᠢᠭᠤ ᠰᠢᠶᠠᠨ ᠲᠣᠭᠤᠷᠢᠭ ᠤᠨ ᠦᠩᠭᠡᠷᠡᠭᠰᠡᠨ ᠵᠢᠯ ᠡᠮᠦᠨᠡᠬᠢ ᠤᠳᠠᠭ᠎ᠠ ᠨᠤᠭᠤᠳ ᠤᠨ ᠡᠯ᠎ᠡ ᠳᠡᠰ | ᠳᠠᠪᠬᠤᠷᠭ᠎ᠠ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠣᠭᠤᠷᠢᠨ ᠪᠠᠶᠢᠴᠠᠭᠠᠯᠲᠠ᠂ ᠬᠢᠨᠠᠨ ᠰᠢᠯᠭᠠᠯᠲᠠ ᠵᠡᠷᠭᠡ ᠪᠠᠷ ᠢᠯᠡᠷᠡᠭᠦᠯᠦᠭᠰᠡᠨ | ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠵᠢᠴᠢ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠶᠢ ︽ᠡᠷᠬᠢᠨ ᠬᠠᠷᠠᠬᠤ︾ ᠠᠵᠢᠯ ᠢ | ᠭᠤᠣᠯᠳᠠᠯᠭ᠎ᠠ ᠲᠠᠢ ᠬᠢᠵᠦ᠂ ᠶᠠᠳᠠᠭᠤ ᠶᠢ ᠲᠡᠳᠬᠦᠬᠦ ᠪᠡᠯᠡ ᠮᠥᠩᠭᠦ ᠶᠢ ᠳᠦᠷᠢᠮᠵᠢᠭᠦᠯᠦᠨ ᠥᠨᠳᠥᠷ ᠪᠦᠲᠦᠮᠵᠢᠲᠡᠶ ᠬᠡᠷᠡᠭᠯᠡᠬᠦ ᠲᠣᠭᠤᠷᠢᠨ ᠳᠤ᠂ ᠡᠳ᠋ ᠤᠨ ᠵᠠᠰᠠᠭ | ᠤᠨ ᠶᠠᠳᠠᠭᠤ ᠶᠢ ᠲᠡᠳᠬᠦᠬᠦ ᠲᠤᠰᠬᠠᠶ ᠪᠡᠯᠡ ᠮᠥᠩᠭᠦ ᠶᠢ ᠰᠠᠯᠭᠠᠨ ᠥᠭᠬᠦ ᠴᠠᠭ᠂ ᠵᠠᠷᠤᠯᠭ᠎ᠠ ᠶᠢᠨ ᠠᠬᠢᠴᠠ᠂ ᠵᠢᠷᠤᠮᠵᠢᠭᠤᠯᠤᠨ ᠬᠡᠷᠡᠭᠯᠡᠬᠦ᠂ ᠵᠠᠷᠯᠠᠨ ᠨᠡᠶᠢᠲᠡᠯᠡᠬᠦ | ᠵᠡᠷᠭᠡ ᠳᠤ ᠬᠢᠨᠠᠯᠲᠠ ᠲᠠᠯᠪᠢᠨ ᠪᠠᠶᠢᠴᠠᠭᠠᠵᠤ᠂ ᠠᠰᠠᠭᠤᠳᠠᠯ ᠢ ᠴᠠᠭ ᠲᠤᠬᠠᠶ ᠳᠤᠨᠢ ᠢᠯᠡᠷᠡᠭᠦᠯᠵᠦ᠂ ᠴᠡᠭᠴᠡᠯᠡᠨ ᠰᠠᠶᠢᠵᠢᠷᠠᠭᠤᠯᠬᠤ ᠶᠢ ᠰᠢᠮᠳᠠᠭᠤᠯᠪᠠ᠃ | ᠨᠦᠬᠦᠭᠡ ᠲᠠᠯ᠎ᠠ ᠪᠠᠷ᠂ ᠡᠳ᠋ ᠤᠨ ᠵᠠᠰᠠᠭ ᠤᠨ ᠪᠡᠯᠡ ᠮᠥᠩᠭᠦ ᠶᠢᠨ ᠠᠮᠤᠷ ᠲᠦᠪᠰᠢᠨ ᠪᠣᠯᠤᠨ ᠪᠦᠷᠢᠨ ᠪᠦᠲᠦᠨ ᠢ ᠪᠠᠲᠤᠯᠠᠵᠤ᠂ ᠡᠳ᠋ ᠤᠨ ᠵᠠᠰᠠᠭ ᠤᠨ | ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠬᠦ ᠪᠠᠷ ᠬᠠᠷᠠᠯᠲᠠ ᠪᠣᠯᠭᠠᠵᠤ᠂ ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠠᠮᠵᠢᠯᠲᠠ | ᠪᠦᠲᠦᠮᠵᠢ ᠶᠢᠨ ᠬᠠᠮᠢᠶᠠᠷᠤᠯᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠡᠶ᠃ ᠬᠤᠰᠢᠭᠤ ᠰᠢᠶᠠᠨ ᠥᠪᠡᠷ ᠢ ᠪᠠᠨ ᠦᠨᠡᠯᠡᠬᠦ ᠪᠠ ᠲᠤᠬᠠᠶ ᠶᠢᠨ ᠭᠠᠵᠠᠷ ᠲᠤᠨᠢ | ᠬᠠᠶᠢᠨ ᠪᠠᠶᠢᠴᠠᠭᠠᠬᠤ ᠶᠢ ᠤᠶᠠᠯᠳᠤᠭᠤᠯᠬᠤ ᠬᠡᠯᠪᠡᠷᠢ ᠪᠠᠷ᠂ ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠪᠦᠬᠦ ᠲᠠᠯ᠎ᠠ ᠶᠢᠨ ᠠᠮᠵᠢᠯᠲᠠ ᠪᠦᠲᠦᠮᠵᠢ ᠶᠢᠨ | ᠦᠨᠡᠯᠡᠯᠲᠡ ᠬᠢᠵᠦ᠂ ᠪᠦᠬᠦ ᠬᠤᠲᠠ ᠶᠢᠨ 9 ᠬᠤᠰᠢᠭᠤ ᠰᠢᠶᠠᠨ ᠲᠣᠭᠤᠷᠢᠭ ᠵᠢᠴᠢ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠤᠭᠤᠷᠢᠭ ᠤᠨ 2019 | ᠣᠨ ᠤ ᠶᠠᠳᠠᠭᠤ ᠶᠢ ᠲᠡᠳᠬᠦᠬᠦ ᠪᠡᠯᠡ ᠮᠥᠩᠭᠦ ᠶᠢ ᠬᠡᠷᠡᠭᠯᠡᠭᠰᠡᠨ ᠪᠠᠶᠢᠳᠠᠯ ᠳᠤ ᠲᠤᠬᠠᠢ ᠶᠢᠨ ᠭᠠᠵᠠᠷ ᠲᠤᠨᠢ ᠠᠮᠵᠢᠯᠲᠠ ᠪᠦᠲᠦᠮᠵᠢ ᠶᠢᠨ ᠦᠨᠡᠯᠡᠯᠲᠡ ᠬᠢᠬᠦ ᠶᠢᠨ | ᠬᠠᠮᠳᠤ ︽ᠬᠥᠬᠡᠬᠤᠲᠠ ᠶᠢᠨ 2019 ᠣᠨ ᠤ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠲᠤᠰᠬᠠᠶ ᠪᠠᠯᠠ ᠮᠥᠩᠭᠦ ᠶᠢᠨ ᠠᠮᠵᠢᠯᠲᠠ ᠪᠦᠳᠦᠮᠵᠢ ᠶᠢ | ᠦᠨᠡᠯᠡᠭᠰᠡᠨ ᠮᠡᠳᠡᠭᠦᠯᠦᠯᠲᠡ︾ ᠭᠠᠷᠭᠠᠵᠤ᠂ ᠶᠠᠳᠠᠭᠤ ᠶᠢ ᠲᠡᠳᠬᠦᠬᠦ ᠲᠥᠷᠥᠯ ᠵᠦᠢᠯ ᠤᠨ ᠪᠠᠯᠠ ᠮᠥᠩᠭᠦ ᠶᠢᠨ ᠠᠵᠢᠯ ᠤᠨ ᠪᠦᠳᠦᠮᠵᠢ ᠶᠢᠨ ᠬᠠᠮᠢᠶᠠᠷᠤᠯᠲᠠ ᠶᠢᠨ | ᠬᠢᠷᠢ ᠲᠦᠪᠰᠢᠨ ᠢ ᠳᠡᠭᠡᠭᠰᠢᠯᠡᠭᠦᠯᠪᠡ᠃ ᠡᠭᠦᠨ ᠠᠴᠠ ᠭᠠᠳᠠᠨ᠎ᠠ᠂ ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠬᠦᠳᠡᠯᠦᠯ ᠪᠠᠶᠢᠳᠠᠯ ᠢ ᠬᠢᠨᠠᠨ ᠡᠵᠡᠮᠳᠡᠬᠦ | ᠲᠠᠪᠴᠠᠩ ᠢ ᠬᠦᠢᠴᠡᠳ ᠠᠰᠢᠭᠯᠠᠵᠤ᠂ ᠡᠯ᠎ᠡ ᠬᠤᠰᠢᠭᠤ ᠰᠢᠶᠠᠨ ᠲᠣᠭᠤᠷᠢᠭ ᠤᠨ ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠡᠳᠦᠷ ᠲᠤᠲᠤᠮ ᠤᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠵᠤ᠂ ᠡᠳᠦᠷ ᠲᠤᠲᠤᠮ ᠬᠢᠨᠠᠯᠲᠠ ᠲᠠᠯᠪᠢᠵᠤ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ᠂ 6 ᠤᠳᠠᠭ᠎ᠠ ᠰᠢᠮᠳᠠᠭᠤᠯᠤᠨ | ᠪᠠᠶᠢᠴᠠᠭᠠᠭᠰᠠᠨ ᠵᠠᠷᠯᠠᠯ ᠳᠠᠷᠤᠮᠠᠯᠯᠠᠨ ᠲᠠᠷᠬᠠᠭᠠᠵᠤ᠂ ᠬᠤᠰᠢᠭᠤ ᠰᠢᠶᠠᠨ ᠲᠣᠭᠤᠷᠢᠭ ᠤᠨ ᠬᠢᠨ ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠬᠦᠳᠡᠯᠦᠯ ᠪᠠᠶᠢᠳᠠᠯ ᠢ | ᠬᠢᠨᠠᠨ ᠡᠵᠡᠮᠳᠡᠬᠦ ᠲᠠᠪᠴᠠᠩ ᠢᠶᠠᠷ ᠪᠡᠯᠡ ᠮᠥᠩᠭᠦ ᠶᠢᠨ ᠳᠠᠩᠰᠠ ᠲᠡᠮᠳᠡᠭᠯᠡᠬᠦ ᠪᠠ ᠬᠤᠪᠢᠶᠠᠷᠢᠯᠠᠬᠤ ᠪᠠᠨ ᠲᠦᠷᠢᠮᠵᠢᠭᠦᠯᠬᠦ ᠶᠢ ᠰᠢᠮᠳᠠᠭᠤᠯᠵᠤ᠂ ᠠᠮᠵᠢᠯᠲᠠ | ᠪᠦᠲᠦᠮᠵᠢ ᠶᠢᠨ ᠬᠠᠷᠠᠯᠲᠠ ᠶᠢ ᠲᠠᠭᠯᠠᠨ ᠮᠡᠳᠡᠭᠦᠯᠬᠦ ᠪᠠ ᠬᠢᠨᠠᠨ ᠬᠠᠷᠭᠤᠭᠤᠯᠬᠤ ᠶᠢ ᠲᠡᠭᠦᠯᠳᠡᠷᠵᠢᠭᠦᠯᠵᠦ᠂ ᠬᠤᠰᠢᠭᠤ ᠰᠢᠶᠠᠨ ᠲᠣᠭᠤᠷᠢᠭ ᠤᠨ ᠬᠢᠨ ᠪᠡᠯᠡ | ᠮᠥᠩᠭᠦ ᠶᠢᠨ ᠵᠠᠷᠤᠯᠭ᠎ᠠ ᠶᠢᠨ ᠠᠬᠢᠴᠠ ᠶᠢ ᠤᠯᠠᠮ ᠨᠢᠭᠡ ᠠᠯᠬᠤᠮ ᠲᠦᠷᠭᠡᠳᠬᠡᠵᠦ᠂ ᠲᠥᠷᠥᠯ ᠵᠦᠢᠯ ᠤᠨ ᠪᠡᠯᠡ ᠮᠥᠩᠭᠦ ᠶᠢ ᠬᠢᠨᠠᠨ ᠡᠵᠡᠮᠳᠡᠬᠦ ᠬᠢᠷᠢ ᠬᠡᠮᠵᠢᠶ᠎ᠡ | ᠪᠠᠨ ᠲᠡᠭᠡᠭᠰᠢᠯᠡᠭᠦᠯᠬᠦ ᠶᠢ ᠱᠠᠭᠠᠷᠳᠠᠵᠠᠢ᠃ | ᠲᠠᠪᠤ ᠳᠤ ᠪᠠᠯᠠ ᠮᠥᠩᠭᠦ ᠶᠢ ᠵᠠᠷᠯᠠᠨ ᠨᠡᠶᠢᠲᠡᠯᠡᠬᠦ ᠶᠢ ᠴᠢᠩᠭᠠᠳᠬᠠᠵᠤ᠂ ᠪᠠᠯᠠ ᠮᠥᠩᠭᠦ ᠶᠢᠨ ᠬᠤᠪᠢᠶᠠᠷᠢᠯᠠᠯᠲᠠ ᠶᠢᠨ ᠢᠯᠡ ᠲᠣᠳᠣ ᠪᠠᠶᠢᠬᠤ ᠶᠢ ᠦᠨᠡᠨᠬᠦ | ᠪᠠᠳᠤᠯᠠᠪᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠬᠦ ᠪᠠᠯᠠ ᠮᠥᠩᠭᠦ ᠶᠢᠨ ᠲᠥᠷᠥᠯ ᠵᠦᠢᠯ ᠢ ᠵᠠᠷᠯᠠᠨ ᠨᠡᠶᠢᠲᠡᠯᠡᠬᠦ | ᠬᠡᠷᠡᠭᠵᠢᠭᠦᠯᠬᠦ ᠠᠷᠭ᠎ᠠ ︵ᠵᠠᠰᠠᠪᠤᠷᠢ ᠤᠷᠤᠭᠤᠯᠤᠭᠰᠠᠨ︶︾ ᠶᠢᠨ ᠶᠠᠳᠠᠭᠤ ᠶᠢ ᠲᠡᠳᠬᠦᠬᠦ ᠪᠠᠯᠠ ᠮᠥᠩᠭᠦ ᠶᠢ ︽ᠬᠡᠨ ᠬᠤᠪᠢᠶᠠᠷᠢᠯᠠᠪᠠᠯ ᠬᠡᠨ ᠬᠡᠷᠡᠭᠯᠡᠵᠦ᠂ ᠬᠡᠨ | ᠢᠯᠡ ᠪᠣᠯᠭᠠᠬᠤ︾ ᠵᠠᠷᠴᠢᠮ ᠶᠣᠰᠣᠭᠠᠷ᠂ ᠬᠤᠲᠠ ᠶᠢᠨ ᠡᠳ᠋ ᠤᠨ ᠵᠠᠰᠠᠭ ᠤᠨ ᠲᠣᠪᠴᠢᠶᠠᠨ ᠤ ᠠᠯᠪᠠᠨ ᠰᠦᠯᠵᠢᠶ᠎ᠡ ᠪᠠᠷ 2020 ᠣᠨ ᠳᠤ ᠪᠠᠭᠤᠯᠭᠠᠭᠰᠠᠨ | ᠡᠯ᠎ᠡ ᠱᠠᠲᠤᠨ ᠤ ᠡᠯ᠎ᠡ ᠲᠥᠷᠥᠯ ᠤᠨ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠲᠤᠰᠬᠠᠶ ᠪᠡᠯᠡ ᠮᠥᠩᠭᠦ ᠶᠢ 5.2 ᠳ᠋ᠦᠩᠰᠢᠭᠤᠷ ᠲᠥᠭᠦᠷᠢᠭ | ᠬᠤᠪᠢᠶᠠᠷᠢᠯᠠᠭᠰᠠᠨ ᠪᠠᠶᠢᠳᠠᠯ ᠢ ᠪᠦᠬᠦ ᠲᠠᠯ᠎ᠠ ᠪᠠᠷ ᠵᠠᠷᠯᠠᠨ ᠨᠡᠶᠢᠲᠡᠯᠡᠵᠦ᠂ ᠨᠡᠶᠢᠭᠡᠮ ᠤᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠶᠠᠳᠠᠭᠤ ᠶᠢ | ᠲᠡᠳᠬᠦᠬᠦ ᠪᠡᠯᠡ ᠮᠥᠩᠭᠦ ᠶᠢ ᠢᠯᠡ ᠪᠠᠷ ᠬᠡᠷᠡᠭᠯᠡᠬᠦ ᠶᠢ ᠦᠨᠡᠨᠬᠦ ᠪᠠᠳᠤᠯᠠᠪᠠ᠃ | 7. ᠬᠥᠲᠥᠯᠥᠭᠴᠢ | ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠰᠠᠯᠠᠭ᠎ᠠ ᠮᠥᠴᠢᠷ ᠤᠨ ᠡᠭᠦᠷᠭᠡ ᠴᠢᠳᠠᠪᠤᠷᠢ ᠳᠤ ᠪᠠᠨ ᠰᠠᠭᠤᠷᠢᠯᠠᠨ᠂ ᠶᠠᠳᠠᠭᠤ ᠶᠢ ᠲᠡᠳᠬᠦᠬᠦ ᠪᠠᠯᠠ | ᠮᠥᠩᠭᠦ ᠶᠢᠨ ᠪᠠᠲᠤᠯᠠᠭ᠎ᠠ ᠶᠢᠨ ᠬᠢᠨᠠᠯᠲᠠ ᠬᠠᠮᠢᠶᠠᠷᠤᠯᠲᠠ ᠶᠢᠨ ᠲᠣᠭᠤᠷᠢᠨ ᠳᠤ ᠶᠡᠭᠡ ᠬᠡᠮᠵᠢᠶᠡᠨ ᠤ ᠠᠵᠢᠯ ᠬᠢᠭᠰᠡᠨ ᠢ ᠪᠢᠳᠡ ᠣᠯᠵᠤ ᠬᠠᠷᠠᠯ᠎ᠠ᠃ ᠡᠭᠦᠨ ᠤ | ᠵᠡᠷᠭᠡᠪᠡᠷ᠂ ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠨᠢ ᠨᠡᠶᠢᠭᠡᠮ ᠤᠨ ᠶᠠᠳᠠᠭᠤ ᠶᠢ ᠲᠡᠳᠬᠦᠬᠦ ᠠᠵᠢᠯ ᠢ ᠴᠤ ᠮᠠᠰᠢ ᠰᠠᠶᠢᠨ ᠬᠢᠵᠦ᠂ ᠶᠠᠳᠠᠭᠤ | ᠬᠦᠴᠢᠷᠳᠡᠯᠲᠡᠶ ᠣᠯᠠᠨ ᠲᠦᠮᠡᠨ ᠤ ᠮᠠᠭᠲᠠᠭᠠᠯ ᠰᠠᠶᠢᠰᠢᠶᠠᠯ ᠢ ᠣᠯᠤᠭᠰᠠᠨ ᠪᠠᠶᠢᠨ᠎ᠠ᠃ ᠡᠨᠡ ᠵᠢᠯ ᠤᠨ 7 ᠳ᠋ᠤᠭᠠᠷ ᠰᠠᠷ᠎ᠠ ᠳᠤ᠂ ᠬᠤᠲᠠ ᠶᠢᠨ ᠨᠠᠮ ᠤᠨ | ᠬᠤᠷᠢᠶᠠᠨ ᠤ ᠤᠬᠠᠭᠤᠯᠬᠤ ᠬᠡᠯᠲᠡᠰ ᠲᠤᠰᠬᠠᠶᠢᠯᠠᠨ ᠬᠤᠲᠠ ᠶᠢᠨ ᠡᠳ᠋ ᠤᠨ ᠵᠠᠰᠠᠭ ᠤᠨ ᠨᠢᠭᠡ ᠳᠤ ᠨᠢᠭᠡ ᠬᠠᠪᠰᠤᠷᠤᠨ ᠲᠡᠳᠬᠦᠬᠦ ᠠᠵᠢᠯ ᠢ ᠤᠬᠠᠭᠤᠯᠤᠨ | ᠮᠡᠳᠡᠭᠡᠯᠡᠪᠡ᠃ ᠣᠯᠠᠨ ᠳᠤ ᠲᠠᠨᠢᠯᠴᠠᠭᠤᠯᠤᠭᠠᠳ ᠦᠭᠭᠦᠨ᠎ᠡ ᠤᠤ᠃ | 8.ᠠᠯᠪᠠᠨ ᠭᠡᠷ ᠤᠨ ᠳᠡᠳ᠋ ᠡᠷᠬᠢᠯᠡᠭᠴᠢ ᠵᠤᠤ ᠶᠠ ᠷᠦ᠋ | ᠬᠦᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠡᠷᠦᠩᠬᠡᠶ ᠱᠦᠵᠢ ᠰᠢ ᠶᠢᠨ ᠫᠢᠩ ᠤᠨ ︽ᠠᠷᠠᠳ ᠲᠦᠮᠡᠨ ᠢᠶᠠᠷ ᠭᠤᠣᠯ ᠪᠣᠯᠭᠠᠬᠤ︾ ᠴᠢᠬᠤᠯᠠ | ᠨᠠᠶᠢᠳᠠᠯᠭ᠎ᠠ ᠶᠢ ᠪᠠᠲᠤ ᠴᠡᠭᠡᠵᠢᠯᠡᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠠᠷᠠᠳ ᠲᠦᠮᠡᠨ ᠳᠤ ᠪᠤᠶᠠᠨ ᠦᠢᠯᠡᠳᠬᠦ ᠬᠠᠮᠤᠭ ᠤᠨ ᠶᠡᠭᠡ | ᠠᠷᠠᠳ ᠤᠨ ᠠᠮᠢᠳᠤᠷᠠᠯ ᠪᠣᠯᠭᠠᠬᠤ ᠶᠢ ᠪᠠᠷᠢᠮᠲᠠᠯᠠᠵᠤ᠂ ᠶᠠᠳᠠᠭᠤ ᠬᠦᠴᠢᠷᠳᠡᠯᠲᠡᠶ ᠣᠯᠠᠨ ᠲᠦᠮᠡᠨ ᠲᠠᠢ ᠴᠠᠭ ᠢᠮᠠᠭᠲᠠ ᠰᠡᠳᠬᠢᠯ ᠵᠢᠷᠦᠬᠡ ᠪᠠᠨ ᠬᠤᠯᠪᠣᠵᠤ᠂ | ᠬᠠᠪᠰᠤᠷᠤᠨ ᠲᠡᠳᠬᠦᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠪᠡ᠃ | ᠨᠢᠭᠡ ᠳᠤ ᠠᠶᠢᠯ ᠡᠷᠦᠬᠡ ᠪᠠᠷ ᠤᠷᠤᠵᠤ ᠬᠠᠯᠠᠭᠤᠨ ᠲᠤᠯᠠᠭᠠᠨ ᠢ ᠳᠠᠮᠵᠢᠭᠤᠯᠵᠤ᠂ ᠶᠠᠳᠠᠭᠤ ᠬᠦᠴᠢᠷᠳᠡᠯᠲᠡᠶ ᠣᠯᠠᠨ ᠲᠦᠮᠡᠨ ᠤ ᠢᠲᠡᠭᠡᠯ ᠵᠣᠷᠢᠭ ᠢ | ᠨᠡᠮᠡᠭᠳᠡᠭᠦᠯᠪᠡ᠃ 2018 ᠣᠨ ᠳᠤ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ 106 ᠡᠳ᠋ ᠤᠨ ᠵᠠᠰᠠᠭ ᠤᠨ ᠺᠠᠳ᠋ᠷ ᠳᠡᠭᠡᠷ᠎ᠡ ᠲᠤᠬᠤᠢ ᠰᠢᠶᠠᠩ ᠤᠨ | 7 ᠵᠠᠰᠠᠭ ᠵᠠᠬᠢᠷᠭᠠᠨ ᠤ ᠲᠣᠰᠬᠤᠨ ᠤ 106 ᠶᠠᠳᠠᠭᠤ ᠬᠦᠴᠢᠷᠳᠡᠯᠲᠡᠶ ᠡᠷᠦᠬᠡ ᠲᠠᠢ ︽ᠨᠢᠭᠡ ᠳᠤ ᠨᠢᠭᠡ ︾ ᠬᠤᠣᠰᠯᠠᠭᠤᠯᠤᠨ ᠬᠠᠪᠰᠤᠷᠤᠨ ᠲᠡᠳᠬᠦᠬᠦ | ᠳᠤᠭᠤᠶᠢᠯᠠᠩ ᠪᠠᠶᠢᠭᠤᠯᠪᠠ᠃ ᠡᠨᠡ ᠵᠢᠯ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠪᠠᠭ ᠤᠨ ᠪᠦᠷᠢᠯᠳᠦᠬᠦᠨ ᠤᠷᠢᠳ ᠬᠤᠵᠢᠳ 4 ᠤᠳᠠᠭ᠎ᠠ | ᠬᠤᠣᠰᠯᠠᠭᠤᠯᠤᠨ ᠬᠠᠪᠰᠤᠷᠤᠨ ᠲᠡᠳᠬᠦᠬᠦ ᠺᠠᠳ᠋ᠷ ᠢ 422 ᠬᠥᠮᠦᠨ ᠤᠳᠠᠭ᠎ᠠ ᠳᠠᠭᠠᠭᠤᠯᠤᠨ ᠦᠴᠤᠸᠠᠨ ᠰᠢᠶᠠᠨ ᠤ ᠶᠠᠳᠠᠭᠤ ᠬᠦᠴᠢᠷᠳᠡᠯᠲᠡᠢ ᠲᠣᠰᠬᠤᠨ ᠳᠤ | ᠬᠦᠷᠴᠦ᠂ ︽ᠨᠢᠭᠡ ᠳᠤ ᠨᠢᠭᠡ︾ ᠪᠠᠷ ᠡᠷᠦᠬᠡ ᠳᠤ ᠤᠷᠤᠵᠤ ᠰᠣᠷᠪᠤᠯᠵᠢᠯᠠᠨ᠂ ᠨᠠᠷᠢᠯᠢᠭ ᠣᠨᠣᠴᠠᠲᠠᠶ ᠪᠠᠷ ᠶᠠᠳᠠᠭᠤ ᠶᠢ ᠲᠡᠳᠬᠦᠬᠦ ᠲᠣᠳᠣᠷᠬᠠᠶ ᠺᠠᠷᠲ ᠢ | ᠪᠠᠶᠢᠴᠠᠭᠠᠨ ᠦᠵᠡᠵᠦ᠂ ᠶᠠᠳᠠᠭᠤ ᠬᠦᠴᠢᠷᠳᠡᠯᠲᠡᠢ ᠡᠷᠦᠬᠡ ᠶᠢᠨ ᠦᠨᠳᠦᠰᠦᠨ ᠮᠡᠳᠡᠭᠡ ᠵᠠᠩᠭᠢ ᠶᠢ ᠬᠠᠷᠭᠤᠭᠤᠯᠤᠨ᠂ ᠶᠠᠳᠠᠭᠤ ᠬᠦᠴᠢᠷᠳᠡᠯᠲᠡᠶ ᠣᠯᠠᠨ ᠲᠦᠮᠡᠨ ᠤ | ᠢᠳᠡᠬᠦ ᠡᠮᠦᠰᠬᠦ᠂ ᠤᠤᠭᠤᠬᠤ ᠤᠰᠤ᠂ ᠣᠷᠣᠨ ᠰᠠᠭᠤᠴᠠ ᠶᠢᠨ ᠠᠮᠤᠷ ᠲᠦᠪᠰᠢᠨ᠂ ᠦᠷ᠎ᠡ ᠬᠡᠤᠬᠡᠳ ᠤᠨ ᠰᠤᠷᠭᠠᠨ ᠬᠥᠮᠦᠵᠢᠯ᠂ ᠠᠵᠢᠯ ᠣᠯᠭᠤᠯᠲᠠ ᠶᠢᠨ | ᠣᠷᠣᠯᠭ᠎ᠠ᠂ ᠡᠮᠴᠢᠯᠡᠭᠡᠨ ᠤ ᠪᠠᠲᠤᠯᠠᠭ᠎ᠠ ᠵᠡᠷᠭᠡ ᠲᠥᠷᠥ ᠶᠢᠨ ᠪᠣᠳᠣᠯᠭ᠎ᠠ ᠶᠢ ᠡᠳ᠋ᠯᠡᠵᠦ ᠪᠠᠶᠢᠭ᠎ᠠ ᠪᠠᠶᠢᠳᠠᠯ ᠵᠢᠴᠢ ᠰᠢᠨ᠎ᠡ ᠬᠤᠪᠢᠷᠠᠯᠲᠠ ᠶᠢ ᠣᠶᠢᠯᠠᠭᠠᠪᠠ᠃ | ᠡᠭᠦᠨ ᠤ ᠬᠠᠮᠲᠤ ᠶᠡᠷᠦᠩᠬᠡᠶ ᠱᠦᠵᠢ ᠶᠢᠨ 6 ᠵᠢᠯ ᠤᠨ 7 ᠤᠳᠠᠭ᠎ᠠ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠳᠠ ᠰᠢᠪᠲᠤᠯᠬᠤ ᠪᠠᠶᠢᠷᠢᠯᠠᠭᠤᠯᠤᠯᠲᠠ ᠶᠢᠨ | ᠵᠢᠭᠠᠪᠤᠷᠢ ᠶᠢᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠬᠤᠲᠠ ᠶᠢᠨ ᠨᠠᠮ ᠤᠨ ᠬᠤᠷᠢᠶᠠᠨ ᠤ ᠭᠤᠤᠯ | ᠤᠳᠤᠷᠢᠳᠤᠯᠭ᠎ᠠ ᠶᠢᠨ ᠶᠠᠳᠠᠭᠤ ᠬᠦᠴᠢᠷᠳᠡᠯᠲᠡᠢ ᠣᠯᠠᠨ ᠲᠦᠮᠡᠨ ᠢ ᠬᠠᠯᠠᠮᠵᠢᠯᠠᠨ ᠲᠣᠬᠤᠨᠢᠭᠤᠯᠤᠭᠰᠠᠨ᠂ ︽ᠡᠳ᠋ ᠤᠨ ᠵᠠᠰᠠᠭ ᠤᠨ ᠪᠡᠯᠡ ᠮᠥᠩᠭᠦ ᠡᠷᠡᠭᠦᠯ ᠢᠶᠠᠷ | ᠶᠠᠳᠠᠭᠤ ᠶᠢ ᠲᠡᠳᠬᠦᠬᠦ︾ ᠵᠡᠷᠭᠡ ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠪᠣᠯᠤᠨ ᠲᠥᠪ ᠬᠤᠲᠠ ᠶᠢᠨ ᠡᠳ᠋ ᠤᠨ ᠵᠠᠰᠠᠭ ᠤᠨ ᠶᠠᠳᠠᠭᠤ ᠶᠢ ᠲᠡᠳᠬᠦᠭᠰᠡᠨ | ᠦᠯᠢᠭᠡᠷ ᠵᠢᠴᠢ ᠦᠷ᠎ᠡ ᠪᠦᠲᠦᠭᠡᠯ ᠢ ᠲᠠᠯᠪᠢᠭᠤᠷ ᠴᠠᠭ ᠤᠯᠠᠷᠢᠯ ᠤᠨ ᠪᠢᠴᠢᠭ ᠪᠣᠯᠭᠠᠨ ᠨᠠᠶᠢᠷᠠᠭᠤᠯᠤᠨ ᠦᠢᠯᠡᠳᠴᠦ᠂ ᠬᠠᠪᠰᠤᠷᠤᠨ ᠲᠡᠳᠬᠦᠬᠦ ᠭᠠᠷ | ᠳᠡᠪᠲᠡᠷ ᠤᠨ ᠪᠢᠴᠢᠯᠭᠡ ᠪᠣᠯᠭᠠᠨ ᠵᠣᠬᠢᠶᠠᠵᠤ᠂ ᠪᠠᠶᠠᠷ ᠤᠨ ᠡᠳᠦᠷ ᠤᠨ ᠲᠣᠬᠤᠨᠢᠭᠤᠯᠬᠤ ᠪᠣᠳᠠᠰ ᠲᠠᠢ ᠬᠠᠮᠲᠤ ᠶᠠᠳᠠᠭᠤ ᠬᠦᠴᠢᠷᠳᠡᠯᠲᠡᠢ ᠡᠷᠦᠬᠡ ᠳᠤ ᠬᠦᠷᠭᠡᠵᠦ᠂ | ᠶᠠᠳᠠᠭᠤ ᠬᠦᠴᠢᠷᠳᠡᠯᠲᠡᠢ ᠤᠯᠠᠨ ᠲᠦᠮᠡᠨ ᠳᠤ ᠨᠠᠮ ᠪᠠ ᠬᠠᠪᠰᠤᠷᠤᠨ ᠲᠡᠳᠬᠦᠬᠦ ᠺᠠᠳ᠋ᠷ ᠤᠨ ᠨᠢᠳᠤᠨ ᠳᠤ ᠦᠵᠡᠭᠳᠡᠵᠦ ᠭᠠᠷ ᠲᠤ ᠪᠠᠷᠢᠭᠳᠠᠮ᠎ᠠ ᠬᠠᠯᠠᠭᠤᠨ ᠬᠠᠶᠢᠷ᠎ᠠ | ᠬᠠᠯᠠᠮᠵᠢ ᠶᠢ ᠭᠦᠨᠵᠡᠭᠡᠢ ᠮᠡᠳᠡᠷᠡᠭᠦᠯᠪᠡ᠃ | ᠬᠤᠶᠠᠷ ᠲᠤ ᠬᠠᠪᠰᠤᠷᠤᠨ ᠲᠡᠳᠬᠦᠬᠦ ᠺᠠᠳ᠋ᠷ ᠤᠨ ᠬᠠᠮᠲᠤᠷᠠᠯ ᠬᠦᠴᠦᠨ ᠢ ᠨᠢᠭᠲᠠᠷᠠᠭᠤᠯᠵᠤ᠂ ᠶᠠᠳᠠᠭᠤ ᠬᠦᠴᠢᠷᠳᠡᠯᠲᠡᠢ ᠤᠯᠠᠨ ᠲᠦᠮᠡᠨ ᠳᠤ | ᠬᠤᠪᠢᠷᠠᠯᠲᠠ ᠶᠢ ᠮᠡᠳᠡᠷᠡᠭᠦᠯᠪᠡ᠃ ᠲᠥᠪ ᠬᠤᠲᠠ ᠶᠢᠨ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ᠂ ᠶᠠᠳᠠᠭᠤ ᠬᠦᠴᠢᠷᠳᠡᠯᠲᠡᠢ | ᠣᠯᠠᠨ ᠲᠦᠮᠡᠨ ᠤ ᠠᠮᠢᠳᠤᠷᠠᠯ ᠤᠨ ᠣᠷᠴᠢᠨ ᠲᠣᠭᠤᠷᠢᠨ ᠢ ᠰᠠᠶᠢᠵᠢᠷᠠᠭᠤᠯᠬᠤ ᠳᠤ ᠬᠦᠴᠦᠨ ᠨᠡᠮᠡᠷᠢᠯᠡᠬᠦ ᠶᠢᠨ ᠲᠥᠯᠥᠭᠡ᠂ ᠬᠤᠲᠠ ᠶᠢᠨ ᠡᠳ᠋ ᠤᠨ ᠵᠠᠰᠠᠭ ᠤᠨ | ᠲᠣᠪᠴᠢᠶ᠎ᠠ 50 ᠭᠠᠷᠤᠶ ᠡᠳ᠋ ᠤᠨ ᠵᠠᠰᠠᠭ ᠤᠨ ᠺᠠᠳ᠋ᠷ ᠢ ᠵᠣᠬᠢᠶᠠᠨ ᠪᠠᠶᠢᠭᠤᠯᠤᠨ ᠲᠣᠪᠴᠢᠶ᠎ᠠ ᠶᠢᠨ ᠨᠠᠷᠢᠯᠢᠭ ᠣᠨᠣᠴᠠᠲᠠᠶ ᠪᠠᠷ ᠶᠠᠳᠠᠭᠤ ᠶᠢ ᠲᠡᠳᠬᠦᠬᠦ | ᠪᠦᠯᠬᠦᠮ ᠤᠨ ᠬᠢᠨ ᠤ ᠬᠠᠪᠰᠤᠷᠤᠨ ᠲᠡᠳᠬᠦᠬᠦ ᠲᠤᠰᠬᠤᠨ ᠪᠣᠯᠬᠤ ᠰᠠᠶᠢᠬᠠᠨ ᠲᠣᠭᠤᠷᠢᠭ ᠤᠨ ᠶᠢᠨ ᠾᠧ ᠪᠠᠯᠭᠠᠰᠤᠨ ᠤ ᠫᠤᠩᠰᠤᠭ ᠤᠨ ᠠᠶᠢᠯ ᠲᠣᠰᠬᠤᠨ ᠳᠤ | ᠬᠦᠷᠴᠦ᠂ ᠤᠯᠤᠰ ᠠᠴᠠ ᠬᠠᠶᠢᠷᠠᠯᠠᠬᠤ ᠡᠷᠡᠭᠦᠯ ᠬᠠᠮᠠᠭᠠᠯᠠᠯ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠤᠲᠠᠪᠠᠶᠢᠭᠤᠯᠬᠤ ᠂ ᠣᠷᠣᠰᠢᠨ ᠰᠠᠭᠤᠬᠤ | ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠵᠡᠶ᠃ ᠶᠠᠳᠠᠭᠤ ᠬᠦᠴᠢᠷᠳᠡᠯᠲᠡᠶ ᠲᠣᠰᠬᠤᠨ ᠤ ᠭᠤᠳᠤᠮᠵᠢ ᠶᠢᠨ ᠬᠤᠭ ᠨᠣᠪᠰᠢ ᠶᠢ | ᠴᠡᠪᠡᠷᠯᠡᠵᠦ᠂ ᠬᠤᠭ ᠰᠢᠷᠤᠢ ᠶᠢ ᠠᠷᠢᠯᠭᠠᠵᠤ᠂ ᠲᠠᠯᠳᠠ ᠭᠠᠵᠠᠷ ᠢ ᠴᠡᠪᠡᠷᠯᠡᠵᠦ᠂ ᠵᠡᠭᠡᠯᠢ ᠭᠤᠳᠤᠮᠵᠢ ᠶᠢᠨ ᠬᠤᠶᠠᠷ ᠬᠠᠵᠠᠭᠤ ᠶᠢᠨ ᠡᠷᠡᠭᠦᠯ ᠬᠠᠮᠠᠭᠠᠯᠠᠯ ᠤᠨ | ᠣᠷᠴᠢᠨ ᠲᠣᠭᠤᠷᠢᠨ ᠢ ᠰᠠᠶᠢᠵᠢᠷᠠᠭᠤᠯᠵᠤ᠂ ᠭᠡᠷ ᠲᠡᠭᠡᠨ ᠬᠥᠳᠡᠯᠮᠦᠷᠢ ᠬᠦᠴᠦ ᠦᠭᠡᠶ ᠶᠠᠳᠠᠭᠤ ᠬᠦᠴᠢᠷᠳᠡᠯᠲᠡᠶ ᠣᠯᠠᠨ ᠲᠦᠮᠡᠨ ᠢ ᠬᠠᠪᠰᠤᠷᠤᠨ ᠬᠦᠷᠢᠶ᠎ᠡ | ᠬᠠᠰᠢᠶ᠎ᠠ ᠶᠢ ᠨᠢ ᠲᠢᠭᠯᠢᠵᠦ᠂ ᠭᠠᠵᠠᠷ ᠰᠢᠷᠣᠶ ᠶᠢ ᠨᠢ ᠲᠡᠭᠰᠢᠯᠡᠵᠦ᠂ ᠢᠳᠡᠰᠢᠨ ᠨᠣᠭᠤᠭ᠎ᠠ ᠲᠠᠷᠢᠵᠤ᠂ ᠨᠡᠩ ᠣᠯᠠᠨ ᠶᠠᠳᠠᠭᠤ ᠬᠦᠴᠢᠷᠳᠡᠯᠲᠡᠶ ᠣᠯᠠᠨ ᠲᠦᠮᠡᠨ ᠢ | ᠭᠡᠷ ᠤᠨ ᠢᠶᠠᠨ ᠡᠭᠦᠳᠡᠨ ᠳᠠᠬᠢ ᠴᠡᠪᠡᠷ ᠴᠡᠮᠴᠡᠭᠡᠷ᠂ ᠭᠤᠶᠤ ᠰᠠᠶᠢᠬᠠᠨ ᠭᠠᠵᠠᠷ ᠰᠢᠷᠣᠶ ᠶᠢ ᠬᠠᠶᠢᠷᠠᠯᠠᠬᠤ ᠪᠣᠯᠭᠠᠵᠤ᠂ ᠶᠠᠳᠠᠭᠤ ᠬᠦᠴᠢᠷᠳᠡᠯᠲᠡᠶ ᠣᠯᠠᠨ | ᠲᠦᠮᠡᠨ ᠲᠠᠢ ᠬᠠᠮᠲᠤᠪᠠᠷ ᠴᠡᠪᠡᠷ ᠰᠠᠶᠢᠬᠠᠨ ᠢᠶᠠᠷ ᠪᠦᠬᠦ ᠲᠠᠯ᠎ᠠ ᠪᠠᠷ ᠴᠢᠨᠡᠭᠡᠯᠢᠭᠵᠢᠬᠦ ᠶᠢ ᠣᠭᠳᠤᠬᠤ ᠶᠢ ᠬᠦᠰᠡᠵᠡᠢ᠃ | ᠭᠤᠷᠪᠠ ᠳᠤ ᠠᠵᠤ ᠦᠢᠯᠡᠰ ᠤᠨ ᠠᠵᠤ ᠠᠬᠤᠢ ᠶᠢ ᠶᠡᠬᠡᠪᠡᠷ ᠬᠥᠭᠵᠢᠭᠦᠯᠵᠦ᠂ ᠶᠠᠳᠠᠭᠤ ᠬᠦᠴᠢᠷᠳᠡᠯᠲᠡᠢ ᠤᠯᠠᠨ ᠲᠦᠮᠡᠨ ᠳᠤ ᠠᠰᠢᠭ ᠬᠥᠷᠲᠡᠭᠡᠪᠡ᠃ | ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠶᠠᠳᠠᠭᠤ ᠶᠢ ᠲᠡᠳᠬᠦᠬᠦ ᠣᠨᠴᠠᠯᠢᠭᠲᠤ ᠠᠵᠤ | ᠦᠢᠯᠡᠰ ᠢ ᠪᠤᠶᠢᠵᠢᠭᠤᠯᠤᠨ ᠪᠣᠵᠠᠭᠠᠶᠢᠷᠠᠭᠤᠯᠬᠤ ᠶᠢᠨ ᠲᠦᠯᠦᠭᠡ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠲᠦᠮᠡᠳ ᠵᠡᠭᠦᠨ ᠬᠤᠰᠢᠭᠤᠨ ᠤ ᠲᠠᠯᠠᠢ | ᠲᠣᠰᠬᠤᠨ ᠳᠤ ᠠᠵᠤ ᠦᠢᠯᠡᠰ ᠢᠶᠠᠷ ᠶᠠᠳᠠᠭᠤ ᠶᠢ ᠳᠡᠳᠬᠦᠬᠦ ᠲᠥᠷᠥᠯ ᠵᠦᠢᠯ ᠤᠨ ᠪᠡᠯᠡ ᠮᠥᠩᠭᠦ 400 ᠲᠦᠮᠡᠨ ᠲᠥᠭᠦᠷᠢᠭ ᠪᠠᠭᠤᠯᠭᠠᠵᠤ ᠲᠤᠬᠠᠢ ᠶᠢᠨ | ᠭᠠᠵᠠᠷ ᠤᠨ ᠬᠤᠴᠠ ᠥᠰᠭᠡᠨ ᠡᠭᠦᠯᠳᠡᠷ ᠰᠠᠶᠢᠵᠢᠷᠠᠭᠤᠯᠬᠤ ᠲᠥᠷᠥᠯ ᠵᠦᠢᠯ ᠢ ᠳᠡᠮᠵᠢᠪᠡ᠃ 2019 ᠣᠨ ᠳᠤ ᠳᠠᠯᠠᠢ ᠲᠣᠰᠬᠤᠨ ᠤ 63 ᠶᠠᠳᠠᠭᠤ | ᠬᠦᠴᠢᠷᠳᠡᠯᠲᠡᠶ ᠡᠷᠦᠬᠡ ᠲᠣᠰ ᠲᠣᠰ 1500 ᠲᠥᠭᠦᠷᠢᠭ ᠬᠤᠪᠢᠳᠠᠨ ᠣᠯᠵᠤ᠂ 131 ᠬᠥᠮᠦᠨ ᠳᠤ ᠠᠰᠢᠭ ᠬᠦᠷᠲᠡᠭᠡᠵᠦ᠂ ᠠᠵᠤ ᠦᠢᠯᠡᠰ ᠢᠶᠠᠷ ᠶᠠᠳᠠᠭᠤ ᠶᠢ | ᠲᠡᠳᠬᠦᠬᠦ ᠶᠢ ᠲᠤᠬᠠᠶ ᠶᠢᠨ ᠭᠠᠵᠠᠷ ᠤᠨ ᠶᠠᠳᠠᠭᠤ ᠬᠦᠴᠢᠷᠳᠡᠯᠲᠡᠶ ᠣᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠬᠤ ︽ᠠᠯᠲᠠᠨ ᠲᠦᠯᠬᠢᠭᠦᠷ︾ | ᠪᠣᠯᠭᠠᠪᠠ᠃ ᠡᠭᠦᠨ ᠤ ᠬᠠᠮᠲᠤ ᠦᠴᠤᠸᠠᠨ ᠰᠢᠶᠠᠨ ᠤ ᠭᠤᠷᠪᠡᠨᠬᠡᠷ ᠲᠣᠰᠬᠤᠨ ᠳᠤ ᠰᠢᠨᠵᠢᠯᠡᠬᠦ ᠣᠬᠠᠭᠠᠨ ᠲᠧᠭᠨᠢᠭ ᠮᠡᠷᠭᠡᠵᠢᠯ ᠤᠨ ᠬᠡᠷᠡᠭᠯᠡᠭᠡᠨ ᠤ ᠰᠤᠳᠤᠯᠤᠨ | ᠨᠡᠭᠡᠭᠡᠬᠦ ᠪᠡᠯᠡ ᠮᠥᠩᠭᠦ ᠶᠢ 20 ᠲᠦᠮᠡᠨ ᠲᠥᠭᠦᠷᠢᠭ ᠣᠯᠵᠤ ᠥᠭᠴᠡᠶ᠃ ᠬᠦᠢᠲᠡᠨ ᠰᠡᠷᠢᠭᠦᠨ ᠭᠠᠵᠠᠷ ᠣᠷᠣᠨ ᠳᠤ ᠲᠠᠷᠪᠤᠰ ᠤᠨ ᠴᠢᠬᠢ ᠪᠤᠶᠢᠵᠢᠭᠤᠯᠬᠤ | ᠰᠢᠯᠵᠢᠭᠦᠯᠦᠨ ᠵᠠᠶᠢᠯᠠᠬᠤ ᠮᠡᠷᠭᠡᠵᠢᠯ ᠢ ᠲᠡᠯᠭᠡᠷᠡᠭᠦᠯᠬᠦ ᠲᠥᠷᠥᠯ ᠵᠦᠢᠯ ᠢ ᠬᠡᠷᠡᠭᠵᠢᠬᠦᠯᠪᠡ︔ ᠶᠠᠳᠠᠭᠤ ᠬᠦᠴᠢᠷᠳᠡᠯᠲᠡᠢ ᠡᠷᠦᠭᠡ ᠳᠤ ᠴᠤᠷᠪᠠᠭ᠎ᠠ ᠪᠠ ᠬᠤᠷᠠᠭ᠎ᠠ | ᠬᠦᠷᠭᠡᠭᠰᠡᠨ ᠤ ᠬᠠᠮᠲᠤ ᠶᠠᠳᠠᠭᠤ ᠬᠦᠴᠢᠷᠳᠡᠯᠲᠡᠶ ᠡᠷᠦᠬᠡ ᠳᠤ 2800 ᠭᠠᠷᠤᠶ ᠴᠣᠷᠪᠠᠭ᠎ᠠ ᠶᠢ ᠦᠨ᠎ᠡ ᠲᠦᠯᠦᠪᠦᠷᠢ ᠦᠭᠡᠢ ᠪᠠᠷ ᠬᠤᠪᠢᠶᠠᠨ ᠥᠭᠴᠦ᠂ | ᠦᠴᠤᠸᠠᠨ ᠰᠢᠶᠠᠨ ᠤ ᠲᠡᠵᠢᠭᠡᠨ ᠦᠷᠡᠵᠢᠭᠦᠯᠬᠦ ᠦᠢᠯᠡᠰ ᠤᠨ ᠪᠦᠲᠦᠴᠡ ᠶᠢ ᠲᠣᠬᠢᠷᠠᠭᠤᠯᠵᠤ᠂ ᠲᠠᠷᠢᠶᠠᠯᠠᠩ ᠳᠤ ᠰᠢᠨ᠎ᠡ ᠵᠠᠮ ᠨᠡᠭᠡᠭᠡᠨ ᠦᠭᠴᠦ᠂ | ᠲᠠᠷᠢᠶᠠᠴᠢᠳ ᠤᠨ ᠣᠷᠣᠯᠭ᠎ᠠ ᠶᠢ ᠲᠠᠰᠤᠷᠠᠯᠲᠠ ᠦᠭᠡᠢ ᠨᠡᠮᠡᠭᠳᠡᠭᠦᠯᠵᠦ᠂ ᠶᠠᠳᠠᠭᠤ ᠬᠦᠴᠢᠷᠳᠡᠯᠲᠡᠶ ᠣᠯᠠᠨ ᠲᠦᠮᠡᠨ ᠤ ᠠᠮᠢᠳᠤᠷᠠᠯ ᠢ ᠤᠯᠠᠮ ᠰᠠᠶᠢᠵᠢᠷᠠᠭᠤᠯᠪᠠ᠃ | ᠳᠥᠷᠪᠡ ᠳᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠰᠠᠶᠢᠨ ᠶᠠᠪᠤᠳᠠᠯ ᠬᠢᠬᠦ ᠢ ᠰᠠᠶᠢᠲᠤᠷ ᠠᠳᠬᠤᠵᠤ᠂ ᠶᠠᠳᠠᠭᠤ ᠬᠦᠴᠢᠷᠳᠡᠯᠲᠡᠢ ᠣᠯᠠᠨ | ᠲᠦᠮᠡᠨ ᠢ ᠰᠡᠳᠬᠢᠯ ᠬᠠᠨᠤᠮᠵᠢᠲᠠᠶ ᠪᠣᠯᠭᠠᠪᠠ᠃ ᠣᠷᠣᠨ ᠤ ᠲᠥᠪ ᠤᠨ ᠡᠳ᠋ ᠤᠨ ᠵᠠᠰᠠᠭ ᠤᠨ ᠬᠥᠮᠦᠰ ᠠᠷᠠᠳ ᠣᠯᠠᠨ ᠰᠡᠳᠬᠢᠯ ᠬᠠᠨᠤᠮᠵᠢᠲᠠᠶ ᠪᠠᠶᠢᠬᠤ ᠡᠰᠡᠬᠦ᠂ | ᠪᠠᠶᠠᠷᠳᠠᠢ ᠪᠠᠶᠢᠬᠤ ᠡᠰᠡᠬᠦ ᠶᠢ ᠶᠠᠳᠠᠭᠤ ᠶᠢ ᠲᠡᠳᠬᠦᠬᠦ ᠠᠵᠢᠯ ᠤᠨ ᠢᠶᠠᠨ ᠭᠠᠷᠤᠭ᠎ᠠ ᠪᠠ ᠦᠷ᠎ᠡ ᠳ᠋ᠦᠩ ᠪᠣᠯᠭᠠᠬᠤ ᠶᠢ ᠪᠠᠷᠢᠮᠳᠠᠯᠠᠵᠤ᠂ ᠦᠷᠭᠦᠯᠵᠢ ᠶᠠᠳᠠᠭᠤ | ᠬᠦᠴᠢᠷᠳᠡᠯᠲᠡᠶ ᠣᠯᠠᠨ ᠲᠦᠮᠡᠨ ᠤ ᠳᠤᠮᠳᠠ ᠬᠦᠷᠴᠦ᠂ ᠶᠠᠳᠠᠭᠤ ᠬᠦᠴᠢᠷᠳᠡᠯᠲᠡᠶ ᠣᠯᠠᠨ ᠲᠦᠮᠡᠨ ᠲᠠᠢ ᠤᠶᠢᠷᠠᠳᠤᠵᠤ᠂ ᠣᠯᠠᠨ ᠲᠦᠮᠡᠨ ᠤ ᠰᠡᠳᠬᠢᠯ ᠤᠨ | ᠳᠠᠭᠤᠨ ᠢ ᠰᠣᠨᠣᠰᠴᠤ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠣᠶᠢᠯᠠᠭᠠᠵᠤ᠂ ᠡᠷᠦᠬᠡ ᠳᠤ ᠬᠦᠷᠴᠦ ᠰᠤᠷᠪᠤᠯᠵᠢᠯᠠᠬᠤ ᠳᠤᠮᠳᠠ ᠬᠦᠴᠢᠷᠳᠡᠯ ᠳᠤ | ᠲᠤᠯᠭᠠᠷᠠᠭᠰᠠᠨ ᠢ ᠨᠢ ᠲᠠᠷᠤᠶᠢᠬᠠᠨ ᠳᠡᠮᠵᠢᠪᠡ︔ ᠲᠦᠮᠡᠳ ᠵᠡᠭᠦᠨ ᠬᠤᠰᠢᠭᠤᠨ ᠤ ᠱᠠᠩᠳᠠ ᠪᠠᠯᠭᠠᠰᠤᠨ ᠤ ᠳᠠᠯᠠᠢ ᠲᠣᠰᠬᠤᠨ ᠤ ᠶᠠᠳᠠᠭᠤ ᠬᠦᠴᠢᠷᠳᠡᠯᠲᠡᠶ | ᠰᠤᠷᠤᠭᠴᠢᠳ ᠲᠤ 2 ᠲᠦᠮᠡᠨ ᠲᠦᠭᠦᠷᠢᠭ ᠤᠨ ᠰᠤᠷᠤᠯᠭ᠎ᠠ ᠶᠢ ᠲᠡᠳᠬᠦᠬᠦ ᠬᠠᠶᠢᠷ᠎ᠠ ᠬᠠᠯᠠᠮᠵᠢ ᠶᠢᠨ ᠮᠥᠩᠭᠦ ᠬᠠᠨᠳᠢᠪᠯᠠᠵᠤ᠂ ᠰᠤᠷᠤᠯᠭ᠎ᠠ ᠶᠢᠨ ᠰᠦᠢᠳᠭᠡᠯ | ᠲᠤᠰᠢᠶᠠᠬᠤ ᠴᠢᠳᠠᠯ ᠥᠬᠡᠶ ᠶᠠᠳᠠᠭᠤ ᠬᠦᠴᠢᠷᠳᠡᠯᠲᠡᠶ ᠬᠡᠷ ᠪᠦᠯᠢ ᠳᠤ ᠬᠦᠴᠢᠷ ᠢ ᠨᠢ ᠰᠢᠢᠳᠪᠦᠷᠢᠯᠡᠵᠦ ᠦᠭᠴᠡᠢ︔ ᠦᠴᠤᠸᠠᠨ ᠰᠢᠶᠠᠨ ᠤ ᠮᠠ ᠸᠠᠩ ᠮᠢᠶᠣᠣ | ᠲᠣᠰᠬᠤᠨ ᠤ 84 ᠨᠠᠰᠤᠲᠠᠶ ᠨᠠᠰᠤᠲᠠᠨ ᠤ ᠪᠡᠶ᠎ᠡ ᠶᠢ ᠤᠬᠢᠶᠠᠵᠤ ᠬᠤᠪᠴᠠᠰᠤ ᠶᠢ ᠨᠢ ᠰᠣᠯᠢᠵᠤ᠂ ᠬᠡᠷᠡᠮ ᠬᠠᠨ᠎ᠠ ᠶᠢ ᠨᠢ ᠰᠢᠷᠳᠡᠵᠦ᠂ ᠭᠤᠯᠢᠷ ᠪᠤᠳᠠᠭ᠎ᠠ ᠠᠮᠤ | ᠲᠣᠰᠣ ᠬᠤᠳᠠᠯᠳᠤᠨ ᠠᠪᠴᠤ ᠦᠭᠭᠦᠨ᠂ ᠣᠷᠣ ᠶᠢᠨ ᠪᠦᠲᠡᠭᠡᠯᠭᠡ ᠬᠥᠨᠵᠢᠯᠡ ᠳᠡᠪᠢᠰᠬᠡᠷ ᠵᠡᠷᠭᠡ ᠠᠮᠢᠳᠤᠷᠠᠯ ᠤᠨ ᠬᠡᠷᠡᠭᠰᠡᠯ ᠢ ᠨᠢ ᠰᠣᠯᠢᠵᠤ ᠦᠭᠭᠦᠨ ᠴᠡᠪᠡᠷ | ᠲᠠᠭᠠᠯᠠᠮᠵᠢᠲᠠᠶ ᠠᠮᠢᠳᠤᠷᠠᠯ ᠤᠨ ᠣᠷᠴᠢᠨ ᠲᠣᠭᠤᠷᠢᠨ ᠢ ᠪᠤᠢ ᠪᠣᠯᠭᠠᠵᠤ ᠥᠭᠪᠡ᠃ ᠡᠭᠦᠨ ᠤ ᠬᠠᠮᠲᠤ᠂ ᠦᠴᠤᠸᠠᠨ ᠰᠢᠶᠠᠨ ᠤ ᠶᠠᠳᠠᠭᠤ ᠬᠦᠴᠢᠷᠳᠡᠯᠲᠡᠶ ᠣᠯᠠᠨ | ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠰᠠᠶᠢᠵᠢᠷᠠᠭᠤᠯᠬᠤ ᠶᠢᠨ ᠲᠥᠯᠥᠭᠡ᠂ ᠬᠤᠲᠠ ᠶᠢᠨ ᠡᠳ᠋ ᠤᠨ ᠵᠠᠰᠠᠭ ᠠᠴᠠ ᠭᠤᠷᠪᠡᠨᠬᠡᠷ ᠲᠣᠰᠬᠤᠨ ᠳᠤ | ᠵᠠᠮ ᠵᠠᠰᠠᠬᠤ ᠶᠢ ᠳᠡᠮᠵᠢᠬᠦ 323 ᠲᠦᠮᠡᠨ ᠲᠥᠭᠦᠷᠢᠭ ᠤᠨ ᠪᠡᠯᠡ ᠮᠥᠩᠭᠦ ᠶᠢ ᠲᠤᠰᠬᠠᠶ ᠵᠦᠢᠯ ᠢᠶᠠᠷ ᠰᠠᠯᠭᠠᠨ ᠥᠭᠴᠦ᠂ ᠰᠢᠨ ᠾᠧ ᠲᠣᠰᠬᠤᠨ ᠠᠴᠠ ᠪᠠᠭ᠎ᠠ | ᠲᠠᠪᠤᠨᠬᠡᠷ ᠲᠣᠰᠬᠤᠨ ᠬᠦᠷᠳᠡᠯᠡᠬᠢ 5.5 ᠺᠢᠯᠣᠮᠧᠲᠷ ᠱᠦᠢᠨᠢ ᠵᠠᠮ ᠢ ᠳᠡᠪᠢᠰᠪᠡ᠃ | ᠲᠠᠪᠤ ᠳᠤ ᠪᠡᠶ᠎ᠡ ᠪᠠᠷ ᠢᠶᠠᠨ ᠲᠣᠰᠬᠤᠨ ᠳᠤ ᠰᠢᠭᠢᠳᠴᠦ᠂ ᠶᠠᠳᠠᠭᠤ ᠬᠦᠴᠢᠷᠳᠡᠯᠲᠡᠢ ᠤᠯᠠᠨ ᠲᠦᠮᠡᠨ ᠳᠤ ᠬᠦᠰᠡᠯ ᠡᠷᠡᠮᠡᠯᠵᠡᠯ ᠣᠯᠭᠤᠵᠠᠢ᠃ 2018 | ᠣᠨ ᠳᠤ 4 ᠡᠳ᠋ ᠤᠨ ᠵᠠᠰᠠᠭ ᠤᠨ ᠺᠠᠳ᠋ᠷ ᠢ ᠰᠣᠩᠭᠤᠨ ᠲᠣᠮᠢᠯᠠᠵᠤ ᠦᠴᠤᠸᠠᠨ ᠰᠢᠶᠠᠨ ᠤ ᠳᠡᠭᠡᠷ᠎ᠡ ᠲᠤᠬᠤᠢ ᠰᠢᠶᠠᠩ ᠳᠤ ᠣᠴᠢᠭᠤᠯᠵᠤ ᠲᠣᠰᠬᠤᠨ ᠳᠤ | ᠰᠠᠭᠤᠭ᠎ᠠ ᠠᠵᠢᠯᠯᠠᠬᠤ ᠠᠩᠭᠢ ᠶᠢᠨ ᠨᠢᠭᠡᠳᠦᠭᠡᠷ ᠱᠦᠵᠢ ᠶᠢᠨ ᠲᠤᠰᠢᠶᠠᠯ ᠢ ᠬᠠᠷᠢᠭᠤᠴᠠᠭᠤᠯᠵᠤ᠂ ᠨᠢᠭᠡᠳᠦᠭᠡᠷ ᠹᠷᠣᠨᠲ ᠲᠤ ᠭᠦᠨᠵᠡᠭᠡᠶᠢᠷᠡᠨ᠂ ᠪᠥᠬᠦ | ᠬᠦᠴᠦᠨ ᠢᠶᠠᠷ ᠢᠶᠠᠨ ᠬᠠᠪᠰᠤᠷᠤᠨ ᠲᠡᠳᠬᠦᠪᠡ᠃ ᠨᠢᠭᠡ ᠳᠤ ᠲᠣᠰᠬᠤᠨ ᠳᠤ ᠰᠠᠭᠤᠬᠤ ᠡᠳᠦᠷ ᠲᠤᠲᠤᠮ ᠤᠨ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠨᠠᠷᠢᠨ | ᠬᠢᠨᠠᠮᠠᠭᠠ ᠬᠦᠢᠴᠡᠳᠭᠡᠬᠦ ᠶᠢᠨ ᠬᠠᠮᠳᠤ ᠣᠯᠠᠨ ᠤᠳᠠᠭ᠎ᠠ ᠡᠷᠦᠬᠡ ᠳᠤ ᠣᠷᠣᠵᠤ᠂ ᠨᠠᠷᠢᠨ ᠬᠢᠨᠠᠮᠠᠭᠠᠶ ᠤᠶᠢᠯᠠᠭᠠᠨ ᠵᠢᠭᠰᠠᠭᠠᠵᠤ᠂ ᠨᠠᠷᠢᠯᠢᠭ ᠤᠨᠤᠴᠠᠳᠠᠢ ᠢᠯᠭᠠᠨ | ᠲᠠᠨᠢᠵᠤ᠂ ᠶᠠᠳᠠᠭᠤ ᠬᠦᠴᠢᠷᠳᠡᠯᠲᠡᠶ ᠡᠷᠦᠬᠡ ᠶᠢᠨ ᠲᠠᠩᠰᠠ ᠡᠪᠬᠡᠮᠡᠯ ᠪᠠᠶᠢᠭᠤᠯᠤᠨ ᠺᠠᠷᠲ ᠵᠣᠬᠢᠶᠠᠬᠤ ᠠᠵᠢᠯ ᠤᠨ ᠰᠠᠭᠤᠷᠢ ᠶᠢ ᠲᠠᠰᠤᠷᠠᠯᠲᠠ ᠥᠬᠡᠶ | ᠪᠠᠬᠢᠵᠢᠭᠦᠯᠪᠡ᠃ ᠬᠤᠶᠠᠷ ᠲᠤ ᠨᠠᠮ ᠤᠨ ᠪᠠᠶᠢᠭᠤᠯᠤᠯᠲᠠ ᠪᠠᠷ ᠳᠠᠮᠵᠢᠭᠤᠯᠤᠨ ᠶᠠᠳᠠᠭᠤ ᠶᠢ ᠲᠡᠳᠬᠦᠬᠦ ᠠᠵᠢᠯ ᠢ ᠠᠳᠬᠤᠵᠤ᠂ ᠶᠠᠳᠠᠭᠤ ᠠᠴᠠ | ᠠᠩᠭᠢᠵᠢᠷᠠᠭᠤᠯᠬᠤ ᠶᠢ ᠠᠬᠢᠭᠤᠯᠵᠤ᠂ ᠲᠦᠷᠦᠭᠦᠯᠡᠨ ᠭᠤᠷᠪᠠᠨ ᠬᠤᠷᠠᠯ ᠨᠢᠭᠡ ᠬᠢᠴᠢᠶᠡᠯ ᠤᠨ ᠲᠦᠷᠢᠮ ᠢ ᠵᠢᠷᠤᠮᠵᠢᠭᠤᠯᠵᠤ᠂ ᠨᠠᠮ ᠤᠨ ᠭᠡᠰᠢᠭᠦᠨ ᠢ ᠵᠣᠬᠢᠶᠠᠨ | ᠪᠠᠶᠢᠭᠤᠯᠵᠤ ᠨᠠᠮ ᠤᠨ ᠬᠢᠴᠢᠶᠡᠯ ᠣᠷᠣᠵᠤ᠂ ︽ᠨᠠᠮ ᠤᠨ ᠪᠠᠶᠢᠭᠤᠯᠤᠯᠲᠠ + ᠶᠠᠳᠠᠭᠤ ᠶᠢ ᠲᠡᠳᠬᠦᠬᠦ︾ ᠨᠠᠮ ᠤᠨ ᠪᠠᠶᠢᠭᠤᠯᠤᠯᠲᠠ ᠶᠢᠨ ᠵᠢᠭᠰᠠᠭᠠᠯ ᠤᠨ | ᠭᠠᠵᠠᠷ ᠢ ᠪᠠᠶᠢᠭᠤᠯᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠨ ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ | ᠴᠡᠭᠡᠵᠢᠯᠡᠬᠦ ᠶᠢ ᠨᠢ ᠪᠠᠳᠤᠳᠬᠠᠪᠠ᠃ ᠭᠤᠷᠪᠠ ᠳᠤ᠂ ᠡᠷᠴᠢ ᠵᠣᠷᠢᠭ ᠢ ᠨᠢ ᠬᠥᠪᠴᠢᠯᠡᠨ ᠣᠶᠤᠨ ᠤᠬᠠᠭᠠᠨ ᠢ ᠨᠢ ᠳᠡᠭᠡᠭᠰᠢᠯᠡᠭᠦᠯᠵᠦ᠂ ᠶᠠᠳᠠᠭᠤ | ᠬᠦᠴᠢᠷᠳᠡᠯᠲᠡᠶ ᠡᠷᠦᠬᠡ ᠶᠢᠨ ᠶᠠᠳᠠᠭᠤ ᠶᠢ ᠲᠡᠳᠬᠦᠬᠦ ᠮᠡᠳᠡᠯᠭᠡ ᠶᠢᠨ ᠤᠷᠤᠯᠳᠤᠭᠠᠨ᠂ ᠲᠠᠷᠢᠶᠠᠯᠠᠩ ᠤᠨ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ᠂ ᠰᠢᠨᠵᠢᠯᠡᠬᠦ | ᠤᠬᠠᠭᠠᠨ ᠮᠡᠷᠭᠡᠵᠢᠯ ᠤᠨ ᠲᠠᠶᠢᠯᠤᠮᠵᠢ ᠵᠡᠷᠭᠡ ᠶᠢ ᠡᠷᠬᠢᠯᠡᠵᠦ᠂ ᠶᠠᠳᠠᠭᠤ ᠬᠦᠴᠢᠷᠳᠡᠯᠲᠡᠶ ᠡᠷᠦᠬᠡ ᠶᠢᠨ ᠥᠪᠡᠷ ᠢ ᠪᠠᠨ ᠬᠦᠭᠵᠢᠬᠦᠯᠵᠦ ᠪᠡᠶ᠎ᠡ ᠪᠠᠨ ᠲᠠᠭᠠᠭᠠᠬᠤ᠂ | ᠲᠡᠳᠬᠦᠬᠦ ᠶᠢ ᠬᠦᠯᠢᠶᠡᠬᠦ ᠦᠭᠡᠢ ᠬᠦᠮᠦᠨ ᠳᠤ ᠲᠦᠰᠢᠭᠯᠡᠬᠦ ᠦᠭᠡᠢ ᠪᠣᠯᠬᠤ ᠶᠢ ᠨᠢ ᠬᠦᠳᠦᠯᠦᠨ ᠵᠢᠯᠤᠭᠤᠳᠴᠤ᠂ ᠶᠠᠳᠠᠭᠤ ᠶᠢ ᠲᠡᠳᠬᠦᠬᠦ ᠠᠵᠢᠯ ᠤᠨ | ᠬᠥᠳᠡᠯᠭᠡᠬᠦ ᠬᠦᠴᠦᠨ ᠪᠠ ᠠᠮᠢᠵᠢᠷᠠᠯ ᠤᠨ ᠬᠦᠴᠦᠨ ᠢ ᠦᠨᠳᠦᠰᠦᠨ ᠠᠴᠠ ᠨᠢ ᠳᠡᠭᠡᠭᠰᠢᠯᠡᠭᠦᠯᠪᠡ᠃ ᠳᠥᠷᠪᠡ ᠳᠤ ᠨᠡᠶᠢᠭᠡᠮ ᠤᠨ ᠬᠠᠪᠰᠤᠷᠤᠨ ᠲᠡᠳᠬᠦᠬᠦ | ᠬᠦᠴᠦᠨ ᠢ ᠪᠦᠬᠦ ᠬᠦᠴᠦᠨ ᠢᠶᠠᠷ ᠵᠣᠬᠢᠴᠠᠭᠤᠯᠵᠤ᠂ ᠲᠡᠭᠡᠷ᠎ᠡ ᠲᠤᠬᠤᠢ ᠰᠢᠶᠠᠩ ᠤᠨ ᠳᠣᠯᠤᠳᠤᠭᠠᠷ ᠲᠣᠰᠬᠤᠨ ᠤ ᠰᠠᠨ ᠢ ᠶᠤᠸᠠᠨ ᠠᠴᠠ ᠶᠠᠩ ᠴᠧᠩ ᠱᠠᠨ ᠭᠸᠤ | ᠬᠦᠷᠲᠡᠯᠡᠬᠢ ᠬᠡᠰᠡᠭ ᠤᠨ ᠪᠦᠬᠦ ᠤᠷᠳᠤ ᠨᠢ 7.4 ᠺᠢᠯᠤᠮᠧᠲᠷ ᠤᠨ ᠭᠠᠴᠠᠭᠠᠨ ᠤ ᠠᠷᠠᠳ ᠤᠨ ᠵᠥᠪᠯᠡᠯ ᠳᠤ ᠨᠡᠪᠲᠡᠷᠡᠬᠦ ᠵᠠᠮ ᠢ ᠵᠠᠰᠠᠵᠤ ᠳᠠᠭᠤᠰᠬᠠᠨ᠂ | ᠳᠤᠯᠤᠳᠤᠭᠠᠷ ᠲᠣᠰᠬᠤᠨ ᠳᠤ ᠤᠷᠳᠤ ᠬᠤᠭᠤᠴᠠᠭ᠎ᠠ ᠪᠠᠷ ᠭᠠᠴᠠᠭᠠᠨ ᠤ ᠠᠷᠠᠳ ᠤᠨ ᠵᠥᠪᠯᠡᠯ ᠳᠤ ᠨᠡᠪᠲᠡᠷᠡᠬᠦ ᠬᠠᠳᠠᠭᠤᠷᠠᠭᠤᠯᠤᠭᠰᠠᠨ ᠵᠠᠮ ᠪᠠᠶᠢᠭᠰᠠᠨ ᠦᠭᠡᠢ | ᠠᠰᠠᠭᠤᠳᠠᠯ ᠢ ᠰᠢᠢᠳᠪᠦᠷᠢᠯᠡᠪᠡ︔ ᠪᠡᠯᠡ ᠮᠦᠩᠭᠦ ᠶᠢ ᠢᠳᠡᠪᠬᠢᠳᠡᠢ ᠵᠣᠬᠢᠴᠠᠭᠤᠯᠵᠤ ᠴᠤᠭᠯᠠᠭᠤᠯᠤᠨ ᠮᠠ ᠸᠠᠩ ᠮᠢᠶᠣᠣ ᠲᠣᠰᠬᠤᠨ ᠤ ᠭᠤᠷᠪᠠᠨ ᠠᠶᠢᠯ | ᠲᠣᠰᠬᠤᠨ ᠤ ᠬᠤᠳᠳᠤᠭ ᠤᠨ ᠬᠦᠴᠦᠳᠡᠯ ᠥᠭᠡᠷᠡᠴᠢᠯᠡᠭᠴᠢ ᠶᠢ ᠨᠢ ᠰᠣᠯᠢᠵᠤ ᠦᠭᠴᠦ ᠂ ᠰᠦ ᠶᠢᠨ ᠭᠧᠦ ᠲᠣᠰᠬᠤᠨ ᠳᠤ ᠲᠦᠭᠡᠭᠡᠯ ᠤᠰᠤ ᠨᠡᠪᠲᠡᠷᠡᠭᠦᠯᠵᠦ᠂ | ᠲᠤᠬᠠᠶ ᠶᠢᠨ ᠭᠠᠵᠠᠷ ᠤᠨ ᠬᠦᠮᠦᠨ ᠮᠠᠯ ᠤᠨ ᠤᠤᠤᠭᠤᠬᠤ ᠤᠰᠤᠨ ᠤ ᠠᠮᠤᠷ ᠲᠦᠪᠰᠢᠨ ᠤ ᠠᠰᠠᠭᠤᠳᠠᠯ ᠢ ᠰᠢᠢᠳᠪᠦᠷᠢᠯᠡᠵᠦ ᠦᠭᠴᠡᠢ᠃ 2019 ᠣᠨ ᠠᠴᠠ | ᠨᠠᠰᠢ᠂ ᠲᠣᠪᠴᠢᠶ᠎ᠠ ᠶᠢᠨ ᠤᠳᠤᠷᠢᠳᠤᠯᠭ᠎ᠠ ᠲᠣᠰᠬᠤᠨ ᠳᠤ ᠰᠠᠭᠤᠭ᠎ᠠ ᠺᠠᠳ᠋ᠷᠴᠤᠳ ᠢ ᠣᠯᠠᠨ ᠤᠳᠠᠭ᠎ᠠ ᠪᠣᠯᠭᠤᠭᠠᠨ ᠲᠣᠬᠤᠨᠢᠭᠤᠯᠵᠤ᠂ ᠲᠦᠷᠦᠭᠦᠯᠡᠨ ᠡᠯᠧᠺᠲᠷᠤᠨ | ᠮᠡᠳᠡᠭᠡ ᠵᠠᠩᠭᠢ ᠳᠠᠩᠰᠠ ᠡᠪᠬᠡᠮᠡᠯ ᠪᠤᠳᠠᠳᠤ ᠪᠠᠶᠢᠳᠠᠯ ᠵᠡᠷᠭᠡ ᠠᠵᠢᠯ ᠢ ᠬᠢᠨᠠᠨ ᠪᠠᠶᠢᠴᠠᠭᠠᠵᠤ᠂ ᠲᠡᠳᠡᠨ ᠤ ᠪᠦᠬᠦ ᠰᠡᠳᠬᠢᠯ ᠪᠦᠬᠦ ᠵᠣᠷᠢᠭ ᠢᠶᠠᠷ ᠢᠶᠠᠨ | ᠲᠣᠰᠬᠤᠨ ᠳᠤ ᠰᠠᠭᠤᠵᠤ ᠬᠠᠪᠰᠤᠷᠤᠨ ᠲᠡᠳᠬᠦᠬᠦ ᠠᠵᠢᠯ ᠳᠤ ᠣᠷᠣᠯᠴᠠᠬᠤ ᠶᠢ ᠳᠠᠮᠵᠢᠵᠤ᠂ ᠬᠠᠪᠰᠤᠷᠤᠨ ᠲᠡᠳᠬᠦᠬᠦ ᠺᠠᠳ᠋ᠷᠴᠤᠳ ᠲᠣᠰᠬᠤᠨ ᠳᠤ ᠰᠠᠭᠤᠵᠤ | ᠬᠠᠪᠰᠤᠷᠤᠨ ᠲᠡᠳᠬᠦᠬᠦ ᠡᠭᠦᠷᠭᠡ ᠬᠠᠷᠢᠭᠤᠴᠠᠯᠭ᠎ᠠ ᠪᠠᠨ ᠦᠨᠡᠨᠬᠦ ᠡᠭᠦᠷᠭᠡᠯᠡᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ | ᠳᠤᠮᠳᠠ ᠡᠳ᠋ ᠤᠨ ᠵᠠᠰᠠᠭ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠡᠳ᠋ ᠤᠨ ᠵᠠᠰᠠᠭ ᠤᠨ ᠺᠠᠳ᠋ᠷ ᠤᠨ ᠰᠢᠯᠢᠳᠡᠭ ᠰᠤᠷᠲᠠᠯ ᠢ ᠢᠯᠡᠷᠡᠭᠦᠯᠬᠦ ᠬᠡᠷᠡᠭᠲᠡᠢ ᠭᠡᠵᠦ | ᠱᠠᠭᠠᠷᠳᠠᠵᠠᠢ᠃ | 9. ᠬᠠᠮᠢᠶᠠᠷᠤᠭᠴᠢ | ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶᠠᠨ ᠤ ᠯᠢ ᠳ᠋ᠦᠩ ᠳᠡᠳ᠋ ᠲᠣᠪᠴᠢᠶᠠᠨ ᠳᠠᠷᠤᠭ᠎ᠠ᠂ ᠲᠠᠷᠢᠶᠠᠯᠠᠩ ᠮᠠᠯ ᠠᠵᠤ ᠠᠬᠤᠶ ᠶᠢᠨ ᠰᠠᠯᠠᠭᠠᠨ ᠤ | ᠵᠠᠩ ᠸᠧᠶ ᠳ᠋ᠦᠩ ᠰᠠᠯᠠᠭᠠᠨ ᠳᠠᠷᠤᠭ᠎ᠠ᠂ ᠠᠯᠪᠠᠨ ᠭᠡᠷ ᠤᠨ ᠵᠣᠤ ᠶᠠ ᠷᠦ᠋ ᠳᠡᠳ᠋ ᠡᠷᠬᠢᠯᠡᠭᠴᠢ ᠳᠤ ᠲᠠᠯᠠᠷᠬᠠᠵᠤ ᠪᠠᠶᠢᠨ᠎ᠠ᠃ ᠰᠦᠯᠵᠢᠶᠡᠨ ᠠᠨᠳᠠ ᠨᠠᠷ ᠤᠨ | ᠠᠩᠬᠠᠷᠤᠯ ᠢᠶᠠᠨ ᠬᠠᠨᠳᠤᠭᠤᠯᠵᠤ ᠤᠷᠤᠯᠴᠠᠭᠰᠠᠨ ᠳᠤ ᠲᠠᠯᠠᠷᠬᠠᠵᠤ ᠪᠠᠶᠢᠨ᠎ᠠ᠃ ᠲᠤᠰ ᠬᠤᠭᠤᠴᠠᠭᠠᠨ ᠤ ᠰᠤᠷᠪᠤᠯᠵᠢᠯᠠᠭ᠎ᠠ ᠠᠳᠡ ᠬᠦᠷᠦᠭᠡᠳ ᠥᠨᠳᠦᠷᠯᠡᠯ᠎ᠡ᠂ | ᠪᠠᠶᠠᠷᠯᠠᠯ᠎ᠠ᠃ |