ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠪᠤᠤ ᠰᠠᠷᠠᠭᠤᠯ︶ ᠣᠶᠢᠷ᠎ᠠ ᠳᠤ᠂ | ︽ᠮᠤᠩᠭᠤᠯ ᠮᠤᠷᠢᠨ ᠤ ᠵᠤᠷᠢᠭ ᠰᠠᠨᠠᠭ᠎ᠠ ᠶᠢ ᠪᠠᠳᠠᠷᠠᠭᠤᠯᠤᠶ᠎ᠠ︾ ᠴᠢᠨᠡᠭᠡᠯᠢᠭ ᠠᠮᠢᠳᠤᠷᠠᠯ ᠢ ᠪᠦᠬᠦ ᠲᠠᠯ᠎ᠠ ᠪᠠᠷ | ᠪᠠᠶᠢᠭᠤᠯᠬᠤ ᠳᠤ ᠬᠦᠴᠦᠨ ᠨᠡᠮᠡᠷᠢᠯᠡᠬᠦ ᠭᠤᠤᠯ ᠰᠡᠳᠦᠪᠲᠦ ᠤᠷᠠᠨ ᠵᠢᠷᠤᠭ ᠤᠷᠠᠨ ᠪᠢᠴᠢᠯᠭᠡ ᠶᠢᠨ ᠦᠵᠡᠭᠦᠯᠭᠡ ᠦᠪᠦᠷ | ᠮᠤᠩᠭᠤᠯ ᠤᠨ ᠤᠷᠠᠨ ᠵᠢᠷᠤᠭ ᠤᠨ ᠤᠷᠳᠤᠨ ᠳᠤ ᠪᠤᠯᠪᠠ᠃ | ᠲᠤᠰ ᠦᠵᠡᠭᠦᠯᠭᠡ ᠶᠢᠨ ᠪᠦᠲᠦᠭᠡᠯ ᠤᠳ ᠢ ᠦᠪᠡᠷᠳᠡᠭᠡᠨ ᠵᠠᠰᠠᠬᠤ ᠤᠷᠤᠨ ᠤ ᠰᠤᠶᠤᠯ ᠳᠡᠦᠭᠡ ᠶᠢᠨ | ᠰᠤᠳᠤᠯᠭᠠᠨ ᠤ ᠤᠷᠳᠤᠨ ᠤ ᠠᠵᠢᠯᠳᠠᠳ ᠰᠤᠳᠤᠯᠭᠠᠳᠠᠳ ᠤᠨ ᠵᠢᠯ ᠭᠠᠷᠤᠢ ᠬᠤᠭᠤᠴᠠᠭᠠᠨ ᠳᠤ ᠵᠤᠬᠢᠶᠠᠨ | ᠪᠦᠳᠦᠭᠡᠭᠰᠡᠨ ᠰᠢᠯᠢᠳᠡᠭ ᠪᠦᠳᠦᠭᠡᠯ ᠠᠴᠠ ᠰᠤᠩᠭᠤᠭᠰᠠᠨ ᠪᠠᠶᠢᠵᠤ᠂ ᠲᠡᠳᠡᠨᠡᠷ ᠤᠨ ᠠᠮᠢᠳᠤᠷᠠᠯ ᠳᠤ ᠬᠦᠨᠵᠡᠭᠡᠶᠢᠷᠡᠨ | ᠠᠷᠠᠳ ᠲᠦᠮᠡᠨ ᠳᠤ ᠤᠢᠢᠷᠠᠳᠤᠵᠤ᠂ ᠨᠠᠷᠢᠨ ᠰᠤᠳᠤᠯᠵᠤ ᠨᠢᠮᠪᠠᠢ ᠵᠢᠷᠤᠭᠰᠠᠨ ᠤ ᠦᠷ᠎ᠡ ᠪᠦᠳᠦᠮᠵᠢ ᠪᠤᠯᠬᠤ ᠶᠤᠮ᠃ | ᠡᠳᠡᠭᠡᠷ ᠪᠦᠳᠦᠭᠡᠯ ᠤᠳ ︽ᠮᠤᠩᠭᠤᠯ ᠮᠤᠷᠢᠨ ᠤ ᠵᠤᠷᠢᠭ ᠰᠠᠨᠠᠭ᠎ᠠ ᠶᠢ ᠪᠠᠳᠠᠷᠠᠭᠤᠯᠤᠶ᠎ᠠ︾ ᠴᠢᠨᠡᠭᠡᠯᠢᠭ ᠠᠮᠢᠳᠤᠷᠠᠯ ᠢ | ᠪᠦᠬᠦ ᠲᠠᠯ᠎ᠠ ᠪᠠᠷ ᠪᠠᠶᠢᠭᠤᠯᠬᠤ ᠳᠤ ᠬᠦᠴᠦᠨ ᠨᠡᠮᠡᠷᠢᠯᠡᠬᠦ ᠭᠤᠤᠯ ᠰᠡᠳᠦᠪ ᠢ ᠬᠦᠢᠴᠡᠳ ᠬᠠᠷᠠᠭᠤᠯᠵᠦ᠂ ᠦᠪᠡᠷᠳᠡᠭᠡᠡ | ᠵᠠᠰᠠᠬᠤ ᠤᠷᠤᠨ ᠤ ᠴᠢᠨᠡᠭᠡᠯᠢᠭ ᠠᠮᠢᠳᠤᠷᠠᠯ ᠢ ᠪᠦᠬᠦ ᠲᠠᠯ᠎ᠠ ᠪᠠᠷ ᠴᠤᠭᠴᠠᠯᠠᠨ᠂ ᠶᠠᠳᠠᠭᠤ ᠠᠴᠠ ᠠᠩᠬᠢᠵᠢᠷᠠᠭᠤᠯᠬᠤ | ᠪᠤᠭᠤᠮᠳᠠ ᠰᠢᠪᠳᠤᠯᠬᠤ ᠲᠠᠶᠢᠯᠠᠯᠳᠤᠭᠠᠨ ᠤ ᠢᠯᠡᠯᠳᠡ ᠶᠢ ᠤᠯᠬᠤ ᠵᠤᠷᠢᠭ ᠬᠦᠴᠦᠨ ᠢᠶᠠᠨ ᠨᠢᠭᠡᠳᠭᠡᠬᠦ ᠳᠤ ᠰᠤᠶᠤᠯ | ᠤᠷᠠᠯᠢᠭ ᠤᠨ ᠬᠦᠴᠦᠨ ᠨᠡᠮᠡᠷᠢᠯᠡᠭᠰᠡᠨ ᠪᠠᠶᠢᠨ᠎ᠠ᠃ | ᠲᠤᠰ ᠦᠵᠡᠭᠦᠯᠭᠡ ᠨᠢ ᠪᠠᠰᠠ ᠨᠢᠭᠡᠨ ᠲᠠᠯ᠎ᠠ ᠪᠠᠷ ᠦᠪᠦᠷ ᠮᠣᠩᠭᠤᠯ ᠤᠨ ᠤᠷᠠᠨ ᠵᠢᠷᠤᠭ ᠤᠨ ᠤᠷᠳᠤᠨ ᠳᠤ | ᠶᠠᠳᠠᠭᠤ ᠠᠴᠠ ᠠᠩᠬᠢᠵᠢᠷᠠᠭᠤᠯᠤᠨ ᠴᠢᠨᠡᠭᠡᠯᠢᠭ ᠠᠮᠢᠳᠤᠷᠠᠯ ᠢ ᠪᠠᠶᠢᠭᠤᠯᠬᠤ ᠳᠤ ᠰᠣᠶᠣᠯ ᠤᠨ ᠡᠯᠧᠮᠧᠨ᠋ᠲ ᠢ | ᠨᠡᠮᠡᠷᠢᠯᠡᠬᠦ ᠨᠢ ᠶᠠᠷᠢᠶᠠᠨ ᠦᠭᠡᠢ ᠶᠤᠮ᠃ ᠦᠪᠦᠷ ᠮᠣᠩᠭᠤᠯ ᠤᠨ ᠤᠷᠠᠨ ᠵᠢᠷᠤᠭ ᠤᠨ ᠤᠷᠳᠤᠨ ᠪᠤᠯ ᠮᠠᠨ ᠤ ᠤᠷᠤᠨ ᠤ | ᠤᠳᠬ᠎ᠠ ᠤᠷᠠᠯᠢᠭ ᠤᠨ ᠹᠷᠤᠨᠲ ᠤᠨ ᠴᠢᠬᠤᠯᠠ ᠨᠢᠭᠡᠨ ᠳᠠᠪᠴᠠᠩ ᠪᠠᠶᠢᠵᠤ᠂ ᠪᠦᠬᠦ ᠤᠷᠤᠨ ᠤ | ᠦᠨᠳᠦᠰᠦᠲᠡᠨ ᠨᠦᠭᠦᠳ ᠤᠨ ᠰᠤᠶᠤᠯ ᠤᠷᠠᠯᠢᠭ᠂ ᠰᠤᠳᠤᠯᠭᠠᠨ ᠰᠢᠨᠵᠢᠯᠡᠭᠡᠨ᠂ ᠰᠤᠷᠭᠠᠨ ᠬᠦᠮᠦᠵᠢᠯ ᠵᠡᠷᠭᠡ ᠶᠢᠨ | ᠦᠷ᠎ᠡ ᠪᠦᠲᠦᠭᠡᠯ ᠢ ᠴᠠᠭ ᠲᠤᠬᠠᠢ ᠳᠤᠨᠢ ᠳᠡᠯᠭᠡᠨ ᠦᠵᠡᠭᠦᠯᠵᠤ᠂ ᠦᠪᠡᠷᠳᠡᠭᠡᠨ ᠵᠠᠰᠠᠬᠤ ᠤᠷᠤᠨ ᠤ ᠤᠳᠬ᠎ᠠ | ᠤᠷᠠᠯᠢᠭ ᠤᠨ ᠬᠦᠭᠵᠢᠯᠳᠡ ᠶᠢᠨ ᠪᠠᠳᠤ ᠪᠠᠬᠢ ᠰᠠᠭᠤᠷᠢᠨ ᠭᠠᠵᠠᠷ ᠪᠤᠯᠤᠭᠰᠠᠨ ᠪᠠᠶᠢᠳᠠᠭ ᠶᠤᠮ᠃ |