ᠶᠠᠳᠠᠭᠤ ᠠᠴᠠ ᠠᠩᠭᠢᠵᠢᠷᠠᠭᠤᠯᠬᠤ ᠵᠠᠮ ᠳᠤ
ᠨᠡᠶᠢᠲᠡᠯᠡᠭᠰᠡᠨ ᠴᠠᠭ᠄
2020-08-03
     ᠶᠠᠳᠠᠭᠤ ᠠᠴᠠ ᠠᠩᠭᠢᠵᠢᠷᠠᠭᠤᠯᠬᠤ ᠦᠷ᠎ᠡ ᠪᠦᠲᠦᠭᠡᠯ ᠢ ᠪᠠᠲᠤᠳᠬᠠᠨ᠂ ᠪᠣᠭᠤᠮᠲᠠ ᠰᠢᠪᠲᠤᠯᠬᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠲᠤᠰᠠᠳᠠ᠂ ᠮᠠᠨ ᠤ ᠬᠤᠲᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠦᠯᠬᠦᠮ ᠮᠠᠶ᠋ᠢᠭ ᠤᠨ ᠨᠡᠶᠢᠭᠡᠮ ᠠᠴᠠ ᠳᠠᠭᠠᠭᠠᠴᠢᠯᠠᠨ ᠬᠠᠷᠢᠯᠴᠠᠵᠤ ᠬᠠᠪᠰᠤᠷᠤᠨ ᠲᠡᠳᠬᠦᠬᠦ ᠠᠵᠢᠯ ᠤᠨ ᠲᠣᠭᠲᠠᠴᠠ ᠶᠢ ᠪᠠᠶᠢᠭᠤᠯᠪᠠ᠃ ᠪᠦᠬᠦ ᠬᠤᠲᠠ ᠶᠢᠨ 103 ᠬᠤᠲᠠ ᠶᠢᠨ ᠰᠢᠭᠤᠳ ᠬᠠᠷᠢᠶ᠎ᠠ ᠨᠠᠮ ᠵᠠᠰᠠᠭ ᠤᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ᠂ 18 ᠴᠡᠷᠢᠭ ᠴᠠᠭᠳᠠᠭ᠎ᠠ ᠶᠢᠨ ᠠᠩᠭᠢ᠂ 242 ᠠᠵᠤ ᠠᠬᠤᠶᠢᠯᠠᠯ ᠮᠠᠨ ᠤ ᠬᠤᠲᠠ ᠶᠢᠨ10 ᠬᠤᠰᠢᠭᠤ ᠰᠢᠶᠠᠨ ᠲᠤᠭᠤᠷᠢᠭ 48 ᠰᠢᠶᠠᠩ ᠪᠠᠯᠭᠠᠰᠤ ︵ᠲᠠᠷᠢᠶᠠᠯᠠᠩ ᠳᠤ ᠬᠤᠯᠪᠣᠭᠳᠠᠬᠤ ᠬᠡᠷᠡᠭ ᠡᠷᠬᠢᠯᠡᠬᠦ ᠭᠠᠵᠠᠷ︶ 231 ᠲᠣᠰᠬᠤᠨ ᠲᠠᠢ ᠬᠠᠷᠢᠯᠴᠠᠵᠤ ᠬᠠᠪᠰᠤᠷᠤᠨ ᠲᠡᠳᠬᠦᠪᠡ᠃ ᠡᠨᠡ ᠵᠢᠯ ᠤᠨ 5 ᠳ᠋ᠤᠭᠠᠷ ᠰᠠᠷ᠎ᠠ ᠠᠴᠠ ᠨᠠᠭᠠᠰᠢ᠂ ᠡᠯ᠎ᠡ ᠬᠠᠪᠰᠤᠷᠤᠨ ᠲᠡᠳᠬᠦᠬᠦ ᠰᠠᠯᠠᠭ᠎ᠠ ᠮᠥᠴᠢᠷ ᠤᠨ ᠬᠢᠨ ᠡᠯ᠎ᠡ ᠭᠠᠵᠠᠷ ᠤᠨ ᠬᠦᠴᠢᠷᠳᠡᠯᠲᠡᠢ ᠡᠷᠦᠬᠡ ᠳᠤ ᠭᠦᠨᠵᠡᠭᠡᠶᠢᠷᠡᠵᠦ᠂ ᠶᠠᠳᠠᠭᠤ ᠬᠦᠴᠢᠷᠳᠡᠯᠲᠡᠢ ᠬᠥᠮᠥᠰ ᠲᠠᠢ ᠨᠢᠭᠡ ᠤᠳᠠᠭ᠎ᠠ ᠶᠠᠷᠢᠯᠴᠠᠬᠤ᠂ ᠶᠠᠳᠠᠭᠤ ᠶᠢ ᠲᠡᠳᠬᠦᠬᠦ ᠠᠷᠭ᠎ᠠ ᠬᠡᠮᠵᠢᠶ᠎ᠡ ᠶᠢ ᠨᠢᠭᠡ ᠤᠳᠠᠭ᠎ᠠ ᠵᠠᠰᠠᠬᠤ᠂ ᠰᠠᠭᠤᠷᠢ ᠲᠤᠭ᠎ᠠ ᠶᠢ ᠨᠢᠭᠡ ᠤᠳᠠᠭ᠎ᠠ ᠬᠠᠷᠭᠤᠭᠤᠯᠬᠤ᠂ ᠨᠢᠭᠡ ᠪᠦᠯᠦᠭ ᠪᠣᠳᠠᠲᠠᠢ ᠠᠰᠠᠭᠤᠳᠠᠯ ᠢ ᠰᠢᠢᠳᠪᠦᠷᠢᠯᠡᠬᠦ᠂ ᠣᠷᠣᠰᠢᠨ ᠰᠠᠭᠤᠬᠤ ᠣᠷᠴᠢᠨ ᠨᠦᠬᠦᠴᠡᠯ ᠢ ᠨᠢᠭᠡ ᠤᠳᠠᠭ᠎ᠠ  ᠴᠡᠭᠴᠡᠯᠡᠨ ᠰᠠᠶᠢᠵᠢᠷᠠᠭᠤᠯᠬᠤ ︽ᠲᠠᠪᠤᠨ ᠨᠢᠭᠡ︾ ᠲᠤᠰᠬᠠᠢ ᠲᠥᠷᠥᠯ ᠤᠨ ᠠᠵᠢᠯᠯᠠᠭ᠎ᠠ ᠥᠷᠨᠢᠭᠦᠯᠦᠨ᠂ ᠶᠠᠳᠠᠭᠤ ᠬᠦᠴᠢᠷᠳᠡᠯᠲᠡᠢ ᠡᠷᠦᠬᠡ ᠶᠢ ᠬᠠᠪᠰᠤᠷᠤᠨ ᠠᠵᠤ ᠦᠢᠯᠡᠰ ᠢᠶᠠᠷ ᠣᠷᠣᠯᠭ᠎ᠠ ᠪᠠᠨ ᠨᠡᠮᠡᠭᠳᠡᠭᠦᠯᠬᠦ ᠲᠥᠷᠥᠯ ᠵᠦᠢᠯ ᠢ ᠰᠣᠩᠭᠤᠨ᠂ ᠦᠨᠳᠦᠰᠦᠨ ᠪᠠᠶᠢᠳᠠᠯ ᠢ ᠬᠠᠷᠭᠤᠭᠤᠯᠤᠨ᠂ ᠠᠰᠠᠭᠤᠳᠠᠯ ᠢ ᠠᠬᠤᠢ ᠲᠠᠯᠠᠪᠠᠢ ᠳᠤᠨᠢ ᠵᠣᠬᠢᠴᠠᠭᠤᠯᠤᠨ ᠰᠢᠢᠳᠪᠦᠷᠢᠯᠡᠵᠦ᠂ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠪᠠ᠃ ᠡᠭᠦᠨ ᠤ ᠬᠠᠮᠲᠤ᠂ ᠬᠡᠳᠦᠨ ᠮᠢᠩᠭᠠᠨ ᠶᠠᠳᠠᠭᠤ ᠶᠢ ᠲᠡᠳᠬᠦᠬᠦ ᠬᠠᠷᠢᠭᠤᠴᠠᠯᠭᠠᠲᠠᠳ ᠥᠪᠡᠷ ᠤᠨ ᠤᠬᠠᠮᠰᠠᠷ ᠠᠴᠠ ᠪᠠᠨ ᠬᠥᠳᠡᠯᠦᠯᠴᠡᠵᠦ᠂ ᠳᠠᠭᠠᠭᠠᠴᠢᠯᠠᠨ ᠬᠠᠷᠢᠯᠴᠠᠬᠤ ᠶᠠᠳᠠᠭᠤ ᠬᠦᠴᠢᠷᠳᠡᠯᠲᠡᠢ ᠡᠷᠦᠬᠡ ᠳᠤ  ᠬᠦᠷᠴᠦ᠂ ᠲᠡᠳᠡᠨ ᠳᠤ ᠪᠡᠯᠡ ᠮᠥᠩᠭᠦ ᠪᠠ ᠮᠡᠳᠡᠭᠡ ᠵᠠᠩᠭᠢ ᠶᠢᠨ ᠳᠡᠮᠵᠢᠯᠭᠡ ᠬᠠᠩᠭᠠᠪᠠ᠃ᠵᠢᠷᠤᠭ᠄ ᠴᠢᠩ ᠱᠦᠢ ᠾᠧ ᠰᠢᠶᠠᠨ ᠤ ᠶᠠᠳᠠᠭᠤ ᠶᠢ ᠲᠡᠳᠬᠦᠬᠦ ᠺᠠᠳ᠋ᠷ ᠥᠪᠡᠷ ᠤᠨ ᠳᠠᠭᠠᠭᠠᠴᠢᠯᠠᠨ ᠬᠠᠷᠢᠯᠴᠠᠬᠤ ᠶᠠᠳᠠᠭᠤ ᠬᠦᠴᠢᠷᠳᠡᠯᠲᠡᠢ ᠡᠷᠦᠬᠡ ᠳᠤ ᠬᠦᠷᠴᠦ ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠵᠤ ᠪᠠᠶᠢᠭ᠎ᠠ ᠨᠢ᠃ᠰᠤᠷᠪᠤᠯᠵᠢᠯᠠᠭᠴᠢ ᠶᠠᠩ ᠼᠠᠢ ᠰᠢᠶᠠ ᠰᠡᠭᠦᠳᠡᠷᠯᠡᠪᠡ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号