ᠡᠨᠡ ᠵᠢᠯ᠂ ᠵᠢᠩ ᠳ᠋ᠦᠩ ᠬᠤᠳᠠᠯᠳᠤᠭ᠎ᠠ ᠶᠢᠨ ᠳᠤᠮᠳᠠᠳᠤ ᠤᠯᠤᠰ ᠤᠨ ᠣᠨᠴᠠ ᠭᠠᠷᠤᠯᠲᠠ · ᠬᠥᠬᠡᠬᠤᠲᠠ | ᠣᠷᠳᠣᠨ ᠰᠦᠯᠵᠢᠶᠡᠨ ᠳᠡᠭᠡᠷ᠎ᠡ ᠭᠠᠷᠴᠤ ᠡᠬᠢᠯᠡᠨ ᠡᠵᠡᠩᠨᠡᠵᠦ᠂ ᠮᠠᠨ ᠤ ᠬᠤᠲᠠ ᠶᠢᠨ ᠬᠠᠮᠢᠶ᠎ᠠ ᠪᠦᠬᠦᠢ ᠰᠠᠯᠠᠭ᠎ᠠ | ᠮᠥᠴᠢᠷ ᠠᠵᠤ ᠠᠬᠤᠶᠢᠯᠠᠯ ᠤᠳ ᠢ ᠵᠣᠬᠢᠶᠠᠨ ᠪᠠᠶᠢᠭᠤᠯᠤᠨ ᠬᠤᠳᠠᠯᠳᠤᠭᠠᠨ ᠤ ᠶᠠᠪᠤᠳᠠᠯ ᠤᠨ ᠶᠠᠮᠤᠨ ᠤ ︽ᠲᠥᠷᠥᠯ | ᠲᠡᠮᠳᠡᠭᠲᠦ ᠶᠠᠰᠤ ᠴᠢᠨᠠᠷᠲᠤ ᠰᠦᠯᠵᠢᠶᠡᠨ ᠬᠤᠳᠠᠯᠳᠤᠭᠠᠨ ᠤ ᠪᠠᠶᠠᠷ︾ ᠲᠤ ᠣᠷᠣᠯᠴᠠᠭᠤᠯᠵᠤ᠂ ︽ᠰᠥᠨᠢ ᠶᠢᠨ ᠬᠥᠬᠡ | ᠬᠤᠲᠠ᠂ ᠡᠯᠧᠺᠲᠷᠣᠨ ᠬᠤᠳᠠᠯᠳᠤᠭᠠᠨ ᠤ ᠬᠡᠷᠡᠭᠯᠡᠭᠡᠨ ᠤ ᠪᠠᠶᠠᠷ︾ ︽ᠥᠪᠥᠷ ᠮᠣᠩᠭᠤᠯ ᠢ ᠬᠠᠶᠢᠷᠠᠯᠠᠵᠤ᠂ ᠴᠡᠯᠡᠭᠡᠷ | ᠲᠠᠯ᠎ᠠ ᠶᠢᠨ ᠲᠥᠷᠥᠯ ᠲᠡᠮᠳᠡᠭᠲᠦ ᠶᠢ ᠬᠠᠶᠢᠷᠠᠯᠠᠶ᠎ᠠ︾ ᠰᠢᠭᠤᠳ ᠨᠡᠪᠲᠡᠷᠡᠭᠦᠯᠭᠡ ᠪᠠᠷ ᠪᠠᠷᠠᠭ᠎ᠠ ᠬᠤᠳᠠᠯᠳᠤᠬᠤ ᠠᠵᠢᠯᠯᠠᠭ᠎ᠠ | ᠡᠷᠬᠢᠯᠡᠨ᠂ ᠡᠯᠧᠺᠲᠷᠣᠨ ᠬᠤᠳᠠᠯᠳᠤᠭᠠᠨ ᠤ ᠬᠥᠭᠵᠢᠯᠲᠡ ᠶᠢ ᠠᠬᠢᠭᠤᠯᠪᠠ᠃ ᠯᠠᠩ ᠴᠤᠤ ᠲᠣᠮᠣ ᠳ᠋ᠠᠶᠢᠲ᠋ᠠ ᠶᠢᠨ | ᠪᠦᠷᠢᠳᠬᠡᠯ ᠢ ᠦᠨᠳᠦᠰᠦᠯᠡᠪᠡᠯ᠂ 1— 6 ᠰᠠᠷ᠎ᠠ ᠳᠤ᠂ ᠪᠦᠬᠦ ᠬᠤᠲᠠ ᠶᠢᠨ ᠡᠯᠧᠺᠲᠷᠣᠨ ᠬᠤᠳᠠᠯᠳᠤᠭᠠᠨ ᠤ | ᠠᠷᠠᠯᠵᠢᠶ᠎ᠠ ᠶᠢᠨ ᠬᠡᠮᠵᠢᠶ᠎ᠡ ᠨᠡᠶᠢᠲᠡ 605.55 ᠳ᠋ᠦᠩᠰᠢᠭᠤᠷ ᠲᠥᠭᠦᠷᠢᠭ ᠬᠦᠷᠴᠦ ᠪᠦᠬᠦ ᠣᠷᠣᠨ ᠳᠤ ᠲᠡᠷᠢᠭᠦᠯᠡᠵᠡᠢ᠃ | ︵ᠯᠢ ᠬᠠᠢ ᠵᠧᠨ︶ |