ᠭᠤᠷᠪᠠᠳᠤᠭᠠᠷ ᠬᠤᠭᠤᠴᠠᠭᠠᠨ ᠤ ᠪᠦᠬᠦ ᠬᠤᠲᠠ ᠶᠢᠨ ᠮᠠᠯᠴᠢᠨ ᠲᠠᠷᠢᠶᠠᠴᠢᠨ ᠤ ᠤᠳᠬ᠎ᠠ ᠤᠷᠠᠯᠢᠭ ᠤᠨ ᠬᠠᠮᠲᠤᠷᠠᠭᠰᠠᠨ ᠲᠣᠭᠯᠠᠯᠲᠠ ᠶᠡᠭᠡ ᠵᠣᠣ ᠲᠠᠯᠠᠪᠠᠢ ᠳᠤ ᠶᠠᠪᠤᠭᠳᠠᠪᠠ
ᠨᠡᠶᠢᠲᠡᠯᠡᠭᠰᠡᠨ ᠴᠠᠭ᠄
2020/8/27
     8 ᠳ᠋ᠤᠭᠠᠷ ᠰᠠᠷ᠎ᠠ ᠶᠢᠨ 26 ᠤ ᠡᠳᠦᠷ᠂ ᠬᠤᠲᠠ ᠶᠢᠨ ᠤᠬᠠᠭᠤᠯᠬᠤ ᠬᠡᠯᠲᠡᠰ᠂ ᠬᠤᠲᠠ ᠶᠢᠨ ᠰᠣᠶᠣᠯ ᠵᠢᠭᠤᠯᠴᠢᠯᠠᠯ ᠷᠠᠳᠢᠤ᠋ ᠲᠧᠯᠸᠢᠰ ᠤᠨ ᠲᠣᠪᠴᠢᠶ᠎ᠠ ᠠᠴᠠ ᠭᠤᠣᠯᠯᠠᠨ ᠡᠷᠬᠢᠯᠡᠵᠤ᠂ ᠬᠤᠲᠠ ᠶᠢᠨ ᠰᠣᠶᠣᠯ ᠤᠨ ᠣᠷᠳᠣᠨ᠂ ᠥᠪᠥᠷ ᠮᠣᠩᠭᠤᠯ ᠤᠨ ᠰᠢᠨ᠎ᠡ ᠰᠡᠳᠬᠢᠬᠦᠢ ᠰᠣᠶᠣᠯ ᠤᠷᠠᠯᠢᠭ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠠᠴᠠ ᠬᠠᠮᠲᠤᠷᠠᠨ ᠳᠠᠭᠠᠭᠠᠨ ᠡᠷᠬᠢᠯᠡᠭᠰᠡᠨ ︽ᠴᠢᠨᠡᠭᠡᠯᠢᠭᠵᠢᠯ ᠢ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ  ᠣᠯᠤᠶ᠎ᠠ ·ᠲᠡᠮᠡᠴᠡᠯ ᠳᠤ ᠣᠷᠣᠯᠴᠠᠶ᠎ᠠ︾ — ︽ᠰᠠᠶᠢᠬᠠᠨ ᠭᠡᠷ ᠣᠷᠣᠨ ᠢᠶᠠᠨ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠶ᠎ᠠ︾ ᠭᠤᠷᠪᠠᠳᠤᠭᠠᠷ ᠬᠤᠭᠤᠴᠠᠭᠠᠨ ᠤ ᠪᠦᠬᠦ ᠬᠤᠲᠠ ᠶᠢᠨ ᠮᠠᠯᠴᠢᠨ ᠲᠠᠷᠢᠶᠠᠴᠢᠨ ᠤ ᠤᠳᠬ᠎ᠠ ᠤᠷᠠᠯᠢᠭ ᠤᠨ ᠬᠠᠮᠲᠤᠷᠠᠭᠰᠠᠨ ᠲᠣᠭᠯᠠᠯᠲᠠ ᠶᠡᠭᠡ ᠵᠣᠣ ᠲᠠᠯᠠᠪᠠᠢ ᠳᠤ ᠶᠠᠪᠤᠭᠳᠠᠪᠠ᠃      ᠲᠤᠰ ᠤᠳᠠᠭ᠎ᠠ ᠲᠣᠭᠯᠠᠭᠰᠠᠨ ᠲᠣᠭᠯᠠᠯᠲᠠ ᠨᠤᠭᠤᠳ ᠢ ᠪᠦᠬᠦ ᠬᠤᠲᠠ ᠶᠢᠨ ᠵᠠᠭᠤ ᠰᠢᠬᠠᠮ ᠲᠠᠷᠢᠶᠠᠴᠢᠳ ᠤᠨ ᠥᠪᠡᠷ ᠢᠶᠠᠨ ᠵᠣᠬᠢᠶᠠᠵᠤ ᠥᠪᠡᠷ ᠢᠶᠠᠨ ᠲᠣᠭᠯᠠᠭᠰᠠᠨ ᠲᠣᠭᠯᠠᠯᠲᠠ ᠳᠤᠮᠳᠠ ᠠᠴᠠ ᠰᠣᠩᠭᠤᠵᠤ᠂ ᠰᠢ ᠳᠠᠭᠤᠤ ︽ᠬᠠᠲᠤᠨ ᠭᠤᠣᠯ ᠤᠨ ᠤᠷᠤᠰᠬᠠᠯ ᠲᠠᠢ ᠮᠢᠨᠤ ᠥᠪᠥᠷ ᠮᠣᠩᠭᠤᠯ︾᠂ ᠳᠠᠭᠤᠤ ︽ᠵᠣᠯ ᠵᠢᠷᠭᠠᠯ ᠤᠨ ᠵᠠᠮ ᠳᠤ︾᠂  ᠪᠢᠰᠭᠢᠭᠦᠷ ᠤᠨ ᠭᠤᠴᠤᠯᠠᠯ ᠬᠥᠭᠵᠢᠮ ︽ᠡᠯᠪᠡᠭ ᠬᠤᠷᠢᠶᠠᠯᠲᠠ ᠪᠠᠨ ᠪᠡᠯᠭᠡᠯᠡᠶ᠎ᠡ︾᠂ ᠬᠤᠶᠠᠷ ᠬᠥᠮᠥᠨ ᠤ ᠡᠯᠭᠦᠭᠡ ᠵᠦᠴᠦᠭᠡ ︽ᠨᠢᠭᠡ ᠭᠡᠷ ᠤᠨ ᠬᠢᠨ ᠤ ᠦᠯᠢᠭᠡᠷ︾ ᠵᠡᠷᠭᠡ ᠲᠣᠭᠯᠠᠯᠲᠠ ᠨᠢ ᠮᠠᠯᠴᠢᠨ ᠲᠠᠷᠢᠶᠠᠴᠢᠨ ᠤ ᠴᠢᠩ ᠦᠨᠡᠨᠴᠢ ᠬᠠᠶᠢᠷ᠎ᠠ ᠰᠡᠳᠬᠢᠯᠭᠡ ᠶᠢ ᠢᠯᠡᠳᠬᠡᠵᠦ᠂ ᠣᠯᠠᠨ ᠲᠦᠮᠡᠨ ᠤ ᠠᠮᠢᠳᠤᠷᠠᠯ ᠳᠤ ᠣᠶᠢᠷᠠᠲᠤᠭᠰᠠᠨ ᠤᠷᠠᠨ ᠪᠦᠲᠦᠭᠡᠯ ᠪᠠ ᠬᠠᠯᠠᠭᠤᠮᠰᠤᠭ ᠪᠣᠷᠣᠭᠵᠢᠭᠤᠨ ᠲᠣᠭᠯᠠᠯᠲᠠ ᠨᠢ ᠠᠬᠤᠢ ᠲᠠᠯᠠᠪᠠᠢ ᠶᠢᠨ ᠦᠵᠡᠭᠴᠢᠳ ᠤᠨ ᠠᠯᠠᠭ᠎ᠠ ᠳᠠᠰᠢᠯᠲᠠ ᠶᠢ ᠣᠯᠪᠠ᠃       ᠣᠶᠢᠯᠠᠭᠠᠭᠰᠠᠨ ᠢᠶᠠᠷ᠂ ᠮᠠᠨ ᠤ ᠬᠤᠲᠠ ᠮᠠᠯᠴᠢᠨ ᠲᠠᠷᠢᠶᠠᠴᠢᠨ ᠤ ᠤᠳᠬ᠎ᠠ ᠤᠷᠠᠯᠢᠭ ᠤᠨ ᠬᠠᠮᠲᠤᠷᠠᠭᠰᠠᠨ ᠲᠣᠭᠯᠠᠯᠲᠠ ᠶᠢ ᠦᠷᠭᠦᠯᠵᠢᠯᠡᠨ ᠭᠤᠷᠪᠠᠨ ᠵᠢᠯ ᠡᠷᠬᠢᠯᠡᠵᠦ᠂ ᠠᠮᠢᠳᠤᠷᠠᠯ ᠦᠢᠯᠡᠳᠪᠦᠷᠢᠯᠡᠯ ᠤᠨ ᠨᠢᠭᠡᠳᠦᠭᠡᠷ ᠹᠷᠣᠨᠲ ᠳᠡᠭᠡᠷᠡᠬᠢ ᠥᠷᠭᠡᠨ ᠣᠯᠠᠨ ᠮᠠᠯᠴᠢᠨ ᠲᠠᠷᠢᠶᠠᠴᠢᠳ ᠲᠤ ᠤᠷ᠎ᠠ ᠠᠪᠢᠶᠠᠰ ᠢᠶᠠᠨ ᠭᠠᠶᠢᠬᠠᠭᠤᠯᠬᠤ ᠲᠠᠪᠴᠠᠩ ᠬᠠᠩᠭᠠᠵᠤ᠂ ᠳᠠᠭᠤᠤ ᠪᠥᠵᠢᠭ᠂ ᠠᠷᠠᠳ ᠤᠨ ᠳᠤᠮᠳᠠᠬᠢ ᠬᠥᠭᠵᠢᠮ᠂ ᠲᠣᠭᠯᠠᠨ ᠳᠠᠭᠤᠯᠠᠬᠤ᠂ ᠬᠤᠶᠠᠷ ᠬᠥᠮᠥᠨ ᠤ ᠡᠯᠭᠦᠭᠡ ᠵᠦᠴᠦᠭᠡ᠂ ᠰᠢ ᠵᠦᠴᠦᠭᠡ ᠵᠡᠷᠭᠡ ᠬᠡᠯᠪᠡᠷᠢ ᠮᠠᠶ᠋ᠢᠭ ᠢᠶᠠᠷ ᠲᠥᠪ ᠬᠤᠲᠠ ᠶᠢᠨ ᠮᠠᠯᠴᠢᠨ ᠲᠠᠷᠢᠶᠠᠴᠢᠨ ᠤ ᠰᠢᠨ᠎ᠡ ᠴᠠᠭ ᠦᠶ᠎ᠡ ᠶᠢᠨ ᠰᠢᠨ᠎ᠡ ᠠᠮᠢᠳᠤᠷᠠᠯ᠂ ᠰᠢᠨ᠎ᠡ ᠳᠥᠷᠰᠦ ᠪᠠᠶᠢᠳᠠᠯ ᠢ ᠬᠠᠷᠠᠭᠤᠯᠵᠤ᠂ ᠨᠠᠮ ᠢᠶᠠᠨ ᠬᠠᠶᠢᠷᠠᠯᠠᠬᠤ᠂ ᠤᠯᠤᠰ ᠢᠶᠠᠨ ᠬᠠᠶᠢᠷᠠᠯᠠᠬᠤ᠂ ᠭᠡᠷ ᠨᠤᠲᠤᠭ ᠢᠶᠠᠨ ᠬᠠᠶᠢᠷᠠᠯᠠᠬᠤ ᠴᠢᠩ ᠰᠡᠳᠬᠢᠯ ᠢ ᠢᠯᠡᠳᠬᠡᠵᠡᠢ᠃       ᠰᠤᠷᠪᠤᠯᠵᠢᠯᠠᠭᠴᠢ ᠮᠢᠶᠥᠥ ᠴᠢᠩ ᠳᠠᠳᠤᠯᠭ᠎ᠠ ᠶᠢᠨ ᠰᠤᠷᠤᠭᠴᠢ ᠱᠧᠨ ᠵᠢᠶᠠᠩ ᠵᠢᠶᠠᠩ ᠰᠡᠭᠦᠳᠡᠷᠯᠡᠪᠡ
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号