ᠬᠤᠲᠠ ᠶᠢᠨ ᠵᠠᠰᠠᠭ ᠤᠨ ᠣᠷᠳᠣᠨ 2020 ᠣᠨ ᠤ 33 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/8/31
      8 ᠳ᠋ᠤᠭᠠᠷ ᠰᠠᠷ᠎ᠠ ᠶᠢᠨ 28 ᠤ ᠡᠳᠦᠷ᠂ ᠬᠤᠲᠠ ᠶᠢᠨ ᠨᠠᠮ ‍ᠤᠨ‌ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠵᠠᠩ ᠪᠠᠢ ᠴᠧᠩ ᠬᠤᠲᠠ ᠶᠢᠨ ᠵᠠᠰᠠᠭ ᠤᠨ ᠣᠷᠳᠣᠨ ᠤ 2020 ᠣᠨ ᠤ 33 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠬᠤᠷᠢᠨ ᠨᠢᠭᠡᠳᠦᠭᠡᠷ ᠬᠤᠭᠤᠴᠠᠭᠠᠨ ᠤ ᠬᠥᠬᠡᠬᠤᠲᠠ ᠶᠢᠨ ᠵᠣᠣ ᠵᠢᠶᠦ᠋ᠨ ᠰᠣᠶᠣᠯ ᠤᠨ ᠨᠠᠶᠢᠷ ᠢ ᠡᠷᠬᠢᠯᠡᠬᠦ᠂ ᠭᠠᠯ ᠢ ᠰᠡᠷᠭᠡᠶᠢᠯᠡᠨ ᠠᠪᠤᠷᠠᠨ ᠲᠤᠰᠠᠯᠠᠬᠤ ︽ᠳᠥᠷᠪᠡᠨ ᠲᠥᠷᠥᠯ ᠤᠨ ᠪᠦᠲᠦᠭᠡᠨ ᠪᠠᠶᠢᠭᠤᠯᠤᠯᠲᠠ ︾ ᠵᠡᠷᠭᠡ ᠠᠵᠢᠯ ᠢ ᠰᠤᠳᠤᠯᠪᠠ᠃      ᠬᠤᠷᠠᠯ ᠠᠴᠠ ᠵᠢᠭᠠᠭᠰᠠᠨ ᠨᠢ᠂ ᠵᠣᠣ ᠵᠢᠶᠦ᠋ᠨ ᠰᠣᠶᠣᠯ ᠤᠨ ᠨᠠᠶᠢᠷ ᠢ ᠬᠤᠷᠢᠨ ᠬᠤᠭᠤᠴᠠᠭ᠎ᠠ ᠠᠮᠵᠢᠯᠲᠠ ᠲᠠᠢ ᠡᠷᠬᠢᠯᠡᠵᠦ᠂ ᠨᠢᠭᠡᠨᠲᠡ ᠲᠥᠪ ᠬᠤᠲᠠ ᠶᠢᠨ ᠳᠦᠷᠢ ᠲᠥᠷᠬᠦ ᠳᠦᠷᠰᠦ ᠪᠠᠶᠢᠳᠠᠯ᠂ ᠬᠥᠭᠵᠢᠯᠲᠡ ᠶᠢᠨ ᠦᠷ᠎ᠡ ᠪᠦᠲᠦᠮᠵᠢ ᠶᠢ ᠬᠠᠷᠠᠭᠤᠯᠬᠤ ᠴᠢᠬᠤᠯᠠ ᠨᠡᠷ᠎ᠡ ᠶᠢᠨ ᠬᠠᠭᠤᠳᠠᠰᠤ ᠪᠠ ᠪᠦᠲᠦᠮᠵᠢᠲᠡᠢ ᠠᠴᠢᠶᠠᠯᠠᠪᠤᠷᠢ ᠪᠣᠯᠵᠠᠢ᠃ ᠵᠣᠣ ᠵᠢᠶᠦ᠋ᠨ ᠰᠣᠶᠣᠯ ᠤᠨ ᠨᠠᠶᠢᠷ ᠢ ᠡᠷᠬᠢᠯᠡᠬᠦ ᠳᠤ ᠪᠣᠳᠠᠲᠠᠢ ᠳᠤ ᠰᠠᠭᠤᠷᠢᠯᠠᠨ᠂ ᠣᠨᠴᠠᠯᠢᠭ ᠢ ᠳᠣᠪᠣᠶᠢᠯᠭᠠᠵᠤ᠂ ᠪᠣᠳᠠᠲᠠᠢ ᠶᠢ ᠡᠷᠬᠢᠮᠯᠡᠨ ᠠᠷᠪᠢᠯᠠᠨ ᠭᠠᠮᠨᠠᠬᠤ ᠵᠠᠷᠴᠢᠮ ᠢᠶᠠᠷ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠭᠰᠠᠨ ᠤ ᠰᠠᠭᠤᠷᠢᠨ ᠳᠡᠭᠡᠷ᠎ᠡ᠂ ᠡᠯ᠎ᠡ ᠲᠥᠷᠥᠯ ᠤᠨ ᠬᠥᠳᠡᠯᠭᠡᠭᠡᠨ ᠤ ᠲᠥᠰᠥᠯ ᠢ ᠲᠣᠭᠲᠠᠭᠠᠬᠤ ᠵᠢᠴᠢ ᠬᠥᠳᠡᠯᠭᠡᠭᠡᠨ ᠤ ᠵᠣᠬᠢᠶᠠᠨ ᠪᠠᠶᠢᠭᠤᠯᠤᠯᠲᠠ᠂ ᠪᠠᠲᠤᠯᠠᠭ᠎ᠠ ᠵᠡᠷᠭᠡ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠦ᠂ ᠡᠯ᠎ᠡ ᠲᠥᠷᠥᠯ ᠤᠨ ᠬᠥᠳᠡᠯᠭᠡᠭᠡᠨ ᠤ ᠲᠡᠭᠦᠰ ᠠᠮᠵᠢᠯᠲᠠ ᠲᠠᠢ ᠪᠣᠯᠬᠤ ᠶᠢ ᠪᠠᠲᠤᠯᠠᠨ᠂ ᠵᠢᠱᠢᠭᠰᠡᠨ ᠦᠷ᠎ᠡ ᠳ᠋ᠦᠩ ᠳᠡᠭᠡᠨ ᠬᠦᠷᠬᠦ ᠬᠡᠷᠡᠭᠲᠡᠢ ᠭᠡᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠭᠠᠯ ᠢ ᠰᠡᠷᠭᠡᠶᠢᠯᠡᠨ ᠠᠪᠤᠷᠠᠨ ᠲᠤᠰᠠᠯᠠᠬᠤ ︽ᠳᠥᠷᠪᠡᠨ ᠲᠥᠷᠥᠯ ᠤᠨ ᠪᠦᠲᠦᠭᠡᠨ ᠪᠠᠶᠢᠭᠤᠯᠤᠯᠲᠠ︾ ᠪᠣᠯ ᠭᠠᠯ ᠢ ᠰᠡᠷᠭᠡᠶᠢᠯᠡᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠭᠠᠯ ᠢ ᠰᠡᠷᠭᠡᠶᠢᠯᠡᠨ ᠠᠪᠤᠷᠠᠨ ᠲᠤᠰᠠᠯᠠᠬᠤ ᠬᠢᠷᠢ ᠲᠦᠪᠰᠢᠨ ᠢ ᠪᠦᠲᠦᠮᠵᠢᠲᠡᠢ ᠳᠡᠭᠡᠭᠰᠢᠯᠡᠭᠦᠯᠬᠦ ᠪᠦᠲᠦᠮᠵᠢᠲᠡᠢ ᠠᠷᠭ᠎ᠠ ᠬᠡᠮᠵᠢᠶ᠎ᠡ ᠮᠥᠨ᠃ ᠬᠤᠯᠪᠣᠭᠳᠠᠯ ᠪᠦᠬᠦᠢ ᠭᠠᠵᠠᠷ ᠣᠷᠣᠨ ᠪᠠ ᠰᠠᠯᠠᠭ᠎ᠠ ᠮᠥᠴᠢᠷ ᠤᠨ ᠬᠢᠨ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠴᠠᠭ ᠢᠮᠠᠭᠲᠠ ᠪᠠᠷᠢᠮᠲᠠᠯᠠᠵᠤ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠡᠷᠡᠰ ᠵᠢᠷᠤᠮᠯᠠᠵᠤ᠂ ᠭᠠᠯ ᠢ ᠰᠡᠷᠭᠡᠶᠢᠯᠡᠨ ᠠᠪᠤᠷᠠᠨ ᠲᠤᠰᠠᠯᠠᠬᠤ ᠲᠤᠨᠤᠭᠯᠠᠯ ᠪᠡᠯᠡᠳᠬᠡᠮᠵᠢ ᠲᠥᠬᠦᠭᠡᠷᠦᠮᠵᠢ ᠶᠢ ᠭᠦᠢᠴᠡᠳ ᠲᠣᠬᠢᠷᠠᠭᠤᠯᠤᠨ᠂ ᠮᠡᠳᠡᠭᠡ ᠵᠠᠩᠭᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠂ ᠥᠷᠭᠡᠨ ᠣᠯᠠᠨ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ  ᠰᠠᠶᠢᠳᠤᠷ ᠪᠠᠲᠤᠯᠠᠬᠤ ᠬᠡᠷᠡᠭᠲᠡᠢ ᠭᠡᠪᠡ᠃      ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠪᠠ᠃      ᠬᠤᠲᠠ ᠶᠢᠨ ᠤᠳᠤᠷᠢᠳᠤᠯᠭ᠎ᠠ ᠯᠥᠸᠧ ᠴᠢᠩ᠂ ᠯᠢᠦ ᠴᠧᠩ ᠮᠢᠨ᠂ ᠰᠢᠦᠢ ᠷᠦᠢ ᠰᠢᠶᠠ᠂ ᠪᠢ ᠭᠥᠸᠧ ᠴᠧᠨ᠂ ᠵᠠᠩ ᠭᠥᠸᠧ ᠫᠢᠩ᠂ ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠵᠠᠩ ᠵᠦᠩ ᠳ᠋ᠦᠩ ᠬᠤᠷᠠᠯ ᠳᠤ ᠣᠷᠣᠯᠴᠠᠪᠠ᠃ ᠬᠤᠲᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠪᠠ᠃ ︵ᠯᠢ ᠬᠠᠢ ᠵᠧᠨ︶
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号