ᠮᠠᠨ ᠤ ᠬᠤᠲᠠ ᠶᠢᠨ ᠡᠨᠡ ᠵᠢᠯ ᠤᠨ ᠠᠩᠬᠠᠳᠠᠭᠴᠢ ᠤᠳᠠᠭ᠎ᠠ ᠶᠢᠨ ᠠᠬᠤᠢ ᠲᠠᠯᠠᠪᠠᠢ ᠶᠢᠨ ᠲᠣᠮᠣ ᠬᠡᠯᠪᠡᠷᠢ ᠶᠢᠨ ᠠᠵᠢᠯᠲᠠᠨ ᠡᠯᠰᠡᠬᠦ ᠴᠤᠭᠯᠠᠭᠠᠨ 8 ᠤ ᠡᠳᠦᠷ ᠡᠬᠢᠯᠡᠨ᠎ᠡ
ᠨᠡᠶᠢᠲᠡᠯᠡᠭᠰᠡᠨ ᠴᠠᠭ᠄
2020-08-04
       ︵ᠰᠤᠷᠪᠤᠯᠵᠢᠯᠠᠭᠴᠢ ᠯᠢᠤᠢ ᠬᠤᠢ ᠱᠧᠩ︶  ᠣᠶᠢᠯᠠᠭᠠᠭᠰᠠᠨ ᠢᠶᠠᠷ᠂ 2020 ᠣᠨ ᠤ ᠬᠥᠬᠡᠬᠤᠲᠠ ᠶᠢᠨ ︽ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠠᠵᠢᠯᠲᠠᠨ ᠡᠯᠰᠡᠬᠦ ᠰᠠᠷ᠎ᠠ ᠶᠢᠨ ᠬᠥᠳᠡᠯᠭᠡᠭᠡᠨ︾ ᠲᠤᠰᠬᠠᠢ ᠲᠠᠯᠠᠪᠠᠢ ᠠᠵᠢᠯᠲᠠᠨ ᠡᠯᠰᠡᠬᠦ ᠴᠤᠭᠯᠠᠭᠠᠨ 8 ᠳ᠋ᠤᠭᠠᠷ ᠰᠠᠷ᠎ᠠ ᠶᠢᠨ 8 ᠤ ᠡᠳᠦᠷ ᠥᠪᠥᠷ ᠮᠣᠩᠭᠤᠯ ᠤᠨ ᠣᠯᠠᠨ ᠤᠯᠤᠰ ᠤᠨ ᠬᠤᠷᠠᠯ ᠦᠵᠡᠰᠬᠦᠯᠡᠩ ᠤᠨ ᠲᠥᠪ ᠤᠨ ᠡᠮᠦᠨ᠎ᠡ ᠲᠠᠯᠠᠪᠠᠢ ᠳᠤ ᠶᠠᠪᠤᠭᠳᠠᠬᠤ ᠪᠠᠷ ᠪᠣᠯᠵᠤ᠂ ᠡᠨᠡ ᠨᠢ  ᠮᠦᠨᠴᠦ ᠮᠠᠨ ᠤ ᠬᠤᠲᠠ ᠶᠢᠨ ᠡᠨᠡ ᠵᠢᠯ ᠠᠴᠠ ᠨᠠᠭᠠᠰᠢ ᠡᠷᠬᠢᠯᠡᠭᠰᠡᠨ ᠠᠩᠬᠠᠨ ᠤ ᠲᠣᠮᠣ ᠬᠡᠯᠪᠡᠷᠢ ᠶᠢᠨ ᠠᠬᠤᠢ ᠲᠠᠯᠠᠪᠠᠢ ᠶᠢᠨ ᠠᠵᠢᠯᠲᠠᠨ ᠡᠯᠰᠡᠬᠦ ᠴᠤᠭᠯᠠᠭᠠᠨ ᠪᠣᠯᠣᠨ᠎ᠠ᠃      ᠣᠶᠢᠯᠠᠭᠠᠭᠰᠠᠨ ᠢᠶᠠᠷ᠂ 2020 ᠣᠨ ᠤ ᠬᠥᠬᠡᠬᠤᠲᠠ ᠶᠢᠨ ︽ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠠᠵᠢᠯᠲᠠᠨ ᠡᠯᠰᠡᠬᠦ ᠰᠠᠷ᠎ᠠ ᠶᠢᠨ ᠬᠥᠳᠡᠯᠭᠡᠭᠡᠨ︾ ᠲᠤᠰᠬᠠᠢ ᠲᠠᠯᠠᠪᠠᠢ ᠠᠵᠢᠯᠲᠠᠨ ᠡᠯᠰᠡᠬᠦ ᠴᠤᠭᠯᠠᠭᠠᠨ ᠢ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠴᠠ ᠭᠤᠣᠯᠯᠠᠨ ᠡᠷᠬᠢᠯᠡᠵᠦ᠂ ᠬᠤᠲᠠ ᠶᠢᠨ ᠴᠢᠳᠠᠪᠤᠷᠢᠲᠠᠨ ᠤ ᠦᠢᠯᠡᠴᠢᠯᠡᠭᠡ ᠶᠢᠨ ᠲᠥᠪ᠂ ᠥᠪᠥᠷ ᠮᠣᠩᠭᠤᠯ ᠤᠨ ᠲᠢᠶᠠᠨ ᠢᠦᠢ ᠬᠥᠮᠥᠨ ᠤ ᠬᠦᠴᠦᠨ ᠤ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ︵ᠪᠦᠯᠦᠭᠯᠡᠯ︶ ᠬᠢᠵᠠᠭᠠᠷᠲᠤ ᠺᠣᠮᠫᠠᠨᠢ᠂ ᠮᠠᠥ ᠲᠧᠦ ᠶᠢᠩ ᠥᠪᠥᠷ ᠮᠣᠩᠭᠤᠯ ᠤᠨ ᠡᠭᠦᠯᠡᠨᠴᠢᠷ ᠴᠢᠳᠠᠪᠤᠷᠢᠲᠠᠨ ᠤ ᠵᠠᠬ᠎ᠠ ᠳᠡᠯᠭᠡᠭᠦᠷ ᠠᠴᠠ ᠳᠠᠭᠠᠭᠠᠴᠢᠯᠠᠨ ᠡᠷᠬᠢᠯᠡᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠥᠮᠥᠨ ᠬᠡᠷᠡᠭᠯᠡᠬᠦ ᠱᠠᠭᠠᠷᠳᠠᠯᠭ᠎ᠠ ᠶᠢ ᠤᠯᠠᠮ ᠨᠢᠭᠡ ᠠᠯᠬᠤᠮ ᠬᠠᠩᠭᠠᠵᠤ᠂ ᠠᠵᠢᠯ ᠣᠯᠣᠭᠠᠳᠤᠢ ᠬᠦᠮᠦᠰ ᠤᠨ ᠠᠵᠢᠯ ᠣᠯᠵᠤ ᠦᠢᠯᠡᠰ ᠪᠣᠰᠬᠠᠬᠤ ᠶᠢ ᠠᠬᠢᠭᠤᠯᠤᠨ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠨ ᠣᠶᠤᠲᠠᠳ ᠲᠤ ᠠᠵᠢᠯ ᠣᠯᠭᠤᠬᠤ ᠦᠢᠯᠡᠴᠢᠯᠡᠭᠡ ᠶᠢᠨ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠠᠵᠤ ᠠᠬᠤᠶᠢᠯᠠᠯ ᠪᠠ ᠠᠵᠢᠯ ᠡᠷᠢᠵᠦ ᠪᠠᠶᠢᠭ᠎ᠠ ᠬᠥᠮᠥᠰ ᠲᠤ ᠦᠨᠡᠨ ᠪᠣᠳᠠᠲᠠᠢ ᠦᠢᠯᠡᠴᠢᠯᠡᠭᠡ ᠬᠠᠩᠭᠠᠬᠤ ᠶᠢ ᠵᠣᠷᠢᠵᠠᠢ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号