ᠲᠥᠪ ᠬᠤᠲᠠ ᠶᠢᠨ ᠮᠧᠲᠷᠤ᠋᠂ ᠨᠡᠶᠢᠲᠡ ᠶᠢᠨ ᠮᠠᠰᠢᠨ ᠳᠡᠭᠡᠷ᠎ᠡ ︽ᠬᠥᠬᠡᠬᠤᠲᠠ ᠶᠢᠨ ᠡᠳᠦᠷ ᠤᠨ ᠰᠣᠨᠢᠨ︾ ︽ᠬᠥᠬᠡᠬᠤᠲᠠ ᠶᠢᠨ ᠣᠷᠣᠢ ᠶᠢᠨ ᠰᠣᠨᠢᠨ︾ ᠢ ᠦᠨ᠎ᠡ ᠲᠦᠯᠦᠪᠦᠷᠢ ᠦᠭᠡᠢ ᠦᠵᠡᠵᠦ ᠪᠣᠯᠣᠨ᠎ᠠ
ᠨᠡᠶᠢᠲᠡᠯᠡᠭᠰᠡᠨ ᠴᠠᠭ᠄
2020-08-05
     ᠣᠶᠢᠯᠭᠠᠭᠰᠠᠨ ᠢᠶᠠᠷ᠂ ᠨᠠᠮ ᠤᠨ ᠴᠢᠭᠯᠡᠯᠲᠡ ᠱᠤᠭᠤᠮ᠂ ᠲᠥᠷᠥ ᠶᠢᠨ ᠪᠣᠳᠣᠯᠭ᠎ᠠ ᠬᠠᠤᠯᠢ ᠳᠦᠷᠢᠮ ᠢ ᠨᠠᠩ ᠰᠠᠶᠢᠨ ᠤᠬᠠᠭᠤᠯᠵᠤ᠂ ᠵᠥᠪ ᠡᠨᠧᠷᠭᠢ ᠶᠢ ᠤᠯᠠᠮᠵᠢᠯᠠᠵᠤ᠂ ᠦᠨᠡᠨ ᠰᠠᠶᠢᠨ ᠰᠠᠶᠢᠬᠠᠨ ᠢ ᠪᠠᠳᠠᠷᠠᠭᠤᠯᠵᠤ᠂ ᠬᠤᠲᠠ ᠶᠢᠨ ᠠᠷᠠᠳ ᠲᠤ ᠮᠠᠨ ᠤ ᠬᠤᠲᠠ ᠶᠢᠨ ᠡᠯ᠎ᠡ ᠵᠦᠢᠯ ᠤᠨ ᠠᠵᠢᠯ ᠢ ᠤᠯᠠᠮ ᠨᠢᠭᠡ ᠠᠯᠬᠤᠮ ᠣᠶᠢᠯᠠᠭᠠᠭᠤᠯᠬᠤ ᠶᠢᠨ ᠲᠥᠯᠥᠭᠡ ᠂ 5 ᠳ᠋ᠤᠭᠠᠷ ᠰᠠᠷ᠎ᠠ ᠶᠢᠨ 18 ᠤ ᠡᠳᠦᠷ ᠠᠴᠠ ᠡᠬᠢᠯᠡᠨ᠂ ᠬᠥᠬᠡᠬᠤᠲᠠ ᠶᠢᠨ ᠡᠳᠦᠷ ᠤᠨ ᠰᠣᠨᠢᠨ ᠤ ᠬᠤᠷᠢᠶ᠎ᠠ ᠮᠧᠲᠷᠤ᠋ ᠶᠢᠨ ᠤᠯᠠᠭᠠᠨᠬᠦᠦ ᠶᠢᠨ ᠳᠤᠷᠠᠰᠬᠠᠯ ᠤᠨ ᠣᠷᠳᠣᠨ ᠠᠴᠠ ᠵᠡᠭᠦᠨᠰᠢᠬᠢ  ᠥᠷᠲᠡᠭᠡ ᠪᠣᠯᠭᠠᠨ ᠳᠤ ᠰᠣᠨᠢᠨ ᠤ ᠲᠠᠯᠪᠢᠭᠤᠷ ᠲᠣᠬᠢᠷᠠᠭᠤᠯᠵᠤ᠂ ᠡᠳᠦᠷ ᠪᠦᠷᠢ ᠲᠤᠰᠬᠠᠶ ᠬᠥᠮᠦᠨ ᠲᠤᠰ ᠡᠳᠦᠷ ᠤᠨ ︽ᠬᠥᠬᠡᠬᠤᠲᠠ ᠶᠢᠨ ᠡᠳᠦᠷ ᠤᠨ ᠰᠣᠨᠢᠨ︾ ᠪᠣᠯᠤᠨ ︽ᠬᠥᠬᠡᠬᠤᠲᠠ ᠶᠢᠨ ᠣᠷᠣᠢ ᠶᠢᠨ ᠰᠣᠨᠢᠨ︾ ᠢ ᠬᠦᠷᠭᠡᠵᠦ᠂ ᠠᠶᠠᠨᠴᠢᠳ ᠤᠨ ᠰᠣᠨᠢᠨ ᠦᠵᠡᠬᠦ ᠳᠤ ᠦᠢᠯᠡᠴᠢᠯᠡᠬᠦ ᠪᠤᠯᠤᠨ᠎ᠠ᠃ 5 ᠳ᠋ᠤᠭᠠᠷ ᠰᠠᠷ᠎ᠠ ᠶᠢᠨ 26 ᠤ ᠡᠳᠦᠷ ᠠᠴᠠ ᠡᠬᠢᠯᠡᠨ᠂ ᠬᠥᠬᠡᠬᠤᠲᠠ ᠶᠢᠨ ᠡᠳᠦᠷ ᠤᠨ ᠰᠣᠨᠢᠨ ᠤ ᠬᠤᠷᠢᠶ᠎ᠠ ᠪᠠᠰᠠ ᠮᠠᠨ ᠤ ᠬᠤᠲᠠ ᠶᠢᠨ 62 ᠵᠠᠮ ᠱᠤᠭᠤᠮ ᠤᠨ 1233 ᠨᠡᠶᠢᠲᠡ ᠶᠢᠨ ᠮᠠᠰᠢᠨ ᠲᠡᠷᠭᠡᠨ ᠳᠡᠭᠡᠷ᠎ᠡ ᠰᠣᠨᠢᠨ ᠤ ᠤᠭᠤᠲᠠ ᠲᠠᠯᠪᠢᠵᠤ᠂ ᠠᠶᠠᠨᠴᠢᠳ ᠲᠤ ︽ᠬᠥᠬᠡᠬᠤᠲᠠ ᠶᠢᠨ ᠡᠳᠦᠷ ᠤᠨ ᠰᠣᠨᠢᠨ︾ ︽ᠬᠥᠬᠡᠬᠤᠲᠠ ᠶᠢᠨ ᠣᠷᠣᠶ ᠶᠢᠨ ᠰᠣᠨᠢᠨ︾ ᠢ ᠦᠨ᠎ᠡ ᠲᠥᠯᠥᠪᠦᠷᠢ ᠥᠬᠡᠶ ᠬᠠᠩᠭᠠᠪᠠ᠃ ᠲᠥᠯᠥᠪᠦᠷᠢ ᠦᠭᠡᠶ ᠪᠠᠷ ᠰᠤᠨᠢᠨ ᠥᠭᠭᠦ ᠶᠢ ᠨᠢᠭᠡ ᠬᠡᠰᠡᠭ ᠬᠤᠭᠤᠴᠠᠭ᠎ᠠ ᠬᠡᠷᠡᠭᠵᠢᠭᠦᠯᠦᠭᠰᠡᠨ ᠠᠴᠠ ᠨᠠᠭᠠᠰᠢ᠂ ᠬᠤᠲᠠ ᠶᠢᠨ ᠠᠷᠠᠳ ᠤᠨ ᠬᠦᠷᠢᠶᠡᠯᠡᠯ ᠪᠠ ᠮᠠᠭᠲᠠᠭᠠᠯ ᠢ ᠣᠯᠵᠠᠶ᠃ ᠮᠠᠰᠢ ᠣᠯᠠᠨ ᠬᠤᠲᠠ ᠶᠢᠨ ᠠᠷᠠᠳ ᠲᠤᠰ ᠡᠳᠦᠷ ᠤᠨ ᠰᠣᠨᠢᠨ ᠢ ᠬᠠᠩᠭᠠᠬᠤ  ᠨᠢ ᠬᠤᠲᠠ ᠶᠢᠨ ᠠᠷᠠᠳ ᠲᠤ ᠠᠪᠴᠤ ᠬᠡᠯᠡᠪᠡᠯ ᠶᠡᠭᠡ ᠰᠠᠶᠢᠨ ᠶᠠᠪᠤᠳᠠᠯ ᠶᠤᠮ᠃ ᠲᠡᠷᠭᠡᠨ  ᠳᠡᠭᠡᠨ  ᠰᠠᠭᠤᠭᠠᠳ ᠰᠣᠨᠢᠨ ᠮᠡᠳᠡᠭᠡ ᠪᠠᠰᠠ ᠣᠩᠰᠢᠴᠢᠬᠠᠨ᠎ᠠ᠂ ᠨᠢᠭᠡ ᠯᠡ ᠳᠡᠭᠡᠷ᠎ᠡ ᠬᠤᠶᠠᠷ ᠢ ᠠᠮᠵᠢᠭᠤᠯᠴᠢᠬᠠᠨ᠎ᠠ ᠭᠡᠵᠡᠭᠡᠵᠦ  ᠪᠠᠶᠢᠯ᠎ᠠ᠃ ᠨᠢᠭᠡᠨ ᠨᠡᠶᠢᠲᠡ ᠶᠢᠨ ᠮᠠᠰᠢᠨ ᠲᠡᠷᠭᠡᠨ ᠤ ᠵᠢᠯᠣᠭᠤᠴᠢ ᠰᠤᠷᠪᠤᠯᠵᠢᠯᠠᠭᠴᠢ ᠳᠤ ᠬᠡᠯᠡᠬᠦ ᠳᠡᠭᠡᠨ᠂ ᠡᠨᠡ ᠬᠦ ᠰᠣᠨᠢᠨ ᠤ ᠤᠭᠤᠲᠠ ᠲᠠᠢ ᠪᠣᠯᠤᠭᠰᠠᠨ ᠠᠴᠠ ᠬᠤᠶᠢᠰᠢ᠂ ᠮᠠᠰᠢ ᠣᠯᠠᠨ ᠠᠶᠠᠨᠴᠢᠳ ᠲᠡᠷᠭᠡᠨ ᠳᠤ ᠭᠠᠷᠤᠭᠰᠠᠨ ᠤ ᠳᠠᠷᠠᠭ᠎ᠠ ᠪᠦᠷ ᠭᠠᠷ ᠤᠨ ᠠᠶ᠎ᠠ ᠪᠠᠷ ᠨᠢᠭᠡ ᠰᠣᠨᠢᠨ ᠠᠪᠴᠤ ᠤᠩᠰᠢᠳᠠᠭ ᠪᠣᠯᠵᠤ᠂ ᠨᠡᠶᠢᠲᠡ ᠶᠢᠨ ᠮᠠᠰᠢᠨ ᠲᠡᠷᠭᠡᠨ ᠳᠡᠭᠡᠷ᠎ᠡ ᠰᠣᠨᠢᠨ ᠤᠩᠰᠢᠬᠤ ᠦᠷᠨᠢᠯᠲᠡ ᠭᠠᠷᠤᠯ᠎ᠠ ᠭᠡᠵᠦ ᠪᠠᠶᠢᠪᠠ᠃ᠰᠤᠷᠪᠤᠯᠵᠢᠯᠠᠭᠴᠢ ᠶᠦᠨ ᠶᠠᠨ ᠹᠠᠩ ᠰᠡᠭᠦᠳᠡᠷᠯᠡᠪᠡ
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号