ᠸᠠᠩ ᠯᠢ ᠰᠢᠶᠠ ᠪᠦᠬᠦ ᠬᠤᠲᠠ ᠶᠢᠨ ᠭᠤᠣᠯᠳᠠᠯᠭ᠎ᠠ ᠲᠠᠢ ᠠᠷᠠᠳ ᠤᠨ ᠠᠮᠢᠳᠤᠷᠠᠯ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ ᠢ ᠪᠠᠶᠢᠴᠠᠭᠠᠨ ᠰᠤᠳᠤᠯᠬᠤ ᠳᠠᠭᠠᠨ ᠴᠢᠬᠤᠯᠠᠴᠢᠯᠠᠭᠰᠠᠨ ᠨᠢ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠦᠢᠯᠡᠳᠦᠯᠭᠡᠵᠢᠭᠦᠯᠵᠦ ᠡᠯ᠎ᠡ ᠵᠦᠢᠯ ᠤᠨ ᠡᠭᠦᠷᠭᠡ ᠶᠢ ᠲᠣᠭᠲᠠᠭᠰᠠᠨ ᠴᠠᠭ ᠲᠠᠭᠠᠨ ᠴᠢᠨᠠᠷ ᠰᠠᠶᠢᠲᠠᠢ ᠪᠡᠶᠡᠯᠡᠭᠦᠯᠬᠦ ᠬᠡᠷᠡᠭᠲᠡᠢ
ᠨᠡᠶᠢᠲᠡᠯᠡᠭᠰᠡᠨ ᠴᠠᠭ᠄
2020/8/27
     ︵ᠰᠤᠷᠪᠤᠯᠵᠢᠯᠠᠭᠴᠢ ᠹᠧᠩ ᠶᠠᠨ ᠫᠢᠩ︶ 8 ᠳ᠋ᠤᠭᠠᠷ ᠰᠠᠷ᠎ᠠ ᠶᠢᠨ 26 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠸᠠᠩ ᠯᠢ ᠰᠢᠶᠠ ᠪᠦᠬᠦ ᠬᠤᠲᠠ ᠶᠢᠨ ᠭᠤᠣᠯᠳᠠᠯᠭ᠎ᠠ ᠲᠠᠢ ᠠᠷᠠᠳ ᠤᠨ ᠠᠮᠢᠳᠤᠷᠠᠯ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ ᠢ ᠪᠠᠶᠢᠴᠠᠭᠠᠨ ᠰᠤᠳᠤᠯᠬᠤ ᠳᠠᠭᠠᠨ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠦᠢᠯᠡᠳᠦᠯᠭᠡᠵᠢᠭᠦᠯᠵᠦ᠂ ᠦᠷᠭᠦᠯᠵᠢᠯᠡᠨ ᠴᠢᠷᠮᠠᠶᠢᠨ ᠬᠦᠴᠢᠷ ᠪᠡᠷᠬᠡ ᠶᠢ ᠢᠯᠠᠨ ᠳᠠᠪᠠᠵᠤ᠂ ᠡᠯ᠎ᠡ ᠵᠦᠢᠯ ᠤᠨ ᠡᠭᠦᠷᠭᠡ ᠶᠢ ᠲᠣᠭᠲᠠᠭᠰᠠᠨ ᠴᠠᠭ ᠲᠠᠭᠠᠨ ᠴᠢᠨᠠᠷ ᠰᠠᠶᠢᠲᠠᠢ ᠪᠡᠶᠡᠯᠡᠭᠦᠯᠦᠨ᠂ ᠲᠥᠪ ᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠲᠦᠯᠬᠢᠨ ᠠᠬᠢᠭᠤᠯᠬᠤ ᠬᠡᠷᠡᠭᠲᠡᠢ ᠭᠡᠪᠡ᠃      ᠰᠢᠨᠬᠤᠸᠠ ᠶᠡᠭᠡ ᠵᠡᠭᠡᠯᠢ ᠶᠢᠨ ᠬᠤᠲᠣᠩ ᠠᠷᠠᠳ ᠤᠨ ᠲᠣᠭᠤᠷᠢᠭ ᠤᠨ ᠬᠡᠰᠡᠭ ᠤᠨ ᠪᠦᠬᠦ ᠬᠤᠲᠠ ᠶᠢᠨ ᠭᠤᠣᠯ ᠲᠣᠭᠤᠷᠢᠭ ᠤᠨ ᠲᠥᠪᠯᠡᠷᠡᠭᠦᠯᠦᠨ ᠳᠤᠯᠠᠭᠠᠯᠠᠭ᠎ᠠ ᠬᠠᠩᠭᠠᠬᠤ ᠬᠤᠭᠤᠯᠠᠢ ᠲᠣᠣᠷ ᠢ ᠬᠠᠷᠢᠯᠴᠠᠨ ᠨᠡᠪᠲᠡᠷᠡᠭᠦᠯᠬᠦ ᠪᠠᠷᠢᠯᠭ᠎ᠠ ᠶᠢᠨ ᠠᠬᠤᠢ ᠲᠠᠯᠠᠪᠠᠢ ᠳᠤ᠂ ᠸᠠᠩ ᠯᠢ ᠰᠢᠶᠠ ᠪᠠᠷᠢᠯᠭ᠎ᠠ ᠶᠢᠨ ᠠᠬᠢᠴᠠ ᠶᠢ ᠨᠠᠷᠢᠨ ᠣᠶᠢᠯᠠᠭᠠᠭᠰᠠᠨ ᠤ ᠳᠠᠷᠠᠭ᠎ᠠ ᠵᠢᠭᠠᠭᠰᠠᠨ ᠨᠢ᠂ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠨᠢ ᠬᠤᠲᠠ ᠶᠢᠨ ᠬᠥᠭᠵᠢᠯᠲᠡ ᠶᠢ ᠲᠦᠯᠬᠢᠨ ᠠᠬᠢᠭᠤᠯᠬᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠥᠷᠭᠡᠨ ᠣᠯᠠᠨ ᠲᠦᠮᠡᠨ ᠤ ᠠᠮᠢᠳᠤᠷᠠᠯ ᠤᠨ ᠶᠠᠰᠤ ᠴᠢᠨᠠᠷ ᠢ ᠳᠡᠭᠡᠭᠰᠢᠯᠡᠭᠦᠯᠬᠦ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠠᠵᠢᠯ ᠳᠠᠭᠠᠨ ᠤᠯᠠᠮ ᠢᠯᠡᠭᠦᠦ ᠬᠦᠴᠦᠯᠡᠵᠦ᠂ ᠠᠵᠢᠯ ᠤᠨ ᠠᠷᠭ᠎ᠠ ᠪᠠᠷᠢᠯ ᠢᠶᠠᠨ ᠴᠢᠩᠭᠠᠳᠬᠠᠨ᠂ ᠪᠠᠷᠢᠯᠭ᠎ᠠ ᠶᠢᠨ ᠶᠠᠰᠤ ᠴᠢᠨᠠᠷ ᠪᠠ ᠪᠠᠷᠢᠯᠭ᠎ᠠ ᠶᠢᠨ ᠠᠬᠢᠴᠠ ᠶᠢ ᠴᠢᠩᠭ᠎ᠠ ᠠᠳᠬᠤᠨ᠂ ᠠᠶᠤᠯᠭᠦᠢ ᠶᠢ ᠪᠠᠲᠤᠯᠠᠭᠰᠠᠨ ᠰᠠᠭᠤᠷᠢᠨ ᠳᠡᠭᠡᠷ᠎ᠡ ᠴᠠᠭ ᠤᠨ ᠬᠢᠵᠠᠭᠠᠷ ᠤᠨ ᠱᠠᠭᠠᠷᠳᠠᠯᠭ᠎ᠠ ᠶᠣᠰᠣᠭᠠᠷ ᠪᠦᠲᠦᠭᠡᠨ ᠪᠠᠶᠢᠭᠤᠯᠤᠨ ᠬᠡᠷᠡᠭᠯᠡᠯᠲᠡ ᠳᠤ ᠣᠷᠣᠭᠤᠯᠬᠤ ᠬᠡᠷᠡᠭᠲᠡᠢ ᠭᠡᠪᠡ᠃     ᠲᠦᠮᠡᠳ ᠵᠡᠭᠦᠨ ᠬᠤᠰᠢᠭᠤᠨ ᠤ ᠺᠠᠢ ᠸᠧ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠲᠥᠷᠥᠯ ᠵᠦᠢᠯ ᠤᠨ ᠠᠬᠤᠢ ᠲᠠᠯᠠᠪᠠᠢ ᠳᠤ᠂ ᠸᠠᠩ ᠯᠢ ᠰᠢᠶᠠ ᠵᠢᠭᠠᠭᠰᠠᠨ ᠨᠢ᠂ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠣᠯ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠨᠠᠶᠢᠳᠠᠪᠤᠷᠢᠵᠢᠭᠤᠯᠬᠤ ᠴᠢᠬᠤᠯᠠ ᠭᠠᠷᠳᠠᠴᠠ ᠮᠥᠨ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠦᠨ᠂ ᠰᠠᠨᠠᠭᠠᠰᠢᠷᠠᠬᠤ ᠤᠬᠠᠮᠰᠠᠷ ᠢᠶᠠᠨ ᠴᠢᠩᠭᠠᠳᠬᠠᠨ᠂ ᠭᠠᠵᠠᠷ ᠢ ᠣᠯᠣᠭᠰᠠᠨ ᠳᠠᠷᠤᠢ ᠠᠵᠢᠯ ᠢᠶᠠᠨ ᠡᠬᠢᠯᠡᠭᠦᠯᠵᠦ ᠪᠣᠯᠬᠤ ᠲᠥᠷᠥ ᠶᠢᠨ ᠪᠣᠳᠣᠯᠭ᠎ᠠ ᠶᠢᠨ ᠦᠢᠯᠡᠴᠢᠯᠡᠭᠡ ᠪᠠᠷ ᠲᠥᠷᠥᠯ ᠵᠦᠢᠯ ᠤᠨ ᠰᠢᠪᠲᠤᠯᠤᠯᠲᠠ ᠶᠢ ᠠᠬᠢᠭᠤᠯᠤᠨ᠂ ᠡᠷᠲᠡ ᠨᠢᠭᠡ ᠡᠳᠦᠷ ᠦᠢᠯᠡᠳᠪᠦᠷᠢᠯᠡᠯ ᠢᠶᠠᠨ ᠪᠡᠶᠡᠯᠡᠭᠦᠯᠵᠦ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ ᠭᠡᠪᠡ᠃      ᠪᠠᠨᠳᠢ ᠶᠢᠨ ᠠᠶᠢᠯ ᠤᠨ ᠪᠤᠵᠠᠷ ᠤᠰᠤ ᠶᠢ ᠰᠢᠢᠳᠪᠦᠷᠢᠯᠡᠬᠦ ᠦᠢᠯᠡᠳᠪᠦᠷᠢ ᠶᠢᠨ ᠭᠤᠷᠪᠠᠳᠤᠭᠠᠷ ᠬᠤᠭᠤᠴᠠᠭᠠᠨ ᠤ ᠪᠠᠷᠢᠯᠭ᠎ᠠ ᠶᠢᠨ ᠲᠥᠷᠥᠯ ᠵᠦᠢᠯ ᠤᠨ ᠠᠬᠤᠢ ᠲᠠᠯᠠᠪᠠᠢ ᠳᠤ᠂ ᠸᠠᠩ ᠯᠢ ᠰᠢᠶᠠ ᠴᠢᠬᠤᠯᠠᠴᠢᠯᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠵᠣᠬᠢᠴᠠᠯᠳᠤᠨ ᠬᠠᠮᠵᠢᠯᠴᠠᠵᠤ᠂ ᠴᠠᠭ ᠤᠨ ᠤᠬᠠᠭᠳᠠᠬᠤᠨ ᠢᠶᠠᠨ ᠴᠢᠩᠭᠠᠳᠬᠠᠵᠤ᠂ ᠪᠠᠷᠢᠯᠭ᠎ᠠ ᠶᠢᠨ ᠠᠬᠢᠴᠠ ᠶᠢ ᠠᠳᠬᠤᠨ᠂ ᠪᠠᠷᠢᠯᠭ᠎ᠠ ᠶᠢᠨ ᠶᠠᠰᠤ ᠴᠢᠨᠠᠷ ᠢ ᠪᠠᠲᠤᠯᠠᠵᠤ᠂ ᠠᠶᠤᠯᠭᠦᠢ ᠦᠢᠯᠡᠳᠪᠦᠷᠢᠯᠡᠬᠦ ᠵᠠᠷᠴᠢᠮ ᠢ ᠪᠠᠷᠢᠮᠲᠠᠯᠠᠨ᠂ ᠲᠥᠷᠥᠯ ᠵᠦᠢᠯ ᠢ ᠯᠠᠪᠳᠠᠭᠤᠨ ᠪᠠᠲᠤᠲᠠᠢ ᠦᠨᠳᠦᠷ ᠪᠦᠲᠦᠮᠵᠢᠲᠡᠢ ᠲᠦᠯᠬᠢᠨ ᠠᠬᠢᠭᠤᠯᠬᠤ ᠬᠡᠷᠡᠭᠲᠡᠢ ᠭᠡᠪᠡ᠃      ᠲᠥᠪ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠬᠠᠷᠢᠶᠠᠲᠤ ᠳᠤᠮᠳᠠᠳᠤ ᠰᠤᠷᠭᠠᠭᠤᠯᠢ ᠶᠢᠨ ᠬᠥᠬᠡᠬᠤᠲᠠ ᠶᠢᠨ ᠬᠤᠪᠢᠶᠠᠷᠢ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠠᠬᠤᠢ ᠲᠠᠯᠠᠪᠠᠢ ᠳᠤ᠂ ᠸᠠᠩ ᠯᠢ ᠰᠢᠶᠠ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠤᠭᠰᠠᠨ ᠤ ᠳᠠᠷᠠᠭ᠎ᠠ ᠴᠢᠬᠤᠯᠠᠴᠢᠯᠠᠭᠰᠠᠨ ᠨᠢ᠂ ᠠᠷᠠᠳ ᠲᠦᠮᠡᠨ ᠤ ᠬᠠᠨᠤᠮᠵᠢᠲᠠᠢ ᠰᠤᠷᠭᠠᠨ ᠬᠥᠮᠥᠵᠢᠯ ᠢ ᠡᠷᠬᠢᠯᠡᠬᠦ ᠳᠤ ᠰᠡᠳᠬᠢᠯ ᠢᠶᠠᠨ ᠲᠥᠪᠯᠡᠷᠡᠭᠦᠯᠵᠦ᠂ ᠰᠤᠷᠭᠠᠨ ᠬᠥᠮᠥᠵᠢᠯ ᠢ ᠴᠠᠭ ᠢᠮᠠᠭᠲᠠ ᠤᠷᠢᠳᠠᠪᠠᠷ ᠬᠥᠭᠵᠢᠭᠦᠯᠬᠦ ᠪᠠᠶᠢᠷᠢᠨ ᠳᠤ ᠲᠠᠯᠪᠢᠵᠤ᠂ ᠪᠦᠲᠦᠭᠡᠨ ᠪᠠᠶᠢᠭᠤᠯᠤᠯᠲᠠ ᠶᠢᠨ ᠬᠤᠷᠳᠤᠴᠠ ᠪᠠᠨ ᠤᠯᠠᠮ ᠨᠢᠭᠡ ᠠᠯᠬᠤᠮ ᠲᠦᠷᠭᠡᠳᠬᠡᠨ᠂ ᠰᠤᠷᠭᠠᠨ ᠬᠥᠮᠥᠵᠢᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠬᠦ ᠪᠠᠷ ᠳᠠᠮᠵᠢᠨ᠂ ᠰᠤᠷᠭᠠᠨ ᠬᠥᠮᠥᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ᠂ ᠲᠥᠪ ᠬᠤᠲᠠ ᠶᠢᠨ ᠰᠤᠷᠭᠠᠨ ᠬᠥᠮᠥᠵᠢᠯ ᠤᠨ ᠨᠡᠩ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠪᠡ᠃      ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠦ᠋ ᠸᠧᠨ ᠮᠢᠩ᠂ ᠬᠤᠲᠠ ᠶᠢᠨ ᠳᠡᠳ᠋ ᠳᠠᠷᠤᠭ᠎ᠠ ᠪᠢ ᠭᠥᠸᠧ ᠴᠧᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号