︽ᠯᠧᠢ ᠹᠧᠩ ᠤᠨ ᠵᠣᠷᠢᠭ ᠰᠠᠨᠠᠭ᠎ᠠ︾ ᠭᠤᠣᠯ ᠰᠡᠳᠦᠪᠲᠦ ᠰᠣᠶᠣᠯ ᠤᠨ ᠨᠡᠶᠢᠲᠡ ᠶᠢᠨ ᠮᠠᠰᠢᠨ ᠲᠡᠷᠭᠡ
ᠨᠡᠶᠢᠲᠡᠯᠡᠭᠰᠡᠨ ᠴᠠᠭ᠄
2020-08-04
    ᠣᠷᠴᠢᠮᠬᠠᠨ᠂ ︽ᠯᠧᠢ ᠹᠧᠩ ᠤᠨ ᠵᠣᠷᠢᠭ ᠰᠠᠨᠠᠭ᠎ᠠ ᠶᠢ ᠤᠯᠠᠮᠵᠢᠯᠠᠨ ᠪᠠᠳᠠᠷᠠᠭᠤᠯᠵᠤ ᠨᠡᠶᠢᠭᠡᠮ ᠳᠤ ᠬᠤᠪᠢ ᠨᠡᠮᠡᠷᠢ ᠪᠠᠨ ᠦᠵᠡᠭᠦᠯᠦᠶ᠎ᠡ︾ ︽ᠯᠧᠢ ᠹᠧᠩ ᠠᠴᠠ ᠰᠤᠷᠤᠯᠴᠠᠨ ᠰᠠᠶᠢᠨ ᠳᠠᠭᠤᠷᠢᠶᠠᠯ ᠪᠣᠯᠵᠤ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠶ᠎ᠡ︾ ᠵᠡᠷᠭᠡ ᠯᠧᠢ ᠹᠧᠩ ᠠᠴᠠ ᠰᠤᠷᠤᠯᠴᠠᠬᠤ ᠤᠷᠢᠶ᠎ᠠ ᠯᠤᠽᠦ᠋ᠩ ᠂ ᠯᠧᠢ ᠹᠧᠩ ᠤᠨ ᠦᠭᠡ ᠶᠢᠨ ᠲᠡᠭᠦᠪᠦᠷᠢ ᠪᠠᠷ ᠲᠤᠳᠤᠷᠠᠬᠢ ᠶᠢ ᠨᠢ ᠴᠢᠮᠡᠭᠰᠡᠨ ︽ᠯᠧᠢ ᠹᠧᠩ ᠤᠨ ᠵᠣᠷᠢᠭ ᠰᠠᠨᠠᠭ᠎ᠠ︾ ᠭᠤᠣᠯ ᠰᠡᠳᠦᠪᠲᠦ ᠰᠤᠶᠤᠯ ᠤᠨ ᠨᠡᠶᠢᠲᠡ ᠶᠢᠨ ᠮᠠᠰᠢᠨ ᠲᠡᠷᠭᠡ  — 66 ᠳ᠋ᠤᠭᠠᠷ ᠵᠠᠮ ᠤᠨ ᠨᠡᠶᠢᠲᠡ ᠶᠢᠨ ᠮᠠᠰᠢᠨ ᠤ 419 ᠳ᠋ᠦ᠋ᠭᠡᠷ᠂ 421 ᠳ᠋ᠦ᠋ᠭᠡᠷ ᠨᠣᠮᠧᠷᠲᠤ ᠲᠡᠷᠭᠡ ᠣᠯᠠᠨ ᠲᠠᠢ ᠵᠣᠯᠭᠠᠵᠤ᠂ ᠠᠶᠠᠨᠴᠢᠳ ᠲᠤ ᠨᠢᠭᠡᠨ ᠴᠠᠭ ᠤᠨ ︽ᠬᠤᠪᠢᠰᠬᠠᠯ ᠤᠨ ᠰᠣᠶᠣᠯ︾ ᠤᠨ ᠠᠶᠠᠨ ᠢ ᠮᠡᠳᠡᠷᠡᠭᠦᠯᠦᠯ᠎ᠡ᠃ ᠭᠤᠣᠯ ᠰᠡᠳᠦᠪᠲᠦ ᠲᠥᠷᠥᠯ ᠲᠡᠮᠳᠡᠭᠲᠦ ᠨᠡᠶᠢᠲᠡ ᠶᠢᠨ ᠮᠠᠰᠢᠨ ᠲᠡᠷᠭᠡ‌ᠭᠠᠷᠭᠠᠬᠤ   ᠪᠠᠷ ᠳᠠᠮᠵᠢᠭᠤᠯᠤᠨ᠂ ᠯᠧᠢ ᠹᠧᠩ ᠤᠨ ︽ᠪᠤᠰᠤᠳ ᠢ ᠬᠠᠪᠰᠤᠷᠬᠤ ᠪᠠᠷ ᠵᠢᠷᠭᠠᠯ ᠢᠶᠠᠨ ᠪᠣᠯᠭᠠᠵᠤ᠂ ᠨᠡᠶᠢᠭᠡᠮ ᠳᠤ ᠬᠤᠪᠢ ᠨᠡᠮᠡᠷᠢ ᠦᠵᠡᠭᠦᠯᠬᠦ︾ ᠵᠣᠷᠢᠭ ᠰᠠᠨᠠᠭ᠎ᠠ ᠶᠢ ᠤᠯᠠᠮᠵᠢᠯᠠᠨ ᠪᠠᠳᠠᠷᠠᠭᠤᠯᠵᠤ᠂ ᠨᠡᠶᠢᠲᠡ ᠶᠢᠨ ᠮᠠᠰᠢᠨ ᠤ ᠡᠵᠡᠩᠨᠡᠯᠲᠡ ᠶᠢᠨ ᠦᠢᠯᠡᠴᠢᠯᠡᠭᠡ ᠶᠢᠨ ᠡᠯ᠎ᠡ ᠵᠦᠢᠯ ᠤᠨ ᠭᠦᠢᠴᠡᠳᠬᠡᠯ ᠲᠤᠭ᠎ᠠ ᠵᠢᠴᠢ ᠠᠶᠠᠨᠴᠢᠳ ᠤᠨ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠪᠡ᠃ ᠡᠭᠦᠨ ᠤ ᠬᠠᠮᠲᠤ᠂ ᠬᠤᠲᠠ ᠶᠢᠨ ᠨᠡᠶᠢᠲᠡ ᠶᠢᠨ ᠵᠠᠮ ᠬᠠᠷᠢᠯᠴᠠᠭ᠎ᠠ ᠶᠢᠨ ᠶᠡᠷᠦᠩᠬᠡᠢ ᠺᠣᠮᠫᠠᠨᠢ ᠨᠢ ᠦᠢᠯᠡᠴᠢᠯᠡᠭᠡ ᠶᠢᠨ ᠬᠢᠷᠢ ᠲᠦᠪᠰᠢᠨ ᠢᠶᠠᠨ ᠪᠦᠬᠦ  ᠲᠠᠯ᠎ᠠ ᠪᠠᠷ ᠳᠡᠭᠡᠭᠰᠢᠯᠡᠭᠦᠯᠦᠨ᠂ ᠡᠯ᠎ᠡ ᠦᠨᠳᠦᠰᠦᠨ ᠱᠠᠲᠤᠨ ᠤ ᠺᠣᠮᠫᠠᠨᠢ ᠳᠤ ︽ᠡᠳᠦᠷ ᠲᠤ ᠨᠢᠭᠡ ᠰᠠᠶᠢᠨ ᠤᠴᠢᠷ ᠬᠢᠵᠦ᠂ ᠨᠡᠶᠢᠲᠡ ᠶᠢᠨ ᠮᠠᠰᠢᠨ ᠤ ᠰᠠᠶᠢᠨ ᠬᠥᠮᠥᠨ ᠪᠣᠯᠣᠶ᠎ᠠ︾ ᠭᠤᠣᠯ ᠰᠡᠳᠦᠪᠲᠦ ᠬᠥᠳᠡᠯᠭᠡᠭᠡᠨ ᠥᠷᠨᠢᠭᠦᠯᠵᠦ᠂ ᠪᠦᠬᠦ ᠠᠵᠢᠯᠲᠠᠨ ᠠᠵᠢᠯᠴᠢᠳ ᠲᠠᠭᠠᠨ ᠰᠠᠶᠢᠨ ᠦᠢᠯᠡ ᠠᠵᠢᠯᠯᠠᠭ᠎ᠠ ᠬᠢᠵᠦ᠂ ︽ᠠᠮᠢᠳᠤ ᠯᠧᠢ ᠹᠧᠩ︾ ᠪᠣᠯᠬᠤ ᠶᠢ ᠰᠠᠨᠠᠭᠠᠴᠢᠯᠠᠵᠠᠢ᠃      ᠰᠤᠷᠪᠤᠯᠵᠢᠯᠠᠭᠴᠢ ᠶᠦᠨ ᠶᠠᠨ ᠹᠠᠩ ᠰᠡᠭᠦᠳᠡᠷᠯᠡᠪᠡ
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号