ᠬᠦᠬᠡᠬᠤᠳᠠ ᠶᠢᠨ ᠬᠤᠳᠠ ᠳᠤᠭᠤᠷᠢᠭ ᠤᠨ 2020 ᠣᠨ ᠤ ᠡᠩ ᠤᠨ ᠦᠨᠳᠦᠷ ᠳᠤᠮᠳᠠᠳᠤ ᠳᠤ ᠨᠢᠬᠡᠳᠦᠯᠳᠡᠢ ᠡᠯᠰᠡᠬᠦ ᠬᠠᠮᠤᠭ ᠳᠣᠣᠷ᠎ᠠ ᠬᠢᠵᠠᠭᠠᠷᠯᠠᠬᠤ ᠬᠤᠪᠢ ᠶᠢ ᠨᠡᠶᠢᠲᠡᠯᠡᠪᠡ
ᠨᠡᠶᠢᠲᠡᠯᠡᠭᠰᠡᠨ ᠴᠠᠭ᠄
2020/8/4
      ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠨᠠᠪᠴᠢ︶ ᠰᠤᠷᠪᠤᠯᠵᠢᠯᠠᠭᠴᠢ ᠬᠦᠬᠡᠬᠤᠳᠠ  ᠶᠢᠨ ᠰᠤᠷᠤᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠬᠢ ᠶᠢᠨ ᠰᠦᠯᠵᠢᠶ᠎ᠡ ᠠᠴᠠ ᠣᠶᠢᠯᠭᠠᠭᠰᠠᠨ ᠢᠶᠠᠷ᠂ 8 ᠰᠠᠷ᠎ᠠ ᠶᠢᠨ 2 ᠤᠨ ᠡᠳᠦᠷ᠂ ᠬᠦᠬᠡᠬᠤᠳᠠ ᠶᠢᠨ ᠬᠤᠳᠠ ᠲᠣᠭᠤᠷᠢᠭ ᠤᠨ 2020 ᠤᠨ ᠤ ᠡᠩ ᠤᠨ ᠦᠨᠳᠦᠷ ᠳᠤᠮᠳᠠᠳᠤ ᠳᠤ ᠨᠢᠬᠡᠳᠦᠯᠳᠡᠢ ᠡᠯᠰᠡᠬᠦ ᠬᠠᠮᠤᠭ ᠤᠨ ᠳᠣᠣᠷ᠎ᠠ ᠬᠢᠵᠠᠭᠠᠷᠯᠠᠬᠤ ᠬᠤᠪᠢ ᠶᠢ ᠨᠡᠶᠢᠳᠡᠯᠡᠪᠡ᠃     ᠬᠢᠳᠠᠳ ᠢᠶᠠᠷ ᠬᠢᠴᠢᠶᠡᠯᠯᠡᠭᠰᠡᠨ ᠡᠩ ᠤᠨ ᠦᠨᠳᠦᠷ ᠳᠤᠮᠳᠠᠳᠤ ᠳᠤ ᠨᠢᠬᠡᠳᠦᠯᠳᠡᠢ ᠡᠯᠰᠡᠬᠦ ᠬᠠᠮᠤᠭ ᠤᠨ ᠳᠣᠣᠷ᠎ᠠ ᠬᠢᠵᠠᠭᠠᠷᠯᠠᠬᠤ ᠬᠤᠪᠢ 306 ᠬᠤᠪᠢ᠂ ᠮᠤᠩᠭᠤᠯ ᠢᠶᠠᠷ ᠬᠢᠴᠢᠶᠡᠯᠯᠡᠭᠰᠡᠨ ᠡᠩ ᠤᠨ ᠦᠨᠳᠦᠷ ᠳᠤᠮᠳᠠᠳᠤ ᠳᠤ ᠡᠯᠰᠡᠬᠦ ᠬᠠᠮᠤᠭ ᠤᠨ ᠳᠣᠣᠷ᠎ᠠ ᠬᠢᠵᠠᠭᠠᠷᠯᠠᠬᠤ ᠬᠤᠪᠢ 219.2 ᠬᠤᠪᠢ᠂ ᠤᠷᠠᠯᠢᠭ ᠤᠨ ᠤᠨᠴᠠ ᠠᠪᠢᠶᠠᠰ ᠲᠠᠢ ᠰᠤᠷᠤᠭᠴᠢ ᠶᠢᠨ ᠬᠠᠮᠤᠭ ᠤᠨ ᠳᠣᠣᠷ᠎ᠠ ᠬᠢᠵᠠᠭᠠᠷᠯᠠᠬᠤ ᠬᠤᠪᠢ 244.8 ᠬᠤᠪᠢ᠂ ᠲᠠᠮᠢᠷ ᠤᠨ ᠤᠨᠴᠠ ᠠᠪᠢᠶᠠᠰ ᠲᠠᠢ ᠰᠤᠷᠤᠭᠴᠢ ᠶᠢᠨ ᠬᠠᠮᠤᠭ ᠤᠨ ᠳᠣᠣᠷ᠎ᠠ ᠬᠢᠵᠠᠭᠠᠷᠯᠠᠬᠤ ᠬᠤᠪᠢ 214.2 ᠬᠤᠪᠢ ᠪᠣᠯᠣᠨ᠎ᠠ᠃      ᠳᠤᠳᠤᠷᠬᠠᠢᠢᠯᠠᠬᠤ ᠨᠢ᠂ ᠤᠷᠠᠯᠢᠭ ᠤᠨ ᠤᠨᠴᠠ ᠠᠪᠢᠶᠠᠰ ᠲᠠᠢ ᠰᠤᠷᠤᠭᠴᠢ ᠶᠢᠨ ᠬᠠᠮᠤᠭ ᠤᠨ ᠳᠣᠣᠷ᠎ᠠ ᠬᠢᠵᠠᠭᠠᠷᠯᠠᠬᠤ ᠬᠤᠪᠢ ᠶᠢ ᠬᠤᠳᠠ ᠲᠣᠭᠤᠷᠢᠭ ᠤᠨ ᠨᠢᠭᠡᠳᠦᠯᠲᠡᠢ ᠡᠯᠰᠡᠬᠦ ᠬᠠᠮᠤᠭ ᠤᠨ ᠳᠣᠣᠷ᠎ᠠ ᠬᠢᠵᠠᠭᠠᠷᠯᠠᠬᠤ ᠬᠤᠪᠢ ᠶᠢᠨ 80% ᠪᠠᠷ ᠨᠤᠭᠤᠯᠤᠨ ᠪᠣᠳᠣᠨ᠎ᠠ᠂ ᠳᠠᠮᠢᠷ ᠤᠨ ᠤᠨᠴᠠ ᠠᠪᠢᠶᠠᠰ ᠲᠠᠢ ᠰᠤᠷᠤᠭᠴᠢ ᠶᠢᠨ ᠬᠠᠮᠤᠭ ᠤᠨ ᠳᠣᠣᠷ᠎ᠠ ᠬᠢᠵᠠᠭᠠᠷᠯᠬᠠᠤ ᠬᠤᠪᠢ ᠶᠢ ᠬᠤᠲᠠ ᠲᠣᠭᠤᠷᠢᠭ ᠤᠨ ᠨᠢᠭᠡᠳᠦᠯᠲᠡᠢ ᠡᠯᠰᠡᠬᠦ ᠬᠠᠮᠤᠭ ᠤᠨ ᠳᠣᠣᠷ᠎ᠠ ᠬᠢᠵᠠᠭᠠᠷᠯᠠᠬᠤ ᠬᠤᠪᠢ ᠶᠢᠨ 70% ᠪᠠᠷ ᠨᠤᠭᠤᠯᠤᠨ ᠪᠣᠳᠣᠨ᠎ᠠ᠃
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ