︽ᠵᠢᠵᠢᠭ ᠳᠡᠯᠭᠡᠭᠦᠷ ᠤᠨ ᠠᠵᠤ ᠠᠬᠤᠶ︾ ᠶᠢᠨ ᠬᠥᠭᠵᠢᠯᠲᠡ ᠶᠢ ᠠᠩᠬᠠᠷᠴᠤ ᠡᠵᠡᠩᠨᠡᠭᠴᠢᠳ ᠤᠨ ᠰᠡᠳᠬᠢᠯ ᠤᠨ ᠳᠠᠭᠤᠨ ᠢ ᠰᠣᠨᠣᠰᠤᠨ᠎ᠠ  ᠬᠦᠬᠡᠬᠤᠲᠠ ᠶᠢᠨ ᠨᠠᠮ ᠤᠨ ᠬᠤᠷᠢᠶᠠᠨ ᠤ ᠱᠦᠵᠢ ᠵᠢᠵᠢᠭ ᠳᠡᠯᠭᠡᠭᠦᠷ ᠤᠨ ᠡᠵᠡᠨ ᠲᠠᠢ ᠨᠢᠭᠤᠷᠳᠡᠨ ᠶᠠᠷᠢᠯᠴᠠᠪᠠ
ᠨᠡᠶᠢᠲᠡᠯᠡᠭᠰᠡᠨ ᠴᠠᠭ᠄
2020-08-05
      8 ᠰᠠᠷ᠎ᠠ ᠶᠢᠨ 3 ᠤ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠯᠢ ᠰᠢᠶᠠ ︽ᠵᠢᠵᠢᠭ ᠳᠡᠯᠭᠡᠭᠦᠷ ᠤᠨ ᠠᠵᠤ ᠠᠬᠤᠶ︾ ᠶᠢᠨ ᠬᠥᠭᠵᠢᠯᠲᠡ ᠶᠢᠨ ᠲᠤᠬᠠᠢ ᠪᠠᠶᠢᠴᠠᠭᠠᠨ ᠰᠤᠳᠤᠯᠤᠯᠳᠠ ᠬᠢᠭᠰᠡᠨ ᠤ ᠬᠠᠮᠳᠤ ᠶᠠᠷᠢᠯᠴᠠᠬᠤ ᠬᠤᠷᠠᠯ ᠬᠤᠷᠠᠯᠳᠤᠭᠤᠯᠬᠤ ᠳᠠᠭᠠᠨ᠄ ︽ᠣᠯᠠᠨ ᠢ ᠤᠷᠢᠵᠤ ᠠᠪᠴᠢᠷᠠᠬᠰᠠᠨ ᠨᠢ ᠳᠠᠷᠤᠶ ᠠᠵᠤ ᠠᠬᠤᠶᠢᠯᠠᠯ ᠤᠨ ᠡᠵᠡᠩᠨᠡᠯᠲᠡ ᠶᠢᠨ ᠪᠠᠶᠢᠳᠠᠯ ᠪᠣᠯᠤᠨ ᠣᠳᠣᠬᠠᠨ ᠳᠤ ᠲᠤᠯᠭᠠᠷᠠᠵᠤ ᠪᠠᠶᠢᠭ᠎ᠠ ᠭᠤᠤᠯ ᠠᠰᠠᠭᠤᠳᠠᠯ ᠵᠢᠴᠢ ᠨᠠᠮ ᠤᠨ ᠬᠤᠷᠢᠶ᠎ᠠ ᠵᠠᠰᠠᠭ ᠤᠨ ᠣᠷᠳᠣᠨ ᠤ ᠶᠠᠮᠠᠷᠰᠢᠦ ᠬᠠᠪᠰᠤᠷᠤᠯᠭ᠎ᠠ ᠲᠡᠮᠵᠢᠯᠭᠡ ᠶᠢ ᠣᠯᠬᠤ ᠶᠢ ᠬᠦᠰᠡᠵᠦ ᠪᠠᠶᠢᠭ᠎ᠠ ᠶᠢ ᠤᠶᠢᠯᠠᠭᠠᠶ᠎ᠠ ᠬᠡᠰᠡᠨ ᠶᠤᠮ᠂ ᠣᠯᠠᠨ ᠢᠶᠠᠷ ᠢᠶᠠᠨ ᠰᠡᠳᠬᠢᠯ ᠤᠨ ᠦᠭᠡ ᠪᠠᠨ ᠶᠠᠷᠢᠵᠦ᠂ ᠦᠨᠡᠨ ᠢᠶᠠᠨ ᠶᠠᠷᠢᠵᠦ᠂ ᠪᠤᠳᠠᠳᠠᠢ ᠠᠰᠠᠭᠤᠳᠠᠯ ᠢᠶᠠᠨ ᠶᠠᠷᠢᠬᠤ ᠪᠤᠯᠪᠠᠤ ᠁︾ ᠬᠡᠵᠦ ᠦᠨᠡᠨ ᠰᠡᠳᠬᠢᠯ ᠢᠶᠠᠨ ᠰᠢᠭᠤᠳ ᠲᠡᠯᠭᠡᠨ᠎ᠡ᠃      ᠯᠣᠤ ᠰᠦᠶ ᠶᠤᠸᠠᠨ ᠢᠳᠡᠭᠡᠨ ᠤᠮᠳᠠᠭᠠᠨ ᠤ ᠺᠣᠮᠫᠠᠨᠢ ᠶᠢᠨ ᠶᠡᠷᠦᠩᠬᠡᠶ ᠳᠠᠭᠠᠭᠠᠮᠠᠯ ᠵᠧᠤ ᠾᠧᠩ ᠴᠢᠶᠠᠩ᠄ ︽ᠬᠢᠵᠢᠭ ᠤᠨ ᠨᠥᠯᠥᠭᠡ ᠠᠴᠠ ᠪᠣᠯᠵᠤ ᠣᠳᠣᠬᠠᠨ ᠤ ᠪᠣᠷᠣᠯᠠᠭᠤᠯᠭ᠎ᠠ ᠶᠢᠨ ᠬᠡᠮᠵᠢᠶ᠎ᠡ ᠦᠡᠭᠭᠡᠷᠡᠭᠰᠡᠨ ᠤ 80% ᠳᠤ ᠯᠡ ᠬᠦᠷᠴᠦ ᠪᠤᠢ᠂ ᠲᠦᠷᠦᠬᠦᠦ ᠪᠠᠷ ᠵᠠᠰᠠᠭ ᠤᠨ ᠣᠷᠳᠣᠨ ᠠᠴᠠ ᠠᠷᠠᠳ ᠲᠤ ᠠᠰᠢᠭ ᠬᠦᠷᠲᠡᠭᠡᠬᠦ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠨᠡᠶᠢᠲᠡᠯᠡᠨ ᠬᠡᠷᠡᠭᠵᠢᠭᠦᠯᠦᠭᠰᠡᠨ ᠨᠢ ᠦᠷ᠎ᠡ ᠪᠦᠲᠦᠮᠵᠢ ᠪᠠᠷ ᠢᠯᠡᠳᠳᠡ ᠪᠠᠶᠢᠨ᠎ᠠ᠂ ᠦᠷᠭᠦᠯᠵᠢᠯᠡᠨ ᠬᠡᠷᠡᠭᠵᠢᠬᠦᠯᠬᠦ ᠶᠢ ᠬᠦᠰᠡᠵᠦ ᠪᠠᠶᠢᠨ᠎ᠠ︾ ᠬᠡᠵᠦ ᠬᠡᠯᠡᠪᠡ᠃ ᠲᠡᠷᠡ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠳᠤ᠂ ᠬᠥᠬᠡᠬᠤᠲᠠ ᠶᠢᠨ ᠱᠤᠤᠮᠠᠢ ᠶᠢᠨ ᠲᠥᠷᠥᠯ ᠲᠡᠮᠳᠡᠭ ᠢ ᠡᠮᠬᠢᠯᠡᠨ ᠨᠡᠶᠢᠯᠡᠭᠦᠯᠬᠦ ᠠᠵᠢᠯ ᠢ ᠴᠢᠩᠭᠠᠳᠬᠠᠵᠤ᠂ ᠱᠠ ᠰᠢᠶᠠᠨ ᠤ ᠵᠢᠵᠢᠭ ᠢᠳᠡᠭᠡᠨ ᠤ ᠠᠷᠭ᠎ᠠ ᠪᠠᠷᠢᠯ ᠢ ᠰᠤᠷᠤᠯᠴᠠᠨ ᠯᠠᠪᠯᠠᠵᠤ᠂ ᠳᠡᠯᠭᠡᠷᠡᠭᠦᠯᠬᠦ ᠡᠷᠴᠢᠮ ᠢᠶᠠᠨ ᠴᠢᠩᠭᠠᠷᠠᠭᠤᠯᠬᠤ ᠪᠠᠷ ᠳᠠᠮᠵᠢᠭᠤᠯᠤᠨ ᠬᠥᠬᠡᠬᠤᠲᠠ ᠶᠢᠨ ᠱᠤᠤᠮᠠᠢ ᠶᠢ ᠪᠥᠬᠦ ᠤᠯᠤᠰ ᠲᠤ ᠭᠠᠷᠭᠠᠬᠤ ᠰᠠᠨᠠᠭᠤᠯᠭ᠎ᠠ ᠭᠠᠷᠭᠠᠪᠠ᠃      ᠳ᠋ᠧ ᠱᠦᠨ ᠶᠤᠸᠠᠨ ᠢᠳᠡᠭᠡᠨ ᠤᠮᠳᠠᠭᠠᠨ ᠤ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠵᠠᠩ ᡁᠢ ᠴᠢᠶᠠᠩ᠂ ᠠᠨᠳᠠ ᠳᠥᠭᠦᠮ ᠳᠡᠯᠭᠡᠭᠦᠷ ᠤᠨ ᠶᠡᠷᠦᠩᠬᠡᠶ ᠳᠠᠭᠠᠭᠠᠮᠠᠯ ᠷᠧᠨ ᠭᠤᠧᠠᠩ ᠯᠢᠨ᠂ ᠯᠢ ᠺᠧ ᠳᠥᠭᠦᠮ ᠳᠡᠯᠭᠡᠭᠦᠷ ᠤᠨ ᠬᠡᠷᠡᠭ ᠮᠡᠳᠡᠭᠴᠢᠳ ᠤᠨ ᠳᠠᠷᠤᠭ᠎ᠠ ᠯᠢ ᠸᠧᠶ ᠪᠢᠨ᠂ ᠢ ᠲᠤᠸᠠᠨ ᠾᠦᠸᠧ ᠳᠥᠭᠦᠮ ᠳᠡᠯᠭᠡᠭᠦᠷ ᠤᠨ ᠶᠡᠷᠦᠩᠬᠡᠶ ᠳᠠᠭᠠᠭᠠᠮᠠᠯ ᠵᠠᠩ ᠵᠢᠶᠦ᠋ᠨ ᠹᠧᠩ᠂ ᠱᠧᠡᠭ ᠰᠢᠶᠠᠨ ᠲᠠᠷᠢᠶᠠᠯᠠᠩ ᠤᠨ ᠲᠠᠯᠠᠪᠠᠢ ᠶᠢᠨ ᠬᠡᠲᠦ ᠳᠡᠯᠭᠡᠭᠦᠷ ᠤᠨ ᠳᠡᠳ᠋ ᠶᠡᠷᠦᠩᠬᠡᠶ ᠵᠠᠬᠢᠷᠤᠯ ᠸᠠᠩ ᠯᠢ᠂ ᠮᠧᠩ ᠪᠡᠷᠭᠡᠨ ᠭᠡᠷ ᠤᠨ ᠶᠠᠪᠤᠳᠠᠯ ᠤᠨ ᠺᠣᠮᠫᠠᠨᠢ ᠶᠢᠨ ᠬᠡᠷᠡᠭ ᠮᠡᠳᠡᠭᠴᠢ ᠵᠠᠩ ᠯᠢ ᠴᠢᠩ ᠨᠡᠷ ᠨᠢᠭᠡ ᠨᠢᠭᠡᠨ ᠠᠴᠠ ᠪᠠᠨ ᠵᠠᠪᠳᠤᠨ ᠦᠭᠡ ᠬᠡᠯᠡᠪᠠ᠃ ᠲᠡᠳᠡ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠪᠠᠷᠠᠭ᠎ᠠ ᠶᠢᠨ ᠬᠦᠢᠯᠭᠡᠭᠡᠨ ᠤ ᠲᠡᠭᠡᠭᠡᠪᠦᠷᠢ ᠪᠠ ᠬᠦᠷᠭᠡᠯᠳᠡ᠂ ᠬᠡᠯᠬᠢᠶ᠎ᠡ ᠳᠡᠯᠭᠡᠭᠦᠷ ᠤᠨ ᠡᠵᠡᠩᠨᠡᠯᠲᠡ ᠶᠢ ᠬᠢᠨᠠᠨ ᠵᠥᠪᠰᠢᠶᠡᠷᠡᠬᠦ᠂ ᠲᠠᠷᠢᠶᠠᠴᠢᠨ ᠡᠷᠦᠬᠡ ᠠᠴᠠ ᠨᠢᠭᠡᠳᠦᠯᠳᠡᠢ ᠪᠠᠷ ᠬᠤᠳᠠᠯᠳᠤᠨ ᠠᠪᠬᠤ ᠵᠡᠷᠭᠡ ᠲᠠᠯ᠎ᠠ ᠪᠠᠷ ᠳᠡᠮᠵᠢᠯᠭᠡ ᠦᠵᠡᠭᠦᠯᠬᠦ ᠶᠢ ᠬᠦᠰᠡᠵᠡᠢ᠃ ᠳᠡᠭᠡᠷᠡᠬᠢ ᠠᠰᠠᠭᠤᠳᠠᠯ ᠳᠤ ᠴᠢᠭᠯᠡᠭᠦᠯᠦᠨ᠂ ᠰᠠᠶᠢᠬᠠᠨ ᠲᠣᠭᠤᠷᠢᠭ ᠤᠨ ᠵᠠᠰᠠᠭ ᠤᠨ ᠣᠷᠳᠣᠨ ᠪᠣᠯᠤᠨ ᠬᠤᠲᠠ ᠶᠢᠨ ᠵᠠᠰᠠᠭ ᠤᠨ ᠣᠷᠳᠣᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠠᠷ ᠲᠤᠬᠠᠶ ᠶᠢᠨ ᠲᠠᠯᠠᠪᠤᠷ ᠲᠤ ᠬᠠᠷᠢᠭᠤᠯᠲᠠ ᠥᠭᠪᠡ᠃      ᠸᠠᠩ ᠯᠢ ᠰᠢᠶᠠ᠂ ᠵᠢᠵᠢᠭ ᠳᠡᠯᠭᠡᠭᠦᠷ ᠤᠨ ᠠᠵᠤ ᠠᠬᠤᠶ ᠪᠣᠯ ᠬᠤᠲᠠ ᠶᠢᠨ ᠶᠡᠷᠦᠩᠬᠡᠶ ᠠᠵᠤ ᠠᠬᠤᠶ ᠶᠢᠨ ᠬᠢᠯᠭᠠᠰᠤᠨ ᠰᠤᠳᠠᠯ᠂ ᠠᠵᠤ ᠠᠬᠤᠶ ᠶᠢᠨ ᠠᠵᠢᠯᠯᠠᠭᠠᠨ ᠤ ᠬᠥᠳᠡᠯᠭᠡᠬᠦ ᠬᠦᠴᠦᠨ ᠮᠦᠨ᠃ ᠮᠥᠨᠴᠦ ᠬᠤᠲᠠ ᠶᠢᠨ ᠠᠵᠤ ᠠᠬᠤᠶ ᠶᠢᠨ ᠣᠯᠠᠨ ᠡᠰᠢᠵᠢᠬᠦ ᠪᠠ ᠰᠢᠨ᠎ᠡ ᠶᠢ ᠡᠭᠦᠳᠦᠨ ᠬᠦᠭᠵᠢᠬᠦ ᠶᠢ ᠠᠬᠢᠭᠤᠯᠬᠤ ᠴᠢᠬᠤᠯᠠ ᠲᠣᠭᠲᠠᠴᠠ ᠪᠣᠯᠤᠨ᠎ᠠ᠃ ᠲᠡᠭᠦᠨ ᠤ ᠡᠷᠡᠭᠦᠯ ᠢᠶᠠᠷ ᠦᠰᠦᠨ ᠪᠤᠶᠢᠵᠢᠬᠤ ᠶᠠᠪᠤᠳᠠᠯ ᠨᠢ ᠳᠤᠮᠳᠠ ᠪᠠᠭ᠎ᠠ ᠵᠢᠵᠢᠭ ᠠᠵᠤ ᠠᠬᠤᠶᠢᠯᠠᠯ ᠤᠶᠠᠨ ᠬᠠᠳᠠᠨ ᠴᠢᠨᠠᠷ ᠲᠠᠢ  ᠪᠠᠶᠢᠬᠤ ᠶᠢᠨ ᠰᠢᠭᠤᠳ ᠢᠯᠡᠷᠡᠯ ᠪᠣᠯᠬᠤ ᠪᠠᠷ ᠪᠠᠷᠠᠬᠤ ᠦᠭᠡᠢ᠂ ᠨᠡᠩ ᠴᠤ ᠭᠠᠵᠠᠷ ᠣᠷᠣᠨ ᠤ ᠠᠵᠤ ᠠᠬᠤᠶ ᠶᠢᠨ ᠯᠤᠲᠤ ᠶᠡᠭᠡ ᠠᠮᠢᠵᠢᠷᠠᠯ ᠤᠨ ᠬᠦᠴᠦᠨ ᠢ ᠪᠤᠢ ᠪᠣᠯᠭᠠᠬᠤ ᠶᠢᠨ ᠠᠮᠢᠳᠤᠯᠢᠭ ᠲᠠᠶᠢᠯᠪᠤᠷᠢ ᠪᠣᠯᠤᠨ᠎ᠠ ᠬᠡᠵᠦ ᠵᠢᠭᠠᠵᠤ ᠭᠠᠷᠭᠠᠪᠠ᠃      ᠸᠠᠩ ᠯᠢ ᠰᠢᠶᠠ᠂ ᠣᠳᠣᠬᠠᠨ ᠳᠤ ᠬᠢᠵᠢᠭ ᠢ ᠪᠠᠶᠢᠩᠭᠤ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠬᠦ ᠵᠠᠩᠭᠢᠯᠠᠭ᠎ᠠ ᠶᠢᠨ ᠬᠤᠭᠤᠴᠠᠭᠠᠨ ᠳᠤ ᠣᠷᠣᠭᠠᠳ ᠪᠠᠶᠢᠬᠤ ᠲᠤᠯᠠ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠲᠠᠨᠢᠯᠲᠠ ᠪᠠᠨ ᠳᠡᠭᠡᠭᠰᠢᠯᠡᠭᠦᠯᠵᠦ᠂ ᠶᠡᠷᠦᠩᠬᠡᠶ ᠱᠦᠵᠢ ᠰᠢ ᠶᠢᠨ ᠫᠢᠩ ᠤᠨ ᠠᠵᠤ ᠠᠬᠤᠶᠢᠯᠠᠯᠲᠠᠨ ᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠤᠨ ᠨᠠᠢᠳᠠᠪᠤᠷᠢᠵᠢᠭᠤᠯᠵᠤ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠠᠷᠭ᠎ᠠ ᠠᠪᠴᠠᠯ ᠢ ᠨᠢᠮᠪᠠᠶ ᠰᠤᠳᠤᠯᠵᠤ᠂ ᠵᠢᠵᠢᠭ ᠳᠡᠯᠭᠡᠭᠦᠷ ᠤᠨ ᠰᠢᠨ᠎ᠡ ᠶᠢ ᠡᠭᠦᠳᠦᠨ ᠡᠵᠡᠩᠨᠡᠬᠦ᠂ ᠴᠢᠨᠠᠷ ᠰᠠᠶᠢᠲᠠᠶ ᠲᠠᠸᠠᠷ ᠪᠣᠯᠤᠨ ᠦᠢᠯᠡᠴᠢᠯᠡᠭᠡᠨ ᠤ ᠬᠠᠩᠭᠠᠯᠭ᠎ᠠ ᠶᠢ ᠪᠠᠶᠠᠯᠢᠭᠵᠢᠭᠤᠯᠬᠤ ᠶᠢ ᠵᠣᠷᠢᠭᠵᠢᠭᠤᠯᠬᠤ ᠮᠦᠷᠳᠡᠭᠡᠨ ᠪᠠᠰᠠ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠳᠤ ᠲᠥᠷᠥ ᠶᠢᠨ ᠪᠣᠳᠣᠯᠭ᠎ᠠ ᠶᠢᠨ ᠳᠡᠮᠵᠢᠯᠭᠡ ᠬᠠᠩᠭᠠᠵᠤ᠂ ᠬᠤᠳᠠᠯᠳᠤᠭ᠎ᠠ ᠡᠵᠡᠩᠨᠡᠬᠦ ᠰᠠᠶᠢᠨ ᠰᠠᠶᠢᠬᠠᠨ ᠣᠷᠴᠢᠨ ᠲᠤᠭᠤᠷᠢᠨ ᠢ ᠪᠦᠷᠢᠯᠳᠦᠬᠦᠯᠵᠦ᠂ ᠠᠵᠤ ᠠᠬᠤᠶᠢᠯᠠᠯ ᠢ ᠦᠨᠡᠨᠬᠦ ᠬᠠᠪᠰᠤᠷᠤᠨ ᠬᠦᠴᠢᠷᠳᠡᠯ ᠠᠴᠠ ᠨᠢ ᠠᠩᠭᠢᠵᠢᠷᠠᠭᠤᠯᠬᠤ ᠬᠡᠷᠡᠭᠳᠡᠢ ᠬᠡᠵᠦ ᠴᠢᠬᠤᠯᠠᠴᠢᠯᠠᠵᠠᠢ᠃      ᠶᠠᠷᠢᠯᠴᠠᠬᠤ ᠬᠤᠷᠠᠯ ᠠᠴᠠ ᠡᠮᠦᠨ᠎ᠡ᠂ ᠸᠠᠩ ᠯᠢ ᠰᠢᠶᠠ ᠸᠠᠨ ᠳ᠋ᠠ ᠬᠤᠳᠠᠯᠳᠤᠭᠠᠨ ᠤ ᠲᠡᠯᠭᠡᠬᠦᠷ ᠤᠨ ᠶᠠᠪᠠᠭᠠᠨ ᠢᠶᠠᠷ ᠶᠠᠪᠤᠬᠤ ᠵᠡᠭᠡᠯᠢ ᠳᠠᠬᠢ ᠠᠨᠳᠠ ᠳᠥᠭᠦᠮ ᠳᠡᠯᠭᠡᠭᠦᠷ ᠪᠣᠯᠤᠨ ᠠᠮᠢᠳᠤᠷᠠᠯ ᠤᠨ ᠣᠷᠳᠣᠨ᠂ ᠮᠢᠶᠣᠣ ᠮᠢᠶᠣᠣ ᠵᠢᠮᠢᠰ ᠤᠨ ᠳᠡᠯᠭᠡᠭᠦᠷ᠂ ᠢ ᠸᠧᠢ ᠦᠬᠡᠷ ᠤᠨ ᠮᠢᠬᠠᠨ ᠮᠢᠶᠠᠨᠲ᠋ᠢᠶᠣᠤᠷ ᠤᠨ ᠭᠤᠧᠠᠨᠵᠠ᠂ ᠱᠠᠨᠰᠢ ᠶᠢᠨ ᠲᠦᠩ ᠭᠤᠸᠠᠨ ᠮᠢᠬ᠎ᠠ ᠬᠠᠪᠴᠢᠭᠤᠯᠤᠭᠰᠠᠨ ᠮᠠᠨᠲᠠᠤ ᠶᠢᠨ ᠲᠡᠯᠭᠡᠬᠦᠷ ᠵᠡᠷᠭᠡ ᠳᠡᠯᠭᠡᠭᠦᠷ ᠤᠳ ᠲᠤ ᠬᠦᠷᠴᠦ᠂ ᠡᠵᠡᠩᠨᠡᠭᠴᠢᠳ ᠲᠠᠢ ᠳᠣᠲᠣᠨᠣᠰᠤᠭ ᠢᠶᠠᠷ ᠶᠠᠷᠢᠯᠴᠠᠵᠤ᠂ ᠣᠷᠴᠢᠨ ᠲᠣᠭᠤᠷᠢᠨ ᠤ ᠬᠢᠨᠢ ᠡᠷᠡᠭᠦᠯ ᠬᠠᠮᠠᠭᠠᠯᠠᠯ ᠢ ᠪᠠᠶᠢᠴᠠᠭᠠᠨ ᠦᠵᠡᠬᠦ ᠳᠡᠭᠡᠨ᠂ ᠣᠯᠠᠨ ᠢᠶᠠᠷ ᠢᠶᠠᠨ ᠨᠠᠩ ᠰᠠᠶᠢᠨ ᠡᠵᠡᠩᠨᠡᠯᠲᠡ ᠶᠢᠨ ᠣᠷᠴᠢᠨ ᠲᠣᠭᠤᠷᠢᠨ ᠪᠠ ᠴᠢᠨᠠᠷ ᠰᠠᠶᠢᠲᠠᠶ ᠦᠢᠯᠡᠴᠢᠯᠡᠭᠡ ᠪᠠᠷ ᠢᠶᠠᠨ ᠨᠠᠩ ᠣᠯᠠᠨ ᠵᠣᠴᠢᠳ ᠲᠤ ᠲᠠᠭᠠᠰᠢᠶᠠᠬᠳᠠᠬᠤ ᠶᠢ ᠰᠠᠨᠠᠭᠤᠯᠪᠠ᠃    ᠸᠠᠩ ᠯᠢ ᠰᠢᠶᠠ ᠪᠠᠰᠠ ᠶᠠᠪᠠᠭᠠᠨ ᠢᠶᠠᠷ ᠶᠠᠪᠤᠬᠤ ᠵᠡᠭᠡᠯᠢ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠵᠠᠰᠠᠯᠲᠠ ᠶᠢ ᠴᠢᠩᠭᠠᠳᠬᠠᠵᠤ᠂ ᠠᠷᠠᠳ ᠲᠤ ᠨᠠᠩ ᠲᠥᠬᠦᠮ ᠦᠵᠡᠭᠦᠯᠵᠦ ᠠᠷᠠᠳ ᠲᠤ ᠨᠡᠩ ᠠᠰᠢᠭ ᠬᠦᠷᠲᠡᠭᠡᠬᠦ ᠪᠠᠷ ᠭᠤᠤᠯᠳᠠᠯᠭ᠎ᠠ ᠪᠤᠯᠭᠠᠨ ᠪᠥᠬᠦ ᠲᠠᠯ᠎ᠠ ᠶᠢᠨ ᠶᠠᠰᠤ ᠴᠢᠨᠠᠷ ᠢᠶᠠᠨ ᠳᠡᠭᠡᠭᠰᠢᠯᠡᠭᠦᠯᠬᠦ ᠲᠤᠬᠠᠢ ᠪᠣᠳᠠᠲᠠᠶ ᠱᠠᠭᠠᠷᠳᠠᠯᠭ᠎ᠠ ᠲᠤᠷᠠᠳᠤᠬᠰᠠᠨ ᠪᠠᠶᠢᠨ᠎ᠠ᠃ ︵ᠬᠥᠬᠡᠬᠤᠲᠠ ᠶᠢᠨ ᠡᠳᠦᠷ ᠤᠨ ᠰᠣᠨᠢᠨ ᠤ ᠰᠤᠷᠪᠤᠯᠵᠢᠯᠠᠭᠴᠢ ᠹᠧᠩ ᠶᠠᠨ ᠫᠢᠩ︶
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号