| | | ᠮᠠᠨ ᠤ ᠰᠢᠶᠠᠨ ᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠮᠤᠷ ᠲᠦᠪᠰᠢᠨ ᠤᠰᠤ ᠤᠮᠳᠠ ᠶᠢᠨ | ᠠᠵᠢᠯ ᠤᠨ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ 8 ᠰᠠᠷ᠎ᠠ ᠶᠢᠨ 27 ᠤ ᠡᠳᠦᠷ᠂ ᠦᠴᠤᠸᠠᠨ ᠰᠢᠶᠠᠨ ︽ | ᠡᠷᠡᠭᠦᠯ ᠮᠡᠨᠳᠦ ᠤᠰᠤ ᠤᠮᠳᠠ ᠠᠷᠠᠳ ᠲᠤ ᠠᠰᠢᠭ ᠬᠦᠷᠲᠡᠭᠡᠬᠦ ᠢᠨᠵᠧᠨᠧᠷᠢᠩ︾ ᠬᠠᠨᠳᠢᠪᠯᠠᠨ ᠲᠤᠰᠠᠯᠠᠬᠤ | ᠶᠣᠰᠣᠯᠠᠯ ᠶᠠᠪᠤᠭᠤᠯᠪᠠ᠃ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠸᠠᠩ | ᠶᠤᠸᠠᠢ ᠬᠤᠩ ᠶᠣᠰᠣᠯᠠᠯ ᠳᠤ ᠣᠷᠤᠯᠴᠠᠪᠠ᠃ | ᠣᠶᠢᠯᠠᠭᠠᠭᠰᠠᠨ ᠢᠶᠠᠷ᠂ ᠲᠣᠰ ᠤᠳᠠᠭᠠᠨ ᠤ ᠬᠠᠨᠳᠢᠪᠯᠠᠨ ᠲᠤᠰᠠᠯᠠᠬᠤ ᠠᠵᠢᠯᠯᠠᠭ᠎ᠠ ᠶᠢ ᠦᠴᠤᠸᠠᠨ ᠰᠢᠶᠠᠨ ᠤ | ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ ᠤᠨ ᠡᠪᠯᠡᠯ ᠰᠧᠴᠤᠸᠠᠨ ᠮᠤᠵᠢ ᠶᠢᠨ ᠴᠧᠩᠳᠦ᠋ ᠶᠢᠨ ᠱᠧᠩ ᠶᠤᠸᠠᠨ | ᠶᠠᠩ ᠭᠤᠸᠠᠩ ᠣᠷᠴᠢᠨ ᠠᠬᠤᠢ ᠶᠢ ᠬᠠᠮᠠᠭᠠᠯᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠲᠠᠢ | ᠬᠠᠮᠲᠤᠷᠠᠨ ᠡᠷᠬᠢᠯᠡᠭᠰᠡᠨ ᠶᠤᠮ᠂ ᠮᠠᠨ ᠤ ᠰᠢᠶᠠᠨ ᠤ ᠡᠯ᠎ᠡ ᠰᠢᠶᠠᠩ ᠪᠠᠯᠭᠠᠰᠤ ᠳᠤ 40 ᠰᠠᠣᠷᠢ ᠤᠰᠤ ᠴᠡᠪᠡᠷᠯ ᠤᠨ | ᠮᠠᠰᠢᠨ ᠢ ᠦᠨ᠎ᠡ ᠲᠥᠯᠥᠪᠦᠷᠢ ᠦᠭᠡᠢ ᠪᠠᠷ ᠬᠠᠨᠳᠢᠪᠯᠠᠨ ᠲᠤᠰᠠᠯᠠᠭᠰᠠᠨ ᠶᠤᠮ᠃ | ᠸᠠᠩ ᠶᠤᠸᠠᠢ ᠬᠤᠩ ᠵᠢᠭᠠᠵᠤ ᠭᠠᠷᠭᠠᠭᠰᠠᠨ ᠨᠢ᠂ ᠦᠴᠤᠸᠠᠨ ᠰᠢᠶᠠᠨ ᠤ ᠬᠤᠪᠢᠰᠬᠠᠯ ᠤᠨ ᠬᠠᠭᠤᠴᠢᠨ | ᠰᠠᠭᠤᠷᠢᠨ ᠭᠠᠵᠠᠷ ᠤᠨ ᠡᠪᠯᠡᠯ ᠤᠨ ᠬᠢᠨ ︽ᠨᠢᠭᠡ ᠲᠣᠰᠬᠤᠨ ᠨᠢᠭᠡ ᠲᠥᠷᠥᠯ︾ ᠤᠨ ᠲᠥᠷᠥᠯ ᠵᠦᠢᠯ ᠢ | ᠬᠡᠷᠡᠭᠵᠢᠭᠦᠯᠬᠦ ᠪᠠᠷ ᠳᠠᠮᠵᠢᠭᠤᠯᠤᠨ᠂ ᠪᠥᠬᠦ ᠰᠢᠶᠠᠨ ᠤ ᠣᠨᠢᠨ ᠳᠡᠭᠡᠷ᠎ᠡ ᠨᠢ ᠶᠠᠳᠠᠭᠤ ᠶᠢ ᠲᠡᠳᠬᠦᠬᠦ ᠣᠨᠤᠪᠴᠢᠲᠠᠢ ᠪᠠᠷ | ᠶᠠᠳᠠᠭᠤ ᠠᠴᠠ ᠠᠩᠭᠢᠵᠢᠷᠠᠭᠤᠯᠬᠤ ᠳᠤ ᠢᠳᠡᠪᠬᠢᠲᠡᠶ ᠬᠦᠴᠦᠨ ᠨᠡᠮᠡᠷᠢᠯᠡᠪᠡ᠃ ᠬᠤᠪᠢᠰᠬᠠᠯ ᠤᠨ ᠬᠠᠭᠤᠴᠢᠨ ᠰᠠᠭᠤᠷᠢᠨ | ᠭᠠᠵᠠᠷ ᠤᠨ ᠦᠷᠬᠦᠯᠵᠢᠯᠡᠨ ᠬᠥᠭᠵᠢᠯᠲᠡ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ 2012 | ᠣᠨ ᠠᠴᠠ 2019 ᠣᠨ ᠪᠣᠯᠲᠠᠯ᠎ᠠ᠂ ᠦᠴᠤᠸᠠᠨ ᠰᠢᠶᠠᠨ ᠤ ᠬᠢᠨ ᠬᠤᠪᠢᠰᠬᠠᠯ ᠤᠨ ᠬᠠᠭᠤᠴᠢᠨ ᠰᠠᠭᠤᠷᠢᠨ | ᠭᠠᠵᠠᠷ ᠤᠨ ᠲᠣᠰᠬᠤᠨ ᠳᠤ ᠨᠡᠶᠢᠲᠡ 181 ᠲᠥᠷᠥᠯ ᠵᠦᠢᠯ ᠢ ᠬᠡᠷᠡᠭᠵᠢᠭᠦᠯᠵᠦ᠂ ᠲᠥᠷᠥᠯ ᠵᠦᠢᠯ ᠳᠤ ᠲᠠᠷᠢᠵᠤ | ᠲᠡᠵᠢᠭᠡᠬᠦ ᠦᠢᠯᠡᠰ᠂ ᠰᠤᠷᠭᠠᠨ ᠬᠥᠮᠦᠵᠢᠯ ᠢᠶᠠᠷ ᠶᠠᠳᠠᠭᠤ ᠶᠢ ᠲᠡᠳᠬᠦᠬᠦ᠂ ᠬᠤᠷᠰᠢᠶ᠎ᠠ ᠶᠢ ᠪᠤᠶᠢᠵᠢᠭᠤᠯᠤᠨ | ᠪᠤᠵᠠᠭᠠᠶᠢᠷᠠᠭᠤᠯᠬᠤ ᠵᠡᠷᠭᠡ ᠶᠢ ᠪᠠᠭᠲᠠᠭᠠᠵᠠᠶ᠃ ᠨᠡᠶᠢᠲᠡ 3600 ᠭᠠᠷᠤᠶ ᠲᠦᠮᠡᠨ ᠲᠥᠭᠦᠷᠢᠭ ᠤᠨ ᠪᠡᠯᠡ | ᠣᠷᠣᠭᠤᠯᠵᠤ᠂ ᠪᠦᠬᠦ ᠰᠢᠶᠠᠨ ᠤ 6 ᠰᠢᠶᠠᠩ ᠪᠠᠯᠭᠠᠰᠤ᠂ 160 ᠭᠠᠷᠤᠶ ᠠᠶᠢᠯ ᠲᠣᠰᠬᠤᠨ᠂ 2500 ᠭᠠᠷᠤᠶ | ᠡᠷᠦᠬᠡ ᠶᠢ ᠬᠠᠮᠤᠷᠴᠤ᠂ ᠲᠥᠷᠥᠯ ᠵᠦᠢᠯ ᠳᠤ ᠣᠷᠣᠯᠴᠠᠭᠰᠠᠨ ᠡᠷᠦᠬᠡ ᠶᠢᠨ ᠬᠥᠮᠦᠨ ᠪᠦᠷᠢ ᠶᠢᠨ ᠳᠤᠮᠳᠠᠴᠢ | ᠣᠷᠣᠯᠭ᠎ᠠ ᠶᠢ 1200 ᠲᠥᠭᠦᠷᠢᠭ ᠣᠷᠴᠢᠮ ᠨᠡᠮᠡᠭᠳᠡᠭᠦᠯᠵᠡᠶ᠃ ᠡᠭᠦᠨ ᠳᠤ ᠶᠠᠳᠠᠭᠤ ᠬᠦᠴᠢᠷᠳᠡᠯᠲᠡᠶ ᠡᠷᠦᠬᠡ 500 | ᠭᠠᠷᠤᠶ ᠡᠷᠦᠬᠡ᠂ 700 ᠭᠠᠷᠤᠶ ᠬᠥᠮᠦᠨ ᠢ ᠨᠥᠯᠥᠭᠡᠯᠡᠨ ᠳᠠᠶᠢᠴᠢᠯᠠᠵᠤ᠂ ᠪᠥᠬᠦ ᠰᠢᠶᠠᠨ ᠢᠶᠠᠷ ᠢᠶᠠᠨ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠤᠯᠬᠤ ᠳᠤ ᠪᠠᠲᠤ ᠪᠠᠬᠢ ᠰᠠᠭᠤᠷᠢ ᠲᠠᠯᠪᠢᠵᠤ | ᠥᠭᠴᠡᠶ᠃ | ᠳᠠᠷᠠᠭ᠎ᠠ ᠨᠢ᠂ ︽ᠡᠷᠡᠭᠦᠯ ᠮᠡᠨᠳᠦ ᠤᠰᠤ ᠤᠮᠳᠠ ᠠᠷᠠᠳ ᠲᠤ ᠠᠰᠢᠭ ᠬᠦᠷᠲᠡᠭᠡᠬᠦ ᠢᠨᠵᠧᠨᠧᠷᠢᠩ︾ ᠤᠨ | ᠬᠠᠨᠳᠢᠪᠯᠠᠨ ᠲᠤᠰᠠᠯᠠᠬᠤ ᠵᠢᠴᠢ ᠫᠠᠶᠢᠰᠠ ᠣᠯᠭᠤᠬᠤ ᠶᠣᠰᠣᠯᠠᠯ ᠶᠠᠪᠤᠭᠤᠯᠪᠠ᠃ ︵ᠭᠦᠸᠧ ᠯᠢ ᠴᠧᠨ ᠪᠥᠸᠧ︶ |