2020 ᠣᠨ ᠤ 26 ᠳ᠋ᠤᠭᠠᠷ ᠬᠤᠭᠤᠴᠠᠭ᠎ᠠ ᠶᠢᠨ ᠥᠪᠥᠷ ᠮᠣᠩᠭᠤᠯ ᠤᠨ ᠬᠥᠳᠡᠭᠡ ᠠᠵᠤ ᠠᠬᠤᠢ ᠶᠢᠨ ᠦᠵᠡᠰᠬᠦᠯᠡᠩ ᠤᠨ ᠬᠤᠷᠠᠯ ᠬᠥᠬᠡᠬᠤᠲᠠ ᠳᠤ ᠡᠬᠢᠯᠡᠪᠡ
ᠨᠡᠶᠢᠲᠡᠯᠡᠭᠰᠡᠨ ᠴᠠᠭ᠄
2020-08-03
      ︵ᠰᠤᠷᠪᠤᠯᠵᠢᠯᠠᠭᠴᠢ ᠰᠦᠨ ᠶᠤᠸᠠᠢ ᠯᠦᠩ︶ 8 ᠳ᠋ᠤᠭᠠᠷ ᠰᠠᠷ᠎ᠠ ᠶᠢᠨ 1 ᠤ ᠡᠳᠦᠷ᠂ 2020 ᠣᠨ ᠤ 26 ᠳ᠋ᠤᠭᠠᠷ ᠬᠤᠭᠤᠴᠠᠭ᠎ᠠ ᠶᠢᠨ ᠥᠪᠥᠷ ᠮᠣᠩᠭᠤᠯ ᠤᠨ ᠬᠥᠳᠡᠭᠡ ᠠᠵᠤ ᠠᠬᠤᠢ ᠶᠢᠨ ᠦᠵᠡᠰᠬᠦᠯᠡᠩ ᠤᠨ ᠬᠤᠷᠠᠯ᠂ ᠳᠥᠷᠪᠡᠳᠦᠭᠡᠷ ᠬᠤᠭᠤᠴᠠᠭᠠᠨ ᠤ ᠥᠪᠥᠷ ᠮᠣᠩᠭᠤᠯ ᠤᠨ ᠣᠢ ᠰᠢᠭᠤᠢ ᠶᠢᠨ ᠭᠠᠷᠤᠯᠲᠠ ᠶᠢᠨ ᠦᠵᠡᠰᠬᠦᠯᠡᠩ ᠤᠨ ᠬᠤᠷᠠᠯ᠂ ᠥᠪᠥᠷ ᠮᠣᠩᠭᠤᠯ ᠤᠨ ᠲᠠᠷᠢᠶᠠᠯᠠᠩ ᠤᠨ ᠮᠠᠰᠢᠨ ᠤ ᠦᠵᠡᠰᠬᠦᠯᠡᠩ ᠤᠨ ᠬᠤᠷᠠᠯ ᠥᠪᠥᠷ ᠮᠣᠩᠭᠤᠯ ᠤᠨ ᠣᠯᠠᠨ ᠤᠯᠤᠰ ᠤᠨ ᠬᠤᠷᠠᠯ ᠦᠵᠡᠰᠬᠦᠯᠡᠩ ᠤᠨ ᠲᠥᠪ ᠲᠤ ᠡᠬᠢᠯᠡᠪᠡ᠃      ᠲᠤᠰ ᠤᠳᠠᠭᠠᠨ ᠤ ᠦᠵᠡᠰᠬᠦᠯᠡᠩ ᠤᠨ ᠬᠤᠷᠠᠯ ᠳᠤ ᠲᠠᠷᠢᠶᠠᠯᠠᠩ ᠦᠢᠯᠡᠳᠪᠦᠷᠢᠯᠡᠯ ᠤᠨ ᠬᠡᠷᠡᠭᠰᠡᠯ᠂ ᠤᠰᠤ ᠠᠷᠪᠢᠯᠠᠬᠤ ᠤᠰᠤᠯᠠᠯᠲᠠ᠂ ᠲᠠᠷᠢᠶᠠᠯᠠᠩ ᠮᠠᠯ ᠠᠵᠤ ᠠᠬᠤᠶ ᠶᠢᠨ ᠮᠠᠰᠢᠨ᠂ ᠴᠢᠬᠢ ᠮᠣᠳᠣ ᠴᠡᠴᠡᠭ ᠬᠤᠸᠠᠷ᠂ ᠲᠠᠷᠢᠶᠠᠯᠠᠩ ᠣᠶ ᠰᠢᠭᠤᠶ ᠶᠢᠨ ᠪᠦᠲᠦᠭᠡᠭᠳᠡᠬᠦᠨ᠂ ᠮᠥᠩᠭᠦᠨ ᠭᠦᠢᠯᠭᠡᠭᠡᠨ ᠤ ᠦᠢᠯᠡᠴᠢᠯᠡᠭᠡ ᠵᠡᠷᠭᠡ ᠵᠢᠷᠭᠤᠭᠠᠨ ᠶᠡᠭᠡ ᠦᠵᠡᠭᠦᠯᠭᠡ ᠶᠢᠨ ᠲᠣᠭᠤᠷᠢᠭ ᠭᠠᠷᠭᠠᠵᠤ᠂ ᠳᠡᠯᠭᠡᠨ ᠦᠵᠡᠭᠦᠯᠬᠦ ᠲᠠᠯᠠᠪᠠᠢ ᠨᠢ 15000 ᠲᠡᠭᠰᠢ ᠳᠥᠷᠪᠡᠯᠵᠢᠨ ᠮᠧᠲᠷ ᠬᠦᠷᠴᠦ᠂ 400 ᠭᠠᠷᠤᠶ ᠲᠠᠷᠢᠶᠠᠯᠠᠩ᠂ ᠣᠶ ᠰᠢᠭᠤᠶ᠂ ᠮᠠᠯ ᠠᠵᠤ ᠠᠬᠤᠶ᠂ ᠤᠰᠤᠨ ᠤ ᠠᠵᠤ ᠠᠬᠤᠶᠢᠯᠠᠯ ᠦᠵᠡᠰᠬᠦᠯᠡᠩ ᠳᠤ ᠨᠡᠷ᠎ᠡ ᠮᠡᠳᠡᠭᠦᠯᠦᠨ ᠣᠷᠣᠯᠴᠠᠵᠤ᠂ 600 ᠭᠠᠷᠤᠶ ᠦᠵᠡᠭᠦᠯᠭᠡ ᠶᠢᠨ ᠪᠠᠶᠢᠷᠢ ᠲᠣᠬᠢᠷᠠᠭᠤᠯᠪᠠ᠃ ᠡᠭᠦᠨ ᠳᠤ ᠳᠡᠭᠡᠳᠦ ᠰᠢᠨ᠎ᠡ ᠮᠡᠷᠭᠡᠵᠢᠯ ᠤᠨ ᠲᠥᠷᠥᠯ ᠵᠦᠢᠯ 46᠂ ᠲᠤᠰᠬᠠᠶ ᠠᠰᠢᠭ ᠤᠨ ᠮᠡᠷᠭᠡᠵᠢᠯ ᠤᠨ ᠦᠢᠯᠡᠳᠬᠦᠨ 235 ᠪᠠᠶᠢᠨ᠎ᠠ᠃ ᠥᠪᠥᠷ ᠮᠣᠩᠭᠤᠯ ᠤᠨ ᠬᠥᠳᠡᠭᠡ ᠠᠵᠤ ᠠᠬᠤᠢ ᠶᠢᠨ ᠦᠵᠡᠰᠬᠦᠯᠡᠩ ᠤᠨ ᠬᠤᠷᠠᠯ ᠤᠨ ᠵᠣᠬᠢᠶᠠᠨ ᠪᠠᠶᠢᠭᠤᠯᠬᠤ ᠺᠣᠮᠢᠰ ᠤᠨ ᠠᠵᠢᠯᠲᠠᠨ ᠸᠠᠩ ᠶᠠ ᠮᠢᠩ᠄ ︽ᠲᠣᠰ ᠬᠤᠭᠤᠴᠠᠭᠠᠨ ᠤ ᠬᠥᠳᠡᠭᠡ ᠠᠵᠤ ᠠᠬᠤᠢ ᠶᠢᠨ ᠦᠵᠡᠰᠬᠦᠯᠡᠩ ᠤᠨ ᠬᠤᠷᠠᠯ ᠪᠣᠯ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠡᠭᠡ ᠠᠬᠤᠶ ᠪᠠᠶᠢᠳᠠᠯ ᠳᠣᠤᠷ᠎ᠠ ᠶᠠᠪᠤᠭᠳᠠᠵᠤ᠂ ᠤᠤᠯ ᠨᠢ 3 ᠳ᠋ᠤᠭᠠᠷ ᠰᠠᠷ᠎ᠠ ᠳᠤ ᠬᠢᠬᠦ ᠪᠠᠷ ᠪᠠᠶᠢᠭᠰᠠᠨ ᠢ 8 ᠳ᠋ᠤᠭᠠᠷ ᠰᠠᠷ᠎ᠠ ᠪᠣᠯᠲᠠᠯ᠎ᠠ ᠬᠤᠶᠢᠰᠢᠯᠠᠭᠤᠯᠵᠤ᠂ ᠣᠨᠴᠠᠭᠠᠢ ᠤᠷᠳᠤ ᠴᠠᠭ ᠢᠶᠠᠷ ᠪᠡᠯᠡᠳᠬᠡᠪᠡ︔ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠥᠩᠭᠡᠷᠡᠭᠡᠭᠰᠡᠨ ᠤ ᠳᠠᠷᠠᠭᠠᠬᠢ ᠠᠩᠬᠠᠳᠠᠭᠴᠢ ᠤᠳᠠᠭ᠎ᠠ ᠶᠢᠨ ᠲᠤᠰᠬᠠᠢ ᠮᠡᠷᠭᠡᠵᠢᠯ ᠤᠨ ᠦᠪᠡᠳᠡᠭᠰᠢ ᠴᠤᠭᠯᠠᠭᠠᠨ᠂ ᠮᠥᠨ ᠴᠦ ᠪᠦᠬᠦ᠋ᠢᠯᠡ ᠤᠮᠠᠷᠠᠲᠤ ᠣᠷᠣᠨ ᠤ ᠠᠩᠬᠠᠳᠠᠭᠴᠢ ᠤᠳᠠᠭ᠎ᠠ ᠶᠢᠨ ᠬᠥᠳᠡᠭᠡ ᠠᠵᠤ ᠠᠬᠤᠢ ᠶᠢᠨ ᠦᠪᠡᠳᠡᠭᠰᠢ ᠴᠤᠭᠯᠠᠭᠠᠨ  ᠪᠣᠯᠤᠭᠰᠠᠨ ᠤ ᠬᠤᠪᠢ ᠳᠤ᠂ ᠲᠤᠰ ᠬᠤᠭᠤᠴᠠᠭᠠᠨ ᠤ ᠬᠥᠳᠡᠭᠡ ᠠᠵᠤ ᠠᠬᠤᠢ ᠶᠢᠨ ᠦᠵᠡᠰᠬᠦᠯᠡᠩ ᠨᠢ ᠮᠠᠨ ᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠬᠦ ᠶᠢ ᠵᠣᠷᠢᠵᠤ᠂ ᠲᠤᠰ ᠬᠤᠭᠤᠴᠠᠭᠠᠨ ᠤ ᠦᠵᠡᠰᠬᠦᠯᠡᠩ ᠤᠨ ᠬᠤᠷᠠᠯ ᠢ ᠡᠷᠬᠢᠯᠡᠬᠦ ᠪᠠᠷ ᠳᠠᠮᠵᠢᠨ ᠪᠦᠬᠦ ᠣᠷᠣᠨ ᠤ ᠲᠠᠷᠢᠶᠠᠯᠠᠩ ᠮᠠᠯ ᠠᠵᠤ ᠠᠬᠤᠶ ᠪᠣᠯᠤᠨ ᠬᠥᠳᠡᠭᠡ ᠠᠵᠤ ᠠᠬᠤᠢ ᠶᠢᠨ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠬᠦᠷᠢᠶᠡᠨ ᠤ ᠬᠥᠭᠵᠢᠯᠲᠡ ᠶᠢ ᠠᠬᠢᠭᠤᠯᠬᠤ᠂ ᠮᠥᠨ ᠴᠦ ᠪᠥᠬᠦ ᠣᠷᠣᠨ ᠤ ᠬᠤᠷᠠᠯ ᠦᠵᠡᠰᠬᠦᠯᠡᠩ ᠤᠨ ᠦᠢᠯᠡᠰ ᠤᠨ ᠠᠵᠤ ᠠᠬᠤᠶ ᠶᠢᠨ ᠰᠡᠷᠭᠦᠯᠲᠡ ᠳᠤ ᠵᠣᠬᠢᠬᠤ ᠳᠠᠶᠢᠴᠢᠯᠠᠬᠤ ᠦᠢᠯᠡᠳᠦᠯ ᠦᠵᠡᠭᠦᠯᠬᠦ ᠪᠣᠯᠣᠨ᠎ᠠ︾ ᠭᠡᠪᠡ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号